ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ  -   《 ᠨᠢᠭᠡ ᠪᠡᠬᠢᠯᠡᠯᠲᠡ 》
ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠲᠦᠷᠦᠭᠦᠴᠦᠳ᠎ᠦᠨ ᠬᠤᠷᠠᠯ᠎ᠤᠨ ᠤᠭᠲᠤᠬᠤ ᠳᠠᠶ᠋ᠢᠯᠠᠯᠭ᠎ᠠ ᠳᠡᠭᠡᠷᠡᠬᠢ ᠰᠠᠷᠬᠤᠳ ᠡᠷᠭᠦᠬᠦ ᠦᠭᠡ
ᠨᠡᠶ᠋ᠢᠲᠡᠯᠡᠭᠰᠡᠨ ᠴᠠᠭ᠄ 2025-10-13

    ᠰᠢᠨᠬᠤᠸᠠ ᠬᠤᠷᠢᠶ᠎ᠠ᠎ᠶᠢᠨ ᠲᠢᠶᠠᠨᠵᠢᠨ᠎ᠤ 8 ᠰᠠᠷ᠎ᠠ᠎ᠶᠢᠨ 31 ᠎ᠤ᠋ ᠴᠠᠬᠢᠯᠭᠠᠨ ᠮᠡᠳᠡᠭᠡ

       (2025 ᠣᠨ᠎ᠤ 8 ᠰᠠᠷ᠎ᠠ᠎ᠶᠢᠨ 31 ᠤ᠋ ᠡᠳᠦᠷ᠂ ᠲᠢᠶᠠᠨᠵᠢᠨ᠎ᠳᠤ)

    ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠢᠭᠦᠯᠡᠭᠴᠢ ᠰᠢ ᠵᠢᠨ ᠫᠢᠩ

 

ᠬᠦᠨᠳᠦᠲᠦ ᠬᠠᠮᠲᠤ ᠠᠵᠢᠯᠯᠠᠭᠰᠠᠳ᠂ ᠡᠷᠬᠢᠮ ᠵᠣᠴᠢᠳ ᠡ᠂

ᠠᠪᠠᠬᠠᠢ ᠨᠠᠷ᠂ ᠠᠪᠤᠭᠠᠢ ᠨᠠᠷ᠂ ᠨᠠᠢᠵᠠ ᠨᠠᠷ ᠡ᠄

ᠦᠳᠡᠰᠢ᠎ᠵᠢᠨ ᠮᠡᠨᠳᠦ ᠵᠢ ᠠᠢᠯᠠᠳᠬᠠᠶ᠎ᠠ!

ᠬᠦᠭᠵᠢᠯ ᠮᠠᠨᠳᠤᠯ ᠬᠤᠷᠤᠢᠯᠠᠭᠰᠠᠨ ᠬᠠᠢᠾᠸ ᠭᠣᠣᠯ᠎ᠤᠨ ᠬᠥᠪᠡᠭᠡᠨ᠎ᠡ᠂ ᠨᠡᠬᠡᠭᠡᠯᠲᠡᠲᠡᠢ ᠪᠠᠭᠲᠠᠭᠠᠮᠵᠢᠲᠠᠢ ᠲᠢᠶᠠᠨᠵᠢᠨ ᠬᠤᠲᠠ ᠰᠦᠨᠳᠡᠷᠯᠡᠨ᠎ᠡ᠃ ᠪᠢ ᠳᠤᠮᠳᠠᠳᠤ ᠤᠯᠤᠰ ᠵᠠᠰᠠᠭ᠎ᠤᠨ ᠣᠷᠳᠣᠨ ᠪᠣᠯᠣᠨ ᠳᠤᠮᠳᠠᠳᠤ ᠤᠯᠤᠰ᠎ᠤᠨ ᠠᠷᠠᠳ ᠲᠦᠮᠡᠨ᠎ᠦ ᠡᠮᠦᠨ᠎ᠡ᠎ᠡᠴᠡ ᠡᠷᠬᠢᠮ ᠵᠣᠴᠢᠳ᠎ᠤᠨ ᠲᠢᠶᠠᠨᠵᠢᠨ᠎ᠳᠤ ᠬᠦᠷᠦᠯᠴᠡᠨ ᠢᠷᠡᠭᠰᠡᠨ᠎ᠢ ᠪᠠᠶᠠᠷᠯᠠᠨ ᠤᠭᠲᠤᠵᠤ ᠪᠠᠢᠨ᠎ᠠ᠃

ᠥᠨᠥᠳᠥᠷ ᠪᠣᠯ ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠪᠦᠷᠢᠯᠳᠦᠭᠦᠨ ᠤᠯᠤᠰ᠎ᠤᠨ ᠤᠳᠤᠷᠢᠳᠬᠤ ᠬᠥᠮᠥᠰ ᠰᠢᠨ᠎ᠡ ᠬᠠᠭᠤᠴᠢᠨ ᠨᠠᠢᠵᠠ ᠨᠠᠷ᠎ᠲᠠᠢ᠎ᠪᠠᠨ ᠨᠢᠭᠡ ᠲᠠᠩᠬᠢᠮ᠎ᠳᠤ ᠴᠤᠭᠯᠠᠷᠠᠵᠤ ᠪᠠᠢᠭ᠎ᠠ ᠡᠳᠦᠷ ᠪᠣᠯᠬᠤ ᠪᠥᠭᠡᠳ ᠺᠢᠷᠬᠢᠽᠰᠲ᠋ᠠᠨ᠎ᠤ ᠲᠤᠰᠠᠭᠠᠷ ᠲᠣᠭᠲᠠᠨᠢᠭ᠍ᠰᠠᠨ ᠡᠳᠦᠷ ᠪᠠ ᠮᠠᠯᠠᠢᠰᠢᠶ᠎ᠠ᠎ᠶᠢᠨ ᠤᠯᠤᠰ᠎ᠤᠨ ᠪᠠᠶᠠᠷ᠎ᠤᠨ ᠡᠳᠦᠷ ᠪᠣᠯᠣᠨ᠎ᠠ᠃ ᠡᠨᠡ ᠬᠦ᠌ ᠲᠠᠰᠢᠷᠠᠮ᠎ᠢᠶᠠᠷ᠂ ᠶᠡᠷᠦᠩᠬᠡᠢᠯᠡᠭᠴᠢ ᠵᠠᠫᠠᠯᠤᠹ᠂ ᠶᠡᠷᠦᠩᠬᠡᠢ ᠰᠠᠢᠳ ᠠᠨᠸᠠᠷ᠂ ᠺᠢᠷᠬᠢᠽᠰᠲ᠋ᠠᠨ᠎ᠤ ᠨᠥᠬᠥᠷᠰᠡᠭ ᠠᠷᠠᠳ ᠲᠦᠮᠡᠨ᠂ ᠮᠠᠯᠠᠢᠰᠢᠶ᠎ᠠ᠎ᠶᠢᠨ ᠠᠷᠠᠳ ᠲᠦᠮᠡᠨ᠎ᠳᠦ ᠴᠢᠩ ᠰᠡᠳᠬᠢᠯ᠎ᠦᠨ ᠪᠠᠶᠠᠷ ᠬᠦᠷᠭᠡᠵᠦ ᠪᠠᠢᠨ᠎ᠠ!

ᠲᠢᠶᠠᠨᠵᠢᠨ ᠪᠣᠯ ᠨᠡᠭᠡᠭᠡᠯᠲᠡᠲᠡᠢ ᠪᠠᠭᠲᠠᠭᠠᠮᠵᠢᠲᠠᠢ ᠬᠤᠳᠠ ᠪᠣᠯᠣᠨ᠎ᠠ᠂ ᠡᠷᠲᠡᠨ᠎ᠡᠴᠡ ᠠᠪᠤᠭᠠᠳ ᠨᠡᠢᠰᠯᠡᠯ ᠎ᠬᠠᠪᠢ ᠵᠢᠨ ᠴᠢᠬᠤᠯᠠ ᠭᠠᠵᠠᠷ ᠪᠠᠢᠵᠤ᠂ ᠳᠤᠮᠳᠠᠳᠤ ᠤᠯᠤᠰ᠎ᠤᠨ ᠥᠭᠡᠷᠡᠴᠢᠯᠡᠯᠲᠡ ᠨᠡᠭᠡᠭᠡᠯᠲᠡ᠎ᠶᠢᠨ ᠬᠣᠰᠢᠭᠤᠴᠢ ᠣᠷᠣᠨ ᠪᠣᠯᠤᠨ᠎ᠠ᠃ ᠡᠲᠡᠭᠡᠷ ᠵᠢᠯ᠎ᠦᠳ᠎ᠲᠦ᠂ ᠪᠡᠭᠡᠵᠢᠩ ᠲᠢᠶᠠᠨᠵᠢᠨ ᠾᠧᠪᠧᠢ ᠵᠢᠨ ᠬᠠᠮᠵᠢᠯᠴᠠᠨ ᠬᠥᠭᠵᠢᠬᠦ ᠪᠠᠢᠯᠳᠤᠬᠤ ᠪᠣᠳᠣᠯᠭ᠎ᠠ᠎ᠶᠢᠨ ᠳᠠᠭᠠᠭᠤᠯᠭ᠎ᠠ ᠳᠣᠣᠷ᠎ᠠ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠵᠢᠨ ᠲᠢᠶᠠᠨᠵᠢᠨ᠎ᠤ ᠬᠠᠭᠤᠳᠠᠰᠤᠨ᠎ᠳᠦ ᠲᠠᠰᠤᠷᠠᠯᠲᠠ ᠦᠭᠡᠢ ᠰᠢᠨ᠎ᠡ ᠳᠦᠷᠰᠦ ᠪᠠᠢᠳᠠᠯ ᠢᠯᠠᠷᠡᠪᠠ᠃ ᠲᠢᠶᠠᠨᠵᠢᠨ ᠎ᠳᠤ ᠡᠨᠡ ᠤᠳᠠᠭ᠎ᠠ᠎ᠶᠢᠨ ᠲᠦᠷᠦᠭᠦᠴᠦᠳ᠎ᠦᠨ ᠬᠤᠷᠠᠯ᠎ᠢ ᠡᠷᠬᠢᠯᠡᠬᠦ ᠨᠢ ᠯᠠᠪᠲᠠᠢ ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠦᠷᠭᠦᠯᠵᠢᠯᠡᠬᠦ ᠬᠥᠭᠵᠢᠯᠲᠡ᠎ᠳᠦ ᠰᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠬᠦ᠎ᠶᠢ ᠳᠤᠮᠳᠠᠳᠤ᠎ᠤᠯᠤᠰ ᠢᠲᠡᠭᠡᠵᠦ ᠪᠠᠢᠨ᠎ᠠ᠃

ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ ᠪᠠᠢᠭᠤᠯᠤᠭᠳᠠᠭᠰᠠᠨ᠎ᠡᠴᠡ ᠨᠠᠭᠠᠰᠢ᠂ 《ᠱᠠᠩᠬᠠᠢ᠎ᠶᠢᠨ ᠵᠣᠷᠢᠭ᠋ ᠰᠠᠨᠠᠭ᠎ᠠ》᠎ᠶᠢ ᠢᠮᠠᠭᠲᠠ ᠪᠠᠷᠢᠮᠲᠠᠯᠠᠵᠤ᠂ ᠪᠦᠯᠬᠦᠮᠳᠡᠯ ᠢᠲᠡᠭᠡᠯᠴᠡᠭᠡ᠎ᠪᠡᠨ ᠪᠡᠬᠢᠵᠢᠭᠦᠯᠵᠦ᠂ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠂ ᠳᠡᠯᠡᠬᠡᠢ᠎ᠶᠢᠨ ᠪᠠ ᠭᠠᠵᠠᠷ ᠣᠷᠣᠨ᠎ᠤ ᠬᠡᠷᠡᠭ ᠶᠠᠪᠤᠳᠠᠯ᠎ᠳᠤ ᠣᠷᠣᠯᠴᠠᠵᠤ᠂ ᠰᠢᠨ᠎ᠡ ᠬᠡᠯᠪᠡᠷᠢ᠎ᠶᠢᠨ ᠤᠯᠠᠨ ᠤᠯᠤᠰ᠎ᠤᠨ ᠬᠠᠷᠢᠯᠴᠠᠭ᠎ᠠ ᠪᠠ ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠶᠢ ᠠᠬᠢᠭᠤᠯᠬᠤ ᠴᠢᠬᠤᠯᠠ ᠬᠦᠴᠦᠨ ᠪᠣᠯᠪᠠ᠃

ᠣᠳᠣᠬᠠᠨ᠎ᠳᠤ᠂ ᠳᠡᠯᠡᠬᠡᠢ ᠵᠢᠨ ᠵᠠᠭᠤᠨ ᠵᠢᠯ᠎ᠦᠨ ᠬᠤᠪᠢᠰᠤᠯᠲᠠ ᠲᠦᠷᠭᠡᠰᠦᠨ ᠬᠤᠪᠢᠷᠠᠵᠤ᠂ ᠲᠣᠭᠲᠠᠭᠤᠨ ᠪᠤᠰᠤ᠂ ᠲᠣᠭᠲᠠᠭᠠᠯᠲᠤ ᠪᠤᠰᠤ᠂ ᠲᠥᠰᠥᠭᠡᠯᠡᠬᠦᠶ᠎ᠡ ᠪᠡᠷᠬᠡ ᠬᠦᠴᠦᠨ ᠵᠦᠢᠯ ᠢᠯᠡᠳᠲᠡ ᠨᠡᠮᠡᠭᠳᠡᠵᠦ᠂ ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠭᠠᠵᠠᠷ ᠣᠷᠣᠨ᠎ᠤ ᠡᠩᠬᠡ ᠲᠠᠢᠪᠤᠩ ᠲᠣᠭᠲᠠᠭᠤᠨ᠎ᠢ ᠬᠠᠮᠠᠭᠠᠯᠠᠬᠤ᠂ ᠡᠯ᠎ᠡ ᠤᠯᠤᠰ᠎ᠤᠨ ᠬᠥᠭᠵᠢᠯ ᠴᠡᠴᠡᠭᠯᠡᠯ᠎ᠢ ᠠᠬᠢᠭᠤᠯᠬᠤ ᠬᠠᠷᠢᠭᠤᠴᠠᠯᠭ᠎ᠠ ᠨᠡᠩ ᠬᠦᠨᠳᠦ ᠴᠢᠬᠤᠯᠠ ᠪᠣᠯᠪᠠ᠃

ᠡᠨᠡ ᠤᠳᠠᠭ᠎ᠠ᠎ᠶᠢᠨ ᠲᠦᠷᠦᠭᠦᠴᠦᠳ᠎ᠦᠨ ᠬᠤᠷᠠᠯ ᠨᠢ ᠡᠯ᠎ᠡ ᠲᠠᠯ᠎ᠠ᠎ᠶᠢᠨ ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠬᠤ᠂ ᠬᠠᠮᠲᠤᠷᠠᠯᠴᠠᠭᠠᠨ᠎ᠤ ᠬᠥᠳᠡᠯᠭᠡᠬᠦ ᠬᠦᠴᠦᠨ᠎ᠢ ᠬᠥᠭᠵᠢᠭᠡᠬᠦ᠂ ᠬᠥᠭᠵᠢᠯᠲᠡ᠎ᠶᠢᠨ ᠠᠤᠭ᠎ᠠ ᠲᠥᠰᠥᠪ᠎ᠢ ᠵᠢᠷᠤᠭᠯᠠᠬᠤ ᠴᠢᠬᠤᠯᠠ ᠡᠭᠦᠷᠭᠡ᠎ᠶᠢ ᠡᠭᠦᠷᠭᠡᠯᠡᠵᠦ ᠪᠠᠢᠨ᠎ᠠ᠃ ᠮᠠᠷᠭᠠᠰᠢ᠂ ᠪᠢ ᠪᠦᠷᠢᠯᠳᠦᠭᠦᠨ ᠤᠯᠤᠰ᠎ᠤᠳ᠎ᠤᠨ ᠬᠠᠮᠲᠤ ᠠᠵᠢᠯᠯᠠᠭᠰᠠᠳ᠎ᠲᠠᠢ᠎ᠪᠠᠨ ᠲᠦᠷᠦᠭᠦᠴᠦᠳ᠎ᠦᠨ ᠬᠡᠷᠡᠭ ᠡᠷᠬᠢᠯᠡᠭᠴᠢᠳ᠎ᠦᠨ ᠬᠤᠷᠠᠯ᠎ᠤᠨ ᠬᠤᠷᠠᠯ᠎ᠢ ᠬᠤᠷᠠᠯᠳᠤᠭᠤᠯᠵᠤ᠂ ᠨᠡᠩ ᠤᠯᠠᠨ ᠨᠥᠬᠥᠷᠰᠡᠭ ᠤᠯᠤᠰ ᠪᠠ ᠤᠯᠠᠨ ᠤᠯᠤᠰ᠎ᠤᠨ ᠵᠣᠬᠢᠶᠠᠨ ᠪᠠᠢᠭᠤᠯᠤᠯᠲᠠ᠎ᠲᠠᠢ 《ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ +》᠎ᠶᠢᠨ ᠬᠤᠷᠠᠯ᠎ᠢ ᠬᠤᠷᠠᠯᠳᠤᠭᠤᠯᠵᠤ᠂ ᠬᠠᠮᠲᠤᠷᠠᠯᠴᠠᠨ ᠬᠥᠭᠵᠢᠬᠦ ᠶᠡᠬᠡ ᠪᠣᠳᠣᠯᠭ᠎ᠠ᠎ᠶᠢ ᠬᠠᠮᠲᠤ᠎ᠪᠠᠷ ᠵᠥᠪᠯᠡᠵᠦ᠂ ᠪᠦᠬᠦ ᠪᠥᠮᠪᠥᠷᠴᠡᠭ᠎ᠦᠨ ᠵᠠᠰᠠᠯᠲᠠ᠎ᠶᠢ ᠲᠡᠭᠦᠯᠳᠡᠷᠵᠢᠭᠦᠯᠬᠦ᠎ᠶᠢ ᠠᠬᠢᠭᠤᠯᠤᠨ᠎ᠠ᠃

ᠡᠯ᠎ᠡ ᠲᠠᠯ᠎ᠠ᠎ᠶᠢᠨ ᠬᠠᠮᠲᠤ᠎ᠶᠢᠨ ᠴᠢᠷᠮᠠᠢᠯᠭ᠎ᠠ᠎ᠪᠠᠷ ᠡᠨᠡ ᠤᠳᠠᠭ᠎ᠠ᠎ᠶᠢᠨ ᠲᠦᠷᠦᠭᠦᠴᠦᠳ᠎ᠦᠨ ᠬᠤᠷᠠᠯ ᠯᠠᠪᠲᠠᠢ ᠲᠡᠭᠦᠰ ᠠᠮᠵᠢᠯᠲᠠ ᠣᠯᠵᠤ᠂ ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ ᠯᠠᠪᠲᠠᠢ ᠨᠡᠩ ᠶᠡᠬᠡ ᠵᠢᠳᠬᠦᠯ ᠴᠢᠷᠮᠠᠢᠯᠭ᠎ᠠ ᠭᠠᠷᠭᠠᠵᠤ᠂ ᠨᠡᠩ ᠶᠡᠬᠡ ᠬᠥᠭᠵᠢᠯᠲᠡ᠎ᠶᠢ ᠪᠡᠶᠡᠯᠡᠭᠦᠯᠵᠦ᠂ ᠪᠦᠷᠢᠯᠳᠦᠭᠦᠨ ᠤᠯᠤᠰ᠎ᠤᠳ᠎ᠤᠨ ᠪᠦᠯᠬᠦᠮᠳᠡᠯ ᠬᠠᠮᠵᠢᠯᠴᠠᠭ᠎ᠠ᠎ᠶᠢ ᠠᠬᠢᠭᠤᠯᠬᠤ᠂ ᠪᠦᠬᠦ ᠪᠥᠮᠪᠥᠷᠴᠡᠭ᠎ᠦᠨ ᠬᠦᠭᠵᠢᠵᠦ ᠪᠠᠢᠭ᠎ᠠ ᠤᠯᠤᠰ᠎ᠤᠳ᠎ᠤᠨ ᠬᠦᠴᠦᠨ᠎ᠢ ᠨᠢᠭ᠍ᠲᠠᠷᠠᠭᠤᠯᠬᠤ᠂ ᠬᠥᠮᠥᠨ ᠲᠥᠷᠥᠯᠬᠢᠲᠡᠨ᠎ᠦ ᠪᠣᠯᠪᠠᠰᠤᠨ ᠲᠠᠪᠰᠢᠯᠳᠠ᠎ᠶᠢᠨ ᠦᠢᠯᠡᠰ᠎ᠢ ᠠᠬᠢᠭᠤᠯᠬᠤ᠎ᠳᠤ᠎ᠨᠡᠩ ᠶᠡᠬᠡ ᠬᠤᠪᠢ ᠨᠡᠮᠡᠷᠢ ᠦᠵᠡᠭᠦᠯᠬᠦ᠎ᠶᠢ ᠪᠢ ᠢᠲᠡᠭᠡᠵᠦ ᠪᠠᠢᠨ᠎ᠠ᠃

ᠵᠠᠭᠤᠨ ᠤᠨᠭᠭᠤᠴᠠ ᠦᠷᠢᠰᠦᠯᠳᠦᠨ ᠠᠶᠠᠯᠠᠬᠤᠶ᠎ᠠ᠂ ᠡᠷᠡᠯᠬᠡᠭᠯᠡᠨ ᠴᠢᠷᠮᠠᠢᠭᠰᠠᠳ ᠲᠡᠷᠢᠭᠦᠯᠡᠮᠤᠢ᠃ ᠪᠢᠳᠡ 《ᠱᠠᠩᠬᠠᠢ᠎ᠶᠢᠨ ᠵᠣᠷᠢᠭ᠋ ᠰᠠᠨᠠᠭ᠎ᠠ》᠎ᠶᠢᠨ ᠵᠢᠯᠣᠭᠣᠳᠤᠯᠭ᠎ᠠ ᠳᠣᠣᠷ᠎ᠠ᠂ ᠲᠢᠶᠠᠨᠵᠢᠨ᠎ᠡᠴᠡ ᠲᠠᠬᠢᠨ ᠮᠣᠷᠳᠠᠵᠤ᠂ ᠨᠡᠩ ᠰᠠᠢᠨ ᠰᠠᠢᠬᠠᠨ ᠢᠷᠡᠭᠡᠳᠦᠢ ᠲᠡᠢᠰᠢ᠂ ᠬᠦᠰᠡᠯ ᠡᠷᠡᠮᠡᠯᠵᠡᠯ᠎ᠢᠶᠡᠷ ᠪᠢᠯᠬᠠᠭᠰᠠᠨ ᠰᠢᠨ᠎ᠡ ᠠᠶᠠᠯᠠᠯ᠎ᠢᠶᠠᠨ ᠡᠬᠢᠯᠡᠭᠦᠯᠦᠶ᠎ᠡ!

ᠤᠳᠤ ᠤᠯᠠᠨ᠎ᠢᠶᠠᠷ᠎ᠢᠶᠠᠨ ᠬᠤᠨᠳᠠᠭ᠎ᠠ᠎ᠪᠠᠨ ᠡᠷᠭᠦᠵᠡᠭᠡᠶ᠎ᠡ᠂

ᠲᠢᠶᠠᠨᠵᠢᠨ᠎ᠤ ᠲᠦᠷᠦᠭᠦᠴᠦᠳ᠎ᠦᠨ ᠬᠤᠷᠠᠯ᠎ᠤᠨ ᠡᠯᠪᠡᠭ ᠪᠠᠶᠠᠯᠢᠭ᠋ ᠦᠷ᠎ᠡ ᠪᠦᠲᠦᠭᠡᠯ ᠣᠯᠬᠤ᠎ᠵᠢᠨ ᠲᠦᠯᠦᠭᠡ᠂

ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠵᠣᠷᠢᠯᠲᠠ ᠬᠠᠷᠠᠯᠲᠠ᠎ᠪᠠᠨ ᠪᠡᠶᠡᠯᠡᠭᠦᠯᠬᠦ᠎ᠶᠢᠨ ᠲᠥᠯᠥᠭᠡ᠂

ᠡᠯ᠎ᠡ ᠤᠯᠤᠰ᠎ᠤᠨ ᠬᠥᠭᠵᠢᠯ ᠴᠡᠴᠡᠭᠯᠡᠯ᠂ ᠠᠷᠠᠳ ᠲᠦᠮᠡᠨ᠎ᠦ ᠵᠣᠯ ᠵᠢᠷᠭᠠᠯ᠎ᠤᠨ ᠲᠥᠯᠥᠭᠡ᠂

ᠡᠷᠬᠢᠮ ᠵᠣᠴᠢᠳ ᠪᠤᠯᠤᠨ ᠭᠡᠷ᠎ᠪᠦᠯᠢ᠎ᠵᠢᠨ ᠲᠠᠨᠢ ᠡᠷᠡᠭᠦᠯ ᠮᠡᠨᠳᠦ᠎ᠶᠢᠨ ᠲᠥᠯᠥᠭᠡ᠂

ᠬᠤᠨᠳᠠᠭ᠎ᠠ ᠡᠷᠭᠦᠵᠡᠭᠡᠶ᠎ᠡ!

ᠢᠷᠡᠯᠲᠡ᠄    
          
ᠬᠠᠮᠢᠶ᠎ᠡ ᠪᠦᠬᠦᠢ ᠰᠣᠨᠢᠨ
 
             蒙ICP备05000248号