ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 8 ᠰᠠᠷ᠎ᠠ᠎ᠶ᠋ᠢᠨ 17 ᠤ᠋ ᠴᠠᠬᠢᠯᠭᠠᠨ ᠮᠡᠳᠡᠭᠡ
ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠨᠠᠮ᠎ᠤᠨ ᠲᠡᠦᠬᠡ ᠪᠠ ᠲᠤᠯᠭᠤᠷ ᠪᠢᠴᠢᠭ᠎ᠦᠨ ᠰᠤᠳᠤᠯᠭᠠᠨ᠎ᠤ ᠬᠦᠷᠢᠶᠡᠯᠡᠩ᠎ᠦᠨ ᠨᠠᠢᠷᠠᠭᠤᠯᠤᠭ᠍ᠰᠠᠨ ᠰᠢ ᠵᠢᠨ ᠫᠢᠩ ᠨᠥᠬᠥᠷ᠎ᠦᠨ 《ᠥᠭᠡᠷᠡᠴᠢᠯᠡᠯᠲᠡ᠎ᠶᠢ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢ ᠪᠠᠷᠢᠮᠲᠠᠯᠠᠬᠤ ᠲᠤᠬᠠᠶ ᠥᠭᠦᠯᠡᠬᠦ᠌ ᠨᠢ》 ᠭᠡᠬᠦ᠌ ᠨᠣᠮ᠎ᠤᠨ ᠨᠢᠭᠡᠳᠦᠭᠡᠷ ᠪᠣᠲᠢ᠂ ᠬᠣᠶᠠᠳᠤᠭᠠᠷ ᠪᠣᠲᠢ᠎ᠶᠢ ᠣᠢᠷ᠎ᠠ᠎ᠳᠤ ᠲᠥᠪ᠎ᠦᠨ ᠲᠤᠯᠭᠤᠷ ᠪᠢᠴᠢᠭ᠎ᠦᠨ ᠬᠡᠪᠯᠡᠯ᠎ᠦᠨ ᠬᠣᠷᠢᠶ᠎ᠠ ᠡᠴᠡ ᠬᠡᠪᠯᠡᠭᠦᠯᠵᠦ᠍᠂ ᠪᠥᠬᠥ᠌ ᠤᠯᠤᠰ᠎ᠲᠤ ᠲᠠᠷᠬᠠᠭᠠᠪᠠ᠃
ᠡᠨᠡ ᠢᠵᠢ ᠲᠤᠰᠭᠠᠶ ᠰᠡᠳᠦᠪᠲᠦ ᠵᠣᠬᠢᠶᠠᠯ᠎ᠤᠨ ᠲᠡᠭᠦᠪᠦᠷᠢ ᠶ᠋ᠢᠨ ᠡᠬᠡ ᠪᠢᠴᠢᠭ᠎ᠢ ᠴᠠᠭ᠎ᠤᠨ ᠳᠠᠷᠠᠭᠠᠯᠠᠯ᠎ᠢᠶᠠᠷ ᠨᠠᠢᠷᠠᠭᠤᠯᠤᠨ ᠵᠢᠭ᠍ᠰᠠᠭᠠᠪᠠ᠃ 2018 ᠣᠨ᠎ᠤ 12 ᠰᠠᠷ᠎ᠠ᠎ᠳᠤ ᠬᠡᠪᠯᠡᠭ᠌ᠳᠡᠭ᠌ᠰᠡᠨ 《ᠥᠭᠡᠷᠡᠴᠢᠯᠡᠯᠲᠡ᠎ᠶᠢ ᠪᠦᠬᠦ᠌ ᠲᠠᠯ᠎ᠠ ᠪᠠᠷ ᠭᠦᠨᠵᠡᠭᠡᠢᠷᠡᠭᠦᠯᠬᠦ᠌᠎ᠶ᠋ᠢ ᠪᠠᠷᠢᠮᠲᠠᠯᠠᠬᠤ ᠲᠤᠬᠠᠢ ᠦᠬᠦᠯᠡᠬᠦ ᠨᠢ》 ᠭᠡᠬᠦ᠌ ᠨᠣᠮ᠎ᠢ ᠨᠠᠮ᠎ᠤᠨ ᠲᠥᠪ ᠬᠤᠷᠢᠶ᠎ᠠ ᠪᠡᠷ ᠵᠥᠪᠱᠢᠶᠡᠷᠡᠬᠦᠯᠵᠤ ᠲᠠᠬᠢᠨ ᠬᠡᠪᠯᠡᠭᠦᠯᠵᠦ᠍᠂ 《ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠶᠢ ᠪᠠᠷᠢᠮᠲᠠᠯᠠᠬᠤ ᠲᠤᠬᠠᠢ ᠦᠬᠦᠯᠡᠬᠦ ᠨᠢ》 ᠭᠡᠬᠦ᠌ ᠨᠣᠮ᠎ᠤᠨ ᠨᠢᠭᠡᠳᠦᠭᠡᠷ ᠪᠤᠳᠢ ᠪᠣᠯᠭᠠᠨ ᠥᠭᠡᠷᠡᠴᠢᠯᠡᠨ ᠨᠡᠷᠡᠢᠳᠴᠦ᠂ ᠰᠢ ᠵᠢᠨ ᠫᠢᠩ ᠨᠥᠬᠥᠷ᠎ᠦᠨ 2012 ᠣᠨ᠎ᠤ 12 ᠰᠠᠷ᠎ᠠ᠎ᠠᠴᠠ 2018 ᠣᠨ᠎ᠤ 12 ᠰᠠᠷ᠎ᠠ ᠪᠣᠯᠲᠠᠯᠠᠬᠢ ᠬᠤᠭᠤᠴᠠᠭᠠᠨ᠎ᠳᠠᠬᠢ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠶᠢ ᠪᠠᠷᠢᠮᠲᠠᠯᠠᠬᠤ ᠲᠤᠬᠠᠢ 73 ᠴᠢᠬᠤᠯᠠ ᠵᠣᠬᠢᠶᠠᠯ᠎ᠢ ᠣᠷᠣᠭᠤᠯᠵᠠᠢ᠃ ᠬᠣᠶᠠᠳᠤᠭᠠᠷ ᠪᠤᠳᠢ᠎ᠳᠤ ᠰᠢ ᠵᠢᠨ ᠫᠢᠩ ᠨᠥᠬᠥᠷ᠎ᠦᠨ 2019 ᠣᠨ᠎ᠤ 1 ᠰᠠᠷ᠎ᠠ᠎ᠠᠴᠠ 2025 ᠣᠨ᠎ᠤ 4 ᠰᠠᠷ᠎ᠠ ᠪᠣᠯᠲᠠᠯᠠᠬᠢ ᠬᠤᠭᠤᠴᠠᠭᠠᠨ᠎ᠳᠠᠬᠢ ᠥᠭᠡᠷᠡᠴᠢᠯᠡᠯᠲᠡ᠎ᠶᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠶᠢ ᠪᠠᠷᠢᠮᠲᠠᠯᠠᠬᠤ ᠲᠤᠬᠠᠢ 92 ᠴᠢᠬᠤᠯᠠ ᠵᠣᠬᠢᠶᠠᠯ᠎ᠢ ᠣᠷᠣᠭᠤᠯᠪᠠ᠂ ᠡᠭᠦᠨ᠎ᠳᠦ ᠬᠡᠰᠡᠭ ᠵᠣᠬᠢᠶᠠᠯ᠎ᠢ ᠠᠩᠬ᠎ᠠ ᠤᠳᠠᠭ᠎ᠠ ᠢᠯᠡ ᠪᠡᠷ ᠨᠡᠢᠲᠡᠯᠡᠵᠦ᠍ ᠪᠠᠢᠨ᠎ᠠ᠃
ᠥᠭᠡᠷᠡᠴᠢᠯᠡᠯᠲᠡ ᠨᠡᠭᠡᠭᠡᠯᠳᠡ ᠪᠣᠯ ᠨᠠᠮ ᠪᠠ ᠠᠷᠠᠳ ᠲᠦᠮᠡᠨ᠎ᠦ ᠦᠢᠯᠡᠰ᠎ᠦᠨ ᠲᠤᠮᠤ ᠠᠯᠬᠤᠮ᠎ᠢᠶᠠᠷ ᠴᠠᠭ ᠦᠶ᠎ᠡ᠎ᠶ᠋ᠢ ᠬᠥᠭᠡᠭᠡᠵᠦ᠍ ᠭᠦᠢᠴᠡᠬᠰᠡᠨᠦ ᠴᠢᠬᠤᠯᠠ ᠠᠨᠢᠰᠦ ᠮᠥᠨ᠃ ᠨᠠᠮ᠎ᠤᠨ ᠠᠷᠪᠠᠨ ᠨᠠᠢ᠍ᠮᠠᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠭᠤᠷᠪᠠᠳᠤᠭᠠᠷ ᠪᠦᠬᠦᠳᠡ ᠬᠤᠷᠠᠯ᠎ᠠᠴᠠ ᠱᠢᠨ᠎ᠡ ᠴᠠᠭ ᠦᠶ᠎ᠡ᠎ᠶᠢᠨ ᠥᠭᠡᠷᠡᠴᠢᠯᠡᠯᠲᠡ᠎ᠶᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠂ ᠥᠭᠡᠷᠡᠴᠢᠯᠡᠯᠲᠡ᠎ᠶᠢ ᠱᠢᠰᠲ᠋ᠧᠮ᠎ᠲᠡᠶ ᠪᠦᠬᠦᠯᠢ ᠴᠣᠭ᠍ᠴᠠ᠎ᠪᠠᠷ ᠵᠢᠷᠤᠵᠤ ᠲᠦᠯᠦᠪᠯᠡᠨ ᠠᠬᠢᠭᠤᠯᠬᠤ ᠱᠢᠨ᠎ᠡ ᠠᠶᠠᠨ᠎ᠢ ᠡᠬᠢᠯᠡᠬᠦᠯᠵᠦ᠂ ᠮᠠᠨ᠎ᠤ ᠤᠯᠤᠰ᠎ᠤᠨ ᠥᠭᠡᠷᠡᠴᠢᠯᠡᠯᠲᠡ ᠨᠡᠬᠡᠬᠡᠯᠳᠡ᠎ᠶ᠋ᠢᠨ ᠴᠣ ᠱᠢᠨ᠎ᠡ ᠪᠠᠢᠳᠠᠯ᠎ᠢ ᠡᠭᠦᠳᠦᠭ᠌ᠰᠡᠨ ᠨᠢ ᠴᠠᠭ ᠦᠶ᠎ᠡ᠎ᠶ᠋ᠢ ᠵᠠᠭᠠᠭ᠍ᠯᠠᠭ᠍ᠰᠠᠨ ᠠᠴᠢ ᠬᠣᠯᠪᠣᠭ᠍ᠳᠠᠯ᠎ᠲᠠᠶ ᠶᠤᠮ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠭᠤᠷᠪᠠᠳᠤᠭᠠᠷ ᠪᠥᠬᠥᠳᠡ ᠬᠤᠷᠠᠯ᠎ᠠᠴᠠ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠲᠠᠯ᠎ᠠ ᠪᠠᠷ ᠱᠢᠰᠲ᠋ᠧᠮ ᠲᠡᠶ ᠤᠬᠠᠭᠠᠯᠠᠨ ᠲᠦᠰᠦᠪᠯᠡᠵᠦ᠂ ᠥᠭᠡᠷᠡᠴᠢᠯᠡᠯᠲᠡ᠎ᠶᠢ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌᠎ᠶᠢᠨ ᠥᠷᠭᠡᠴᠡ ᠪᠠ ᠭᠦᠨᠴᠡ ᠲᠡᠢᠰᠢ ᠤᠷᠤᠭ᠍ᠰᠢᠯᠠᠬᠤ᠎ᠶ᠋ᠢ ᠠᠬᠢᠭᠤᠯᠪᠠ᠃ ᠶᠡᠷᠦᠩᠬᠡᠢ ᠱᠦᠵᠢ ᠰᠢ ᠵᠢᠨ ᠫᠢᠩ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠠᠵᠢᠯ᠎ᠢ ᠪᠡᠶ᠎ᠡ᠎ᠪᠡᠷ᠎ᠢᠶᠡᠨ ᠤᠳᠤᠷᠢᠳᠴᠤ᠂ ᠪᠡᠶ᠎ᠡ᠎ᠪᠡᠷ᠎ᠢᠶᠡᠨ ᠪᠠᠢᠷᠢᠯᠠᠭᠤᠯᠵᠤ᠂ ᠪᠡᠶ᠎ᠡ᠎ᠪᠡᠷ᠎ᠢᠶᠡᠨ ᠠᠬᠢᠭᠤᠯᠵᠤ᠂ ᠲᠡᠦᠬᠡ᠎ᠶ᠋ᠢᠨ ᠲᠤᠷᠱᠢᠯᠭ᠎ᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠳ᠋ᠦᠩᠨᠡᠵᠦ᠂ ᠥᠭᠡᠷᠡᠴᠢᠯᠡᠯᠲᠡ᠎ᠶ᠋ᠢᠨ ᠵᠢᠮ᠎ᠡ ᠶᠣᠰᠣ᠎ᠶ᠋ᠢ ᠭᠦᠨᠵᠡᠭᠡᠶ ᠡᠵᠡᠮᠱᠢᠵᠦ᠂ ᠮᠠᠷᠺᠰ᠎ᠤᠨ ᠦᠵᠡᠯ᠎ᠦᠨ ᠵᠣᠭ᠍ᠰᠣᠯᠲᠠ ᠦᠵᠡᠯᠲᠡ ᠠᠷᠭ᠎ᠠ᠎ᠶ᠋ᠢ ᠬᠡᠷᠡᠭ᠌ᠯᠡᠵᠦ᠂ ᠱᠢᠷᠢᠰ ᠱᠢᠨ᠎ᠡ ᠦᠵᠡᠯ ᠰᠠᠨᠠᠭ᠎ᠠ᠂ ᠱᠢᠨ᠎ᠡ ᠦᠵᠡᠯᠲᠡ᠂ ᠱᠢᠨ᠎ᠡ ᠨᠤᠲᠠᠯᠠᠯᠲᠠ᠎ᠶᠢ ᠪᠦᠲᠦᠭᠡᠯᠴᠢ ᠴᠢᠨᠠᠷᠲᠠᠢ ᠳᠤᠷᠠᠳᠤᠨ ᠭᠠᠷᠭᠠᠵᠤ᠂ ᠱᠢᠨ᠎ᠡ ᠴᠠᠭ ᠦᠶ᠎ᠡ᠎ᠳᠦ ᠶᠠᠭᠤᠨ᠎ᠳᠤ ᠥᠭᠡᠷᠡᠴᠢᠯᠡᠯᠲᠡ᠎ᠶᠢ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌᠂ ᠥᠭᠡᠷᠡᠴᠢᠯᠡᠯᠲᠡ᠎ᠶᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠶᠢ ᠬᠡᠷᠬᠢᠨ ᠠᠬᠢᠭᠤᠯᠬᠤ ᠵᠡᠷᠭᠡ ᠴᠢᠬᠤᠯᠠ ᠶᠡᠬᠡ ᠠᠰᠠᠭᠤᠳᠠᠯ᠎ᠢ ᠳᠤᠳᠤᠷᠬᠠᠢ ᠬᠠᠷᠢᠭᠤᠯᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢᠨ ᠬᠠᠮᠤᠭ᠎ᠤᠨ ᠠᠮᠢᠳᠤᠯᠢᠭ᠂ ᠬᠠᠮᠤᠭ᠎ᠤᠨ ᠪᠦᠲᠦᠭᠡᠯᠴᠢ ᠴᠢᠨᠠᠷ ᠲᠠᠶ ᠪᠦᠷᠢᠯᠳᠦᠬᠦᠨ ᠬᠡᠰᠡᠭ᠎ᠢ ᠪᠦᠷᠢᠯᠳᠦᠬᠦᠯᠦᠭᠰᠡᠨ ᠨᠢ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠥᠬᠥ᠌ ᠲᠠᠯ᠎ᠠ ᠪᠠᠷ ᠠᠬᠢᠭᠤᠯᠬᠤ ᠳᠦ ᠮᠠᠰᠢ ᠴᠢᠬᠤᠯᠠ ᠵᠢᠯᠣᠭᠣᠳᠭᠤ ᠠᠴᠢ ᠬᠣᠯᠪᠣᠭ᠍ᠳᠠᠯ᠎ᠲᠠᠶ ᠶᠤᠮ᠃