ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ  -   《 ᠬᠣᠶᠠᠷ ᠰᠠᠭᠤᠷᠢᠨ ᠭᠠᠵᠠᠷ 》
ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ ᠳᠠᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ ᠳᠠᠢᠨ ᠢᠯᠠᠯᠲᠠ ᠣᠯᠤᠭ᠍ᠰᠠᠨ 80 ᠵᠢᠯ᠎ᠦᠨ ᠣᠶ᠎ᠶ᠋ᠢ ᠳᠤᠷᠠᠰᠭᠠᠬᠤ ᠶᠡᠬᠡ ᠬᠤᠷᠠᠯ ᠳᠡᠭᠡᠷᠡᠬᠢ ᠶᠠᠷᠢᠶ᠎ᠠ
ᠨᠡᠶ᠋ᠢᠲᠡᠯᠡᠭᠰᠡᠨ ᠴᠠᠭ᠄ 2025-10-13

     (2025 ᠣᠨ᠎ᠤ 9 ᠰᠠᠷ᠎ᠠ᠎ᠶ᠋ᠢᠨ 3᠎ᠤ᠋ ᠡᠳᠦᠷ᠂ ᠦᠳᠡ᠎ᠶ᠋ᠢᠨ ᠡᠮᠦᠨ᠎ᠡ)

                      ᠰᠢ ᠵᠢᠨ ᠫᠢᠩ

 

ᠪᠦᠬᠦ᠌ ᠤᠯᠤᠰ᠎ᠤᠨ ᠠᠬ᠎ᠠ ᠳᠡᠭᠦᠦ᠍᠎ᠨᠡᠷ ᠡ᠂

ᠬᠦᠨᠳᠦᠲᠦ ᠡᠯ᠎ᠡ ᠤᠯᠤᠰ᠎ᠤᠨ ᠲᠡᠷᠢᠭᠦᠨ᠂ ᠵᠠᠰᠠᠭ᠎ᠤᠨ ᠣᠷᠳᠣᠨ᠎ᠤ ᠲᠦᠷᠦᠭᠦᠴᠦᠳ ᠪᠣᠯᠤᠨ ᠤᠯᠠᠨ ᠤᠯᠤᠰ᠎ᠤᠨ ᠵᠣᠬᠢᠶᠠᠨ ᠪᠠᠢᠭᠤᠯᠤᠯᠲᠠ᠎ᠶ᠋ᠢᠨ ᠲᠥᠯᠥᠭᠡᠯᠡᠭ᠌ᠴᠢᠳ ᠡ᠂

ᠬᠦᠨᠳᠦᠲᠦ ᠵᠣᠴᠢᠳ ᠡ᠂

ᠱᠢᠯᠭᠠᠨ ᠦᠵᠡᠬᠦ᠌᠎ᠶ᠋ᠢ ᠬᠦᠯᠢᠶᠡᠭ᠌ᠰᠡᠨ ᠪᠦᠬᠦ᠌ ᠳᠠᠷᠤᠭ᠎ᠠ ᠪᠠᠢᠯᠳᠤᠭ᠍ᠴᠢᠳ ᠡ᠂

ᠨᠥᠬᠥᠳ ᠡ᠂ ᠨᠠᠢᠵᠠ᠎ᠨᠠᠷ ᠡ᠄ 

ᠡᠨᠡ ᠡᠳᠦᠷ᠂ ᠪᠢᠳᠡ ᠦᠪᠡᠳᠡᠭ᠌ᠰᠢ ᠶᠡᠬᠡ ᠴᠤᠭ᠍ᠯᠠᠭᠠᠨ ᠪᠤᠯᠵᠥ᠍᠂ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠲᠠᠢ᠌ᠨ ᠵᠢᠴᠢ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠲᠠᠢ᠌ᠨ ᠢᠯᠠᠯᠲᠠ ᠣᠯᠤᠭ᠍ᠰᠠᠨ 80 ᠵᠢᠯ᠎ᠦᠨ ᠤᠢ᠎ᠶ᠋ᠢ ᠳᠤᠷᠠᠰᠭᠠᠵᠤ᠂ ᠬᠠᠮᠲᠤ᠎ᠪᠠᠷ ᠲᠡᠦᠬᠡ᠎ᠵᠢ ᠪᠠᠲᠤ ᠴᠡᠭᠡᠵᠢᠯᠡᠵᠦ᠍᠂ ᠦᠷᠡᠭ᠌ᠳᠡᠭ᠌ᠰᠡᠨ ᠪᠠᠭᠠᠲᠤᠷᠴᠤᠳ᠎ᠢᠶᠠᠨ ᠳᠤᠷᠠᠰᠤᠨ ᠰᠠᠨᠠᠭᠠᠯᠵᠠᠵᠤ᠂ ᠡᠩᠬᠡ ᠲᠠᠢᠪᠤᠩ᠎ᠢ ᠨᠠᠨᠳᠢᠩᠨᠠᠵᠤ᠂ ᠢᠷᠡᠭᠡᠳᠦᠢ᠎ᠶ᠋ᠢ ᠡᠬᠦᠳᠦᠨ ᠨᠡᠭᠡᠭᠡᠵᠦ ᠪᠠᠢᠨ᠎ᠠ᠃

ᠪᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶ᠋ᠢᠨ ᠡᠮᠦᠨ᠎ᠡ᠎ᠡᠴᠡ᠂ ᠶᠠᠫᠣᠨ᠎ᠢ ᠡᠰᠡᠷᠭᠦᠴᠡᠬᠦ᠌ ᠳᠠᠢ᠌ᠨ᠎ᠳᠦ ᠣᠷᠣᠯᠴᠠᠵᠤ ᠥᠩᠭᠡᠷᠡᠭ᠌ᠰᠡᠨ ᠪᠦᠬᠦ᠌ ᠤᠯᠤᠰ᠎ᠤᠨ ᠠᠬᠠᠮᠠᠳ ᠪᠠᠢᠯᠳᠤᠭ᠍ᠴᠢ᠂ ᠠᠬᠠᠮᠠᠳ ᠨᠥᠬᠥᠳ᠂ ᠤᠯᠤᠰ᠎ᠵᠢᠡᠨ ᠬᠠᠢᠷᠠᠯᠠᠬᠤ ᠬᠥᠮᠦᠰ ᠪᠠ ᠶᠠᠫᠣᠨ᠎ᠢ ᠡᠰᠡᠷᠭᠦᠴᠡᠭ᠌ᠰᠡᠨ ᠵᠠᠩᠵᠤᠨ᠎ᠨᠠᠷ᠂ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠳᠠᠢ᠌ᠨ᠎ᠦ ᠢᠯᠠᠯᠲᠠ ᠤᠯᠬᠤ᠎ᠳᠤ ᠴᠢᠬᠤᠯᠠ ᠶᠡᠬᠡ ᠬᠤᠪᠢ ᠨᠡᠮᠡᠷᠢ ᠦᠵᠡᠭᠦᠯᠦᠭ᠌ᠰᠡᠨ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠳᠤᠮᠳᠠᠳᠤ᠎ᠶ᠋ᠢᠨ ᠬᠥᠪᠡᠭᠦᠳ ᠥᠬᠢᠳ᠎ᠲᠦ ᠡᠷᠬᠢᠮ ᠳᠡᠭᠡᠳᠦ ᠬᠦᠨᠳᠦᠳᠭᠡᠯ᠎ᠢᠶᠡᠨ ᠳᠡᠪᠱᠢᠭᠦᠯᠦᠶ᠎ᠡ! ᠳᠤᠮᠳᠠᠳᠤ ᠤᠯᠤᠰ᠎ᠤᠨ ᠠᠷᠠᠳ ᠲᠦᠮᠡᠨ᠎ᠦ ᠲᠦᠷᠢᠮᠡᠬᠡᠢᠯᠡᠯ᠎ᠢ ᠡᠰᠡᠷᠭᠦᠴᠡᠬᠦ᠎ᠳᠦ ᠬᠠᠪᠰᠤᠷᠴᠦ ᠲᠤᠰᠠᠯᠠᠭᠰᠠᠨ ᠭᠠᠳᠠᠭᠠᠳᠤ ᠤᠯᠤᠰ᠎ᠤᠨ ᠵᠠᠰᠠᠭ᠎ᠤᠨ ᠣᠷᠳᠣᠨ ᠪᠠ ᠤᠯᠠᠨ ᠤᠯᠤᠰ᠎ᠤᠨ ᠨᠥᠬᠥᠷᠰᠡᠭ ᠬᠥᠮᠦᠰ᠎ᠲᠦ ᠴᠢᠩ ᠰᠡᠳᠭᠢᠯ᠎ᠦᠨ ᠲᠠᠯᠠᠷᠬᠠᠯ᠎ᠢᠶᠠᠨ ᠳᠡᠪᠱᠢᠭᠦᠯᠦᠶ᠎ᠡ! ᠡᠨᠡ ᠡᠳᠦᠷ᠎ᠦᠨ ᠶᠡᠬᠡ ᠬᠤᠷᠠᠯ᠎ᠳᠤ ᠣᠷᠣᠯᠴᠠᠭ᠍ᠰᠠᠨ ᠡᠯ᠎ᠡ ᠤᠯᠤᠰ᠎ᠤᠨ ᠵᠣᠴᠢᠳ᠎ᠢ ᠬᠠᠯᠠᠭᠤᠨ᠎ᠢᠶᠠᠷ ᠤᠭ᠍ᠲᠤᠵᠤ ᠪᠠᠢᠬᠤ᠎ᠪᠠᠨ ᠢᠯᠡᠳᠭᠡᠶ᠎ᠡ!

ᠨᠥᠬᠥᠳ ᠡ᠂ ᠨᠠᠢᠵᠠ᠎ᠨᠠᠷ ᠡ!

ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠲᠠᠢ᠌ᠨ ᠪᠣᠯ ᠲᠤᠢᠯ᠎ᠤᠨ ᠬᠠᠲᠠᠭᠤᠵᠢᠯᠲᠠᠢ ᠠᠭᠤᠤ ᠶᠡᠬᠡ ᠲᠠᠢ᠌ᠨ ᠮᠥᠨ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠨᠠᠭᠠᠴᠢᠯᠠᠨ ᠪᠠᠢᠭᠤᠯᠤᠭ᠍ᠰᠠᠨ ᠶᠠᠫᠣᠨ᠎ᠢ ᠡᠰᠡᠷᠭᠦᠴᠡᠬᠦ᠌ ᠦᠨᠳᠦᠰᠦᠲᠡᠨ᠎ᠦ ᠨᠢᠭᠡᠳᠦᠮᠡᠯ ᠹᠷᠣᠨᠲ᠎ᠤᠨ ᠲᠤᠭ᠎ᠤᠨ ᠳᠣᠣᠷ᠎ᠠ᠂ ᠳᠤᠮᠳᠠᠳᠤ ᠤᠯᠤᠰ᠎ᠤᠨ ᠠᠷᠠᠳ ᠲᠦᠮᠡᠨ ᠬᠠᠳᠠᠨ ᠪᠠᠲᠤ ᠵᠣᠷᠢᠭ᠎ᠢᠶᠠᠷ ᠬᠦᠴᠦᠷᠬᠡᠭ ᠳᠠᠢᠰᠤᠨ᠎ᠲᠠᠶ ᠪᠠᠢᠯᠳᠤᠵᠤ᠂ ᠬᠠᠯᠠᠭᠤᠨ ᠠᠮᠢ ᠪᠦᠯᠢᠶᠡᠨ ᠴᠢᠰᠤ᠎ᠪᠠᠷ᠎ᠢᠶᠠᠨ ᠤᠷᠲᠤ ᠴᠠᠭᠠᠨ ᠬᠡᠷᠡᠮ᠎ᠢ ᠴᠣᠭ᠍ᠴᠠᠯᠠᠵᠤ᠂ ᠣᠷᠴᠢᠨ ᠦᠶ᠎ᠡ᠎ᠡᠴᠡ ᠨᠠᠭᠠᠱᠢᠬᠢ ᠭᠠᠳᠠᠭᠠᠳᠤ᠎ᠶ᠋ᠢᠨ ᠳᠠᠢᠰᠤᠨ᠎ᠤ ᠲᠦᠷᠢᠮᠡᠬᠡᠢᠯᠡᠯ᠎ᠢ ᠡᠰᠡᠷᠭᠦᠴᠡᠬᠦ᠌ ᠠᠩᠬᠠᠳᠠᠬᠴᠢ ᠪᠦᠷᠢᠨ ᠢᠯᠠᠯᠲᠠ᠎ᠶ᠋ᠢ ᠤᠯᠪᠠ᠃

ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠳᠠᠢ᠌ᠨ ᠪᠣᠯ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠳᠠᠢ᠌ᠨ᠎ᠦ ᠴᠢᠬᠤᠯᠠ ᠪᠦᠷᠢᠯᠳᠦᠬᠦᠨ ᠬᠡᠰᠡᠭ ᠮᠥᠨ᠂ ᠳᠤᠮᠳᠠᠳᠤ ᠤᠯᠤᠰ᠎ᠤᠨ ᠠᠷᠠᠳ ᠲᠦᠮᠡᠨ ᠯᠤᠲᠤ ᠶᠡᠬᠡ ᠦᠨᠳᠦᠰᠦᠲᠡᠨ᠎ᠦ ᠦᠷᠡᠭ᠌ᠳᠡᠯ᠎ᠢᠶᠡᠷ ᠬᠥᠮᠦᠨ ᠲᠥᠷᠥᠯᠬᠢᠲᠡᠨ᠎ᠦ ᠪᠣᠯᠪᠠᠰᠤᠨ᠎ᠢ ᠠᠪᠤᠷᠠᠬᠤ᠂ ᠳᠡᠯᠡᠬᠡᠢ᠎ᠶ᠋ᠢᠨ ᠡᠩᠬᠡ ᠲᠠᠢᠪᠤᠩ᠎ᠢ ᠬᠠᠮᠠᠭᠠᠯᠠᠬᠤ᠎ᠳᠤ ᠴᠢᠬᠤᠯᠠ ᠶᠡᠬᠡ ᠬᠤᠪᠢ ᠨᠡᠮᠡᠷᠢ ᠦᠵᠡᠭᠦᠯᠦᠭ᠌ᠰᠡᠨ ᠶᠤᠮ᠃

ᠬᠥᠮᠦᠨ ᠲᠥᠷᠥᠯᠬᠢᠲᠡᠨ᠎ᠦ ᠬᠤᠪᠢ ᠵᠠᠶᠠᠭ᠎ᠠ ᠵᠢᠷᠭᠠᠯ ᠵᠣᠪᠠᠯᠠᠩ ᠵᠢᠡᠨ ᠬᠠᠮᠳᠤᠳᠬᠠᠬᠤ ᠶᠤᠰᠤᠳᠠᠢ᠂ ᠡᠯ᠎ᠡ ᠤᠯᠤᠰ᠂ ᠡᠯ᠎ᠡ ᠦᠨᠳᠦᠰᠦᠲᠡᠨ ᠭᠠᠭ᠍ᠴᠠ ᠬᠦ᠌ ᠡᠷᠬᠡ ᠲᠡᠭ᠌ᠰᠢ᠎ᠪᠡᠷ ᠬᠠᠨᠳᠤᠯᠴᠠᠵᠤ᠂ ᠡᠶ᠎ᠡ ᠨᠠᠢᠷᠲᠠᠢ᠎ᠪᠠᠷ ᠬᠠᠮᠲᠤ ᠣᠷᠣᠱᠢᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠪᠠᠯ ᠰᠠᠶᠢ ᠬᠠᠮᠲᠤ᠎ᠶ᠋ᠢᠨ ᠠᠮᠤᠷ ᠲᠦᠪᠱᠢᠨ᠎ᠢ ᠬᠠᠮᠠᠭᠠᠯᠠᠵᠤ᠂ ᠲᠠᠢ᠌ᠨ᠎ᠦ ᠦᠨᠳᠦᠰᠦ ᠰᠤᠷᠪᠤᠯᠵᠢ᠎ᠶ᠋ᠢ ᠠᠷᠢᠯᠭᠠᠵᠤ᠂ ᠲᠡᠦᠬᠡ᠎ᠶ᠋ᠢᠨ ᠭᠤᠨᠢᠭ᠍ᠲᠤ ᠵᠦᠴᠦᠭᠡ᠎ᠶ᠋ᠢ ᠲᠠᠬᠢᠨ ᠲᠣᠭ᠍ᠯᠠᠭᠤᠯᠬᠤ ᠦᠭᠡᠢ ᠪᠠᠢᠵᠤ ᠴᠢᠳᠠᠨ᠎ᠠ ᠭᠡᠳᠡᠭ᠎ᠢ ᠲᠡᠦᠬᠡ ᠪᠢᠳᠡᠨ᠎ᠳᠤ ᠰᠡᠷᠡᠮᠵᠢᠯᠡᠭᠦᠯᠵᠦ ᠪᠤᠢ!

ᠨᠥᠬᠥᠳ ᠡ᠂ ᠨᠠᠢᠵᠠ᠎ᠨᠠᠷ ᠡ!

ᠳᠤᠮᠳᠠᠳᠤ᠎ᠶ᠋ᠢᠨ ᠦᠨᠳᠦᠰᠦᠲᠡᠨ ᠪᠣᠯ ᠬᠦᠴᠦᠷᠬᠡᠭ᠌ᠯᠡᠯ᠎ᠡᠴᠡ ᠠᠶᠤᠬᠤ ᠦᠭᠡᠢ᠂ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌ ᠠᠭᠤᠤ ᠶᠡᠬᠡ ᠦᠨᠳᠦᠰᠦᠲᠡᠨ ᠮᠥᠨ᠃ ᠲᠤᠬᠠᠶ᠎ᠶ᠋ᠢᠨ ᠵᠢᠯ᠎ᠳᠦ᠂ ᠱᠢᠳᠤᠷᠭᠤ ᠶᠣᠰᠣ ᠬᠢᠭᠡᠳ ᠬᠠᠷᠭᠢᠰ ᠬᠡᠷᠴᠡᠭᠡᠶ᠂ ᠭᠡᠷᠡᠯ ᠭᠡᠭᠡ ᠬᠢᠭᠡᠳ ᠲᠦᠨᠡᠷ ᠬᠠᠷᠠᠩᠭᠤᠶ᠂ ᠳᠠᠪᠱᠢᠯᠲᠠ ᠬᠢᠭᠡᠳ ᠲᠡᠷᠰᠯᠡᠭᠦᠦ᠍᠎ᠶ᠋ᠢᠨ ᠥᠭᠦᠵᠦ᠍ ᠰᠡᠭᠡᠬᠦ᠌ ᠦᠵᠡᠯᠴᠡᠭᠡᠨ᠎ᠦ ᠡᠮᠦᠨ᠎ᠡ᠂ ᠳᠤᠮᠳᠠᠳᠤ ᠤᠯᠤᠰ᠎ᠤᠨ ᠠᠷᠠᠳ ᠲᠦᠮᠡᠨ ᠬᠠᠷᠭᠢᠰ ᠳᠠᠢᠰᠤᠨ᠎ᠳᠦ ᠬᠠᠮᠲᠤ᠎ᠪᠠᠷ ᠬᠣᠷᠣᠰᠴᠤ᠌᠂ ᠡᠷᠡᠯᠬᠡᠭ᠌ᠯᠡᠨ ᠪᠣᠰᠴᠤ᠌ ᠡᠰᠡᠷᠭᠦᠴᠡᠨ᠂ ᠤᠯᠤᠰ ᠣᠷᠣᠨ᠎ᠤ ᠣᠷᠣᠱᠢᠨ ᠲᠣᠭ᠍ᠲᠠᠨᠢᠬᠤ᠎ᠶ᠋ᠢᠨ ᠲᠥᠯᠥᠭᠡ ᠪᠠᠢᠯᠳᠤᠵᠤ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠲᠥᠯᠥᠭᠡ ᠪᠠᠢᠯᠳᠤᠵᠤ᠂ ᠬᠥᠮᠦᠨ ᠲᠥᠷᠥᠯᠬᠢᠲᠡᠨ᠎ᠦ ᠱᠢᠳᠤᠷᠭᠤ ᠶᠣᠰᠣᠨ᠎ᠤ ᠲᠥᠯᠥᠭᠡ ᠪᠠᠢᠯᠳᠤᠪᠠ᠃ ᠥᠨᠥᠳᠦᠷ ᠬᠥᠮᠦᠨ ᠲᠥᠷᠥᠯᠬᠢᠲᠡᠨ ᠡᠩᠬᠡ ᠲᠠᠢᠪᠤᠩ᠎ᠪᠠᠢᠬᠤ ᠦᠦ ᠡᠰᠡᠬᠦᠯ᠎ᠡ ᠲᠠᠢ᠌ᠨ ᠳᠠᠵᠢᠨ ᠬᠢᠬᠦ ᠦᠦ᠂ ᠶᠠᠷᠢᠯᠴᠠᠭ᠎ᠠ ᠬᠢᠬᠦ᠌ ᠦᠦ ᠡᠰᠡᠬᠦᠯ᠎ᠡ ᠡᠰᠡᠷᠭᠦᠴᠡᠯᠳᠦᠬᠦ᠌ ᠦᠦ᠂ ᠬᠠᠮᠲᠤ᠎ᠪᠠᠷ ᠠᠱᠢᠭ ᠬᠦᠷᠳᠡᠬᠦ᠌ ᠦᠦ ᠡᠰᠡᠬᠦᠯ᠎ᠡ ᠥᠯᠥ ᠡᠪᠰᠡᠬᠦ᠎ᠤᠤ ᠭᠡᠬᠦ ᠰᠣᠩᠭᠣᠯᠲᠠ᠎ᠳᠤ ᠲᠤᠯᠭᠠᠷᠠᠵᠤ ᠪᠠᠢᠨ᠎ᠠ᠃ ᠳᠤᠮᠳᠠᠳᠤ ᠤᠯᠤᠰ᠎ᠤᠨ ᠠᠷᠠᠳ ᠲᠦᠮᠡᠨ ᠡᠷᠡᠰ ᠪᠠᠳᠤ ᠪᠡᠷ ᠲᠡᠦᠬᠡ᠎ᠶ᠋ᠢᠨ ᠵᠥᠪ ᠲᠠᠯ᠎ᠠ᠎ᠳᠤ ᠵᠣᠭ᠍ᠰᠣᠵᠤ᠂ ᠬᠥᠮᠦᠨ ᠲᠥᠷᠥᠯᠬᠢᠲᠡᠨ᠎ᠦ ᠪᠣᠯᠪᠠᠰᠤᠨ᠎ᠤ ᠳᠠᠪᠱᠢᠯᠲᠠ᠎ᠶ᠋ᠢᠨ ᠲᠠᠯ᠎ᠠ᠎ᠳᠤ ᠵᠣᠭ᠍ᠰᠣᠵᠤ᠂ ᠡᠩᠬᠡ ᠲᠠᠢᠪᠤᠩ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠬᠤ᠎ᠶ᠋ᠢ ᠪᠠᠷᠢᠮᠲᠠᠯᠠᠵᠤ᠂ ᠡᠯ᠎ᠡ ᠤᠯᠤᠰ᠎ᠤᠨ ᠠᠷᠠᠳ ᠲᠦᠮᠡᠨ᠎ᠲᠡᠶ ᠭᠠᠷ ᠬᠣᠯᠪᠣᠯᠴᠠᠨ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠤᠨ᠎ᠠ᠃

ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ᠌ ᠴᠡᠷᠢᠭ ᠪᠣᠯ ᠨᠠᠮ ᠪᠠ ᠠᠷᠠᠳ ᠲᠦᠮᠡᠨ᠎ᠦ ᠭᠡᠵᠢᠶᠡᠳᠡ ᠪᠦᠷᠢᠮᠦᠰᠦᠨ ᠢᠲᠡᠭᠡᠵᠦ᠍ ᠪᠣᠯᠬᠤ ᠪᠠᠭᠠᠲᠤᠷᠯᠢᠭ ᠴᠡᠷᠢᠭ ᠠᠩᠭᠢ ᠮᠥᠨ᠃ ᠪᠦᠬᠦ᠌ ᠴᠡᠷᠢᠭ᠎ᠦᠨ ᠳᠠᠷᠤᠭ᠎ᠠ ᠪᠠᠢᠯᠳᠤᠭ᠍ᠴᠢᠳ ᠠᠷᠢᠭᠤᠨ ᠲᠠᠷᠬᠠᠨ ᠡᠭᠦᠷᠭᠡ ᠬᠠᠷᠢᠭᠤᠴᠠᠯᠭ᠎ᠠ᠎ᠪᠠᠨ ᠦᠨᠡᠨᠴᠢ᠎ᠪᠡᠷ ᠭᠦᠢᠴᠡᠳᠭᠡᠵᠦ᠍᠂ ᠳᠡᠯᠡᠬᠡᠢ᠎ᠶ᠋ᠢᠨ ᠲᠡᠷᠢᠭᠦᠨ ᠵᠡᠷᠭᠡ᠎ᠶ᠋ᠢᠨ ᠴᠡᠷᠢᠭ ᠠᠩᠬᠢ᠎ᠶ᠋ᠢ ᠲᠦᠷᠭᠡᠳᠭᠡᠨ ᠪᠠᠢᠭᠤᠯᠵᠤ᠂ ᠤᠯᠤᠰ᠎ᠤᠨ ᠡᠷᠬᠡ ᠮᠡᠳᠡᠯ᠂ ᠨᠢᠭᠡᠳᠦᠯ᠂ ᠨᠤᠲᠤᠭ ᠳᠡᠪᠢᠰᠭᠡᠷ᠎ᠦᠨ ᠪᠦᠷᠢᠨ ᠪᠦᠲᠦᠨ ᠪᠠᠢᠬᠤ᠎ᠶ᠋ᠢ ᠡᠷᠡᠰ ᠬᠠᠮᠠᠭᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠦ ᠪᠠᠢᠯᠳᠤᠬᠤ ᠪᠤᠳᠤᠯᠭ᠎ᠠ᠎ᠶ᠋ᠢᠨ ᠲᠤᠯᠭᠠᠭᠤᠷᠢᠯᠠᠯ ᠬᠠᠩᠭᠠᠵᠤ᠂ ᠳᠡᠯᠡᠬᠡᠢ᠎ᠶ᠋ᠢᠨ ᠡᠩᠬᠡ ᠲᠠᠢᠪᠤᠩ ᠬᠢᠭᠡᠳ ᠬᠥᠭ᠌ᠵᠢᠯᠲᠡ᠎ᠳᠦ ᠨᠡᠩ ᠶᠡᠬᠡ ᠬᠤᠪᠢ ᠨᠡᠮᠡᠷᠢ ᠦᠵᠡᠭᠦᠯᠦᠨ᠎ᠡ!

ᠲᠡᠦᠬᠡ ᠥᠩᠭᠡᠷᠡᠭ᠌ᠰᠡᠨ᠎ᠢ ᠠᠴᠢᠶᠠᠯᠠᠵᠤ᠂ ᠪᠠᠰᠠ ᠢᠷᠡᠭᠡᠳᠦᠢ᠎ᠶ᠋ᠢ ᠰᠡᠩᠬᠡᠷᠡᠭᠦᠯᠦᠨ᠎ᠡ᠃ ᠱᠢᠨ᠎ᠡ ᠴᠠᠭ ᠦᠶ᠎ᠡ ᠱᠢᠨ᠎ᠡ ᠠᠶᠠᠨ᠎ᠳᠤ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠮᠠᠷᠺᠰ ᠯᠧᠨᠢᠨ᠎ᠦ ᠦᠵᠡᠯ᠂ ᠮᠠᠤ ᠽᠸ ᠳ᠋ᠦᠩ᠎ᠦᠨ ᠦᠵᠡᠯ ᠰᠠᠨᠠᠭ᠎ᠠ᠂ ᠳ᠋ᠧᠩ ᠱᠢᠶᠤᠤ ᠫᠢᠩ᠎ᠦᠨ ᠤᠨᠤᠯ᠂ 《ᠭᠤᠷᠪᠠ᠎ᠶᠢ ᠲᠥᠯᠥᠭᠡᠯᠡᠬᠦ᠌》 ᠴᠢᠬᠤᠯᠠ ᠦᠵᠡᠯ ᠰᠠᠨᠠᠭ᠎ᠠ᠂ ᠱᠢᠨᠵᠢᠯᠡᠬᠦ᠌ ᠤᠬᠠᠭᠠᠨᠴᠢ ᠬᠥᠭ᠌ᠵᠢᠯᠲᠡ᠎ᠶ᠋ᠢᠨ ᠦᠵᠡᠯᠲᠡ᠎ᠶ᠋ᠢ ᠪᠠᠷᠢᠮᠲᠠᠯᠠᠵᠤ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠶᠠᠫᠣᠨ᠎ᠢ ᠡᠰᠡᠷᠭᠦᠴᠡᠬᠦ᠌ ᠳᠠᠢ᠌ᠨ᠎ᠦ ᠠᠭᠤᠤ ᠶᠡᠬᠡ ᠵᠣᠷᠢᠭ ᠰᠠᠨᠠᠭ᠎ᠠ᠎ᠶ᠋ᠢ ᠤᠯᠠᠮᠵᠢᠯᠠᠨ ᠪᠠᠳᠠᠷᠠᠭᠤᠯᠵᠤ᠂ ᠡᠷᠴᠢ ᠵᠣᠷᠢᠭ᠎ᠢᠶᠠᠨ ᠬᠥᠪᠴᠢᠯᠡᠨ ᠡᠷᠡᠮᠡᠬᠡᠢᠯᠡᠨ ᠤᠷᠤᠭ᠍ᠰᠢᠯᠠᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠶ᠋ᠢᠨ ᠲᠥᠯᠥᠭᠡ ᠪᠦᠯᠬᠦᠮᠳᠡᠨ ᠲᠡᠮᠡᠴᠡᠬᠦ᠌ ᠬᠡᠷᠡᠭ᠌ᠲᠡᠢ!

ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠵᠢᠨ ᠰᠦᠷ ᠬᠦᠴᠦᠨ ᠬᠤᠷᠢᠭ᠍ᠯᠠᠭ᠍ᠳᠠᠰᠢ ᠦᠭᠡᠢ! ᠬᠥᠮᠦᠨ ᠲᠥᠷᠥᠯᠬᠢᠲᠡᠨ᠎ᠦ ᠡᠩᠬᠡ ᠲᠠᠢᠪᠤᠩ ᠬᠢᠭᠡᠳ ᠬᠥᠭ᠌ᠵᠢᠯᠲᠡ᠎ᠶ᠋ᠢᠨ ᠡᠷᠬᠢᠮ ᠳᠡᠭᠡᠳᠦ ᠦᠢᠯᠡᠰ ᠯᠠᠪᠲᠠᠢ ᠢᠯᠠᠯᠲᠠ ᠣᠯᠤᠨ᠎ᠠ!

ᠢᠷᠡᠯᠲᠡ᠄    
          
ᠬᠠᠮᠢᠶ᠎ᠡ ᠪᠦᠬᠦᠢ ᠰᠣᠨᠢᠨ
 
             蒙ICP备05000248号