ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠮᠣᠩᠭᠣᠯ ᠬᠡᠯᠡ ᠰᠣᠷᠣᠶ᠎ᠠ
ᠪᠣᠬᠢᠷᠳᠠᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠵᠢᠷᠤᠬᠲᠦ᠍ ᠮᠡᠳᠡᠭᠡ
ᠸᠠᠩ ᠯᠢ ᠰᠢᠶᠠ ᠬᠢᠩᠭ᠋ᠠᠨ ᠠᠢ᠌ᠮᠠᠭ᠎ᠲᠤ ᠬᠦᠷᠴᠦ ᠪᠠᠢ᠌ᠴᠠᠭ᠋ᠠᠨ ᠰᠤᠳᠤᠯᠤᠯᠲᠠ ᠬᠢᠪᠡ
ᠨᠡᠶ᠋ᠢᠲᠡᠯᠡᠭᠰᠡᠨ ᠴᠠᠭ᠄ 2025-04-17

      3 ᠰᠠᠷ᠎ᠠ ᠵᠢᠨ 31᠎ᠤ ᠡᠳᠦᠷ᠎ᠠᠴᠠ 4 ᠰᠠᠷ᠎ᠠ ᠵᠢᠨ 1᠎ᠤ ᠡᠳᠦᠷ ᠪᠣᠯᠲᠠᠯ᠎ᠠ᠂ ᠸᠠᠩ ᠯᠢ ᠰᠢᠶᠠ ᠴᠢᠬᠤᠯᠠ ᠶᠡᠬᠡ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠠᠭ᠋ᠠᠯᠳᠠ ᠵᠢᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ᠂ ᠣᠶ ᠰᠢᠭᠤᠢ ᠨᠤᠲᠤᠭ ᠪᠡᠯᠴᠢᠭᠡᠷ᠎ᠢ ᠡᠪᠳᠡᠨ ᠰᠦᠢ᠍ᠳᠬᠡᠭᠰᠡᠨ ᠠᠵᠢᠯᠯᠠᠭ᠎ᠠ ᠵᠢ ᠴᠡᠭᠴᠡᠯᠡᠨ ᠵᠠᠰᠠᠬᠤ ᠵᠡᠷᠭᠡ ᠵᠢᠨ ᠲᠤᠬᠠᠢ ᠬᠢᠩᠭ᠋ᠠᠨ ᠠᠢ᠌ᠮᠠᠭ᠎ᠲᠤ ᠭᠦᠨᠵᠡᠭᠡᠢ᠌ᠷᠡᠨ ᠪᠠᠢ᠌ᠴᠠᠭ᠋ᠠᠨ ᠰᠤᠳᠤᠯᠤᠯᠲᠠ ᠬᠢᠪᠡ᠃

图片01.jpg

      3 ᠰᠠᠷ᠎ᠠ ᠵᠢᠨ 31᠎ᠤ ᠡᠳᠦᠷ᠂ ᠸᠠᠩ ᠯᠢ ᠰᠢᠶᠠ ᠵᠢᠨ ᠹᠧᠩ ᠪᠣᠬᠢᠷᠳᠤᠯ ᠦᠭᠡᠢ ᠡᠨᠧᠷᠭᠢ ᠬᠢᠮᠢ ᠵᠢᠨ ᠠᠵᠤ ᠦᠢ᠍ᠯᠡᠳᠪᠦᠷᠢ ᠵᠢᠨ ᠺᠣᠮᠫᠠᠨᠢ᠎ᠳᠤ ᠢᠷᠡᠵᠤ᠂ ᠠᠮᠢᠳᠤ ᠪᠣᠳᠠᠰ᠎ᠤᠨ ᠮᠠᠰ᠎ᠢ ᠬᠡᠢ᠌ᠵᠢᠭᠦᠯᠬᠦ ᠡᠪᠴᠡᠯᠳᠦᠭᠦᠯᠦᠭᠰᠡᠨ ᠪᠣᠬᠢᠷᠳᠤᠯ ᠦᠭᠡᠢ ᠠᠯᠺᠣᠣᠯ᠎ᠤᠨ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠪᠠᠢ᠌ᠳᠠᠯ᠎ᠢ ᠣᠢ᠌ᠯᠠᠭ᠋ᠠᠪᠠ᠃ ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ

图片02.jpg

      3 ᠰᠠᠷ᠎ᠠ ᠵᠢᠨ 31᠎ᠤ ᠡᠳᠦᠷ᠂ ᠸᠠᠩ ᠯᠢ ᠰᠢᠶᠠ ᠲᠤᠮᠳᠠᠳᠤ ᠤᠯᠤᠰ᠎ᠤᠨ ᠭᠤᠸᠠᠩ ᠾᠧ ᠪᠦᠯᠦᠭᠯᠡᠯ᠎ᠤᠨ ᠬᠢᠩᠭ᠋ᠠᠨ ᠠᠢ᠌ᠮᠠᠭ᠎ᠤᠨ ᠠᠵᠢᠯᠯᠠᠭᠤᠯᠵᠤ ᠠᠷᠠᠴᠢᠯᠠᠬᠤ ᠰᠠᠭᠤᠷᠢᠨ ᠭᠠᠵᠠᠷ᠎ᠲᠤ ᠰᠢᠨ᠎ᠡ ᠡᠨᠧᠷᠭᠢ ᠵᠢᠨ ᠣᠶᠤᠨᠴᠢ ᠠᠵᠢᠯᠯᠠᠭᠤᠯᠵᠤ ᠠᠷᠠᠴᠢᠯᠠᠬᠤ ᠲᠥᠷᠥᠯ ᠵᠦᠢ᠍ᠯ᠎ᠤᠨ ᠬᠣᠯᠪᠣᠭᠳᠠᠯ ᠪᠦᠬᠦᠢ ᠪᠠᠢ᠌ᠳᠠᠯ᠎ᠢ ᠣᠢ᠌ᠯᠠᠭ᠋ᠠᠪᠠ᠃ ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ
      ᠨᠢᠰᠬᠡᠯ᠎ᠠᠴᠠ ᠪᠠᠭᠤᠮᠠᠭᠴᠠ᠂ ᠸᠠᠩ ᠯᠢ ᠰᠢᠶᠠ ᠵᠢᠨ ᠹᠧᠩ ᠪᠣᠬᠢᠷᠳᠤᠯ ᠦᠭᠡᠢ ᠡᠨᠧᠷᠭᠢ ᠬᠢᠮᠢ ᠵᠢᠨ ᠠᠵᠤ ᠦᠢ᠍ᠯᠡᠳᠪᠦᠷᠢ ᠵᠢᠨ ᠺᠣᠮᠫᠠᠨᠢ᠂ ᠲᠤᠮᠳᠠᠳᠤ ᠤᠯᠤᠰ᠎ᠤᠨ ᠭᠤᠸᠠᠩ ᠾᠧ ᠪᠦᠯᠦᠭᠯᠡᠯ᠎ᠤᠨ ᠬᠢᠩᠭ᠋ᠠᠨ ᠠᠢ᠌ᠮᠠᠭ᠎ᠤᠨ ᠠᠵᠢᠯᠯᠠᠭᠤᠯᠵᠤ ᠠᠷᠠᠴᠢᠯᠠᠬᠤ ᠰᠠᠭᠤᠷᠢᠨ᠎ᠳᠤ ᠬᠦᠷᠴᠦ᠂ ᠠᠮᠢᠳᠤ ᠪᠣᠳᠠᠰ᠎ᠤᠨ ᠮᠠᠰ᠎ᠢ ᠬᠡᠢ᠌ᠵᠢᠭᠦᠯᠬᠦ ᠡᠪᠴᠡᠯᠳᠦᠭᠦᠯᠦᠭᠰᠡᠨ ᠪᠣᠬᠢᠷᠳᠤᠯ ᠦᠭᠡᠢ ᠠᠯᠺᠣᠣᠯ ᠪᠣᠯᠣᠨ ᠰᠢᠨ᠎ᠡ ᠡᠨᠧᠷᠭᠢ ᠵᠢᠨ ᠣᠶᠤᠨᠴᠢ ᠠᠵᠢᠯᠯᠠᠭᠤᠯᠵᠤ ᠠᠷᠠᠴᠢᠯᠠᠬᠤ ᠲᠦᠷᠦᠯ ᠵᠦᠢ᠍ᠯ᠎ᠢ ᠪᠠᠢ᠌ᠴᠠᠭ᠋ᠠᠨ ᠦᠵᠡᠵᠦ᠂ ᠲᠤᠬᠠᠢ ᠵᠢᠨ ᠭᠠᠵᠠᠷ᠎ᠤᠨ᠎ᠬᠢᠨ᠎ᠳᠤ ᠪᠣᠬᠢᠷᠳᠤᠯ ᠦᠭᠡᠢ ᠴᠠᠬᠢᠯᠭ᠋ᠠᠨ᠎ᠢ ᠪᠣᠬᠢᠷᠳᠤᠯ ᠦᠭᠡᠢ ᠡᠨᠧᠷᠭᠢ ᠪᠣᠯᠭ᠋ᠠᠨ ᠬᠤᠪᠢᠷᠠᠭᠤᠯᠬᠤ᠎ᠪᠠᠷ ᠰᠢᠪᠲᠤᠯᠤᠯᠲᠠ ᠪᠣᠯᠭ᠋ᠠᠵᠤ᠂ ᠪᠦᠬᠦ ᠠᠵᠤ ᠦᠢ᠍ᠯᠡᠰ᠎ᠤᠨ ᠬᠡᠯᠬᠢᠶ᠎ᠡ᠎ᠪᠠᠷ ᠪᠣᠬᠢᠷᠲᠤᠯ ᠦᠭᠡᠢ ᠤᠰᠤᠲᠥ᠋ᠷᠥᠭᠴᠢ ᠰᠢᠪᠲᠦᠷᠲᠦ ᠠᠯᠺᠣᠣᠯ᠎ᠤᠨ ᠠᠵᠤ ᠦᠢ᠍ᠯᠡᠰ᠎ᠤᠨ ᠬᠥᠭᠵᠢᠯᠲᠡ ᠵᠢ ᠤᠬᠠᠭ᠋ᠠᠯᠠᠨ ᠲᠥᠯᠥᠪᠯᠡᠬᠦ ᠬᠡᠷᠡᠭᠲᠡᠢ᠃ ᠠᠢ᠌ᠮᠠᠭ ᠬᠤᠳᠠ ᠵᠢᠨ ᠬᠣᠭᠣᠷᠣᠨᠳᠤᠬᠢ ᠨᠢᠭᠡᠳᠦᠯᠲᠡᠢ ᠲᠥᠯᠦᠪᠵᠢᠭᠦᠯᠭᠡ ᠵᠢ ᠴᠢᠩᠭ᠋ᠠᠳᠬᠠᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠵᠶ᠋ᠠᠷ ᠡᠷᠳᠡᠨᠢ ᠰᠢᠰᠢ ᠵᠢᠨ ᠡᠰᠢ ᠰᠦᠷᠡᠯ ᠵᠡᠷᠭᠡ ᠠᠮᠢᠳᠤ ᠪᠣᠳᠠᠰ᠎ᠤᠨ ᠡᠰ᠎ᠤᠨ ᠲᠦᠭᠦᠬᠡᠢ ᠮᠠᠲ᠋ᠧᠷᠢᠶᠠᠯ᠎ᠤᠨ ᠲᠣᠭᠲᠠᠭᠤᠨ ᠬᠠᠩᠭ᠋ᠠᠯᠭ᠎ᠠ ᠵᠢ ᠪᠠᠲᠤᠯᠠᠵᠤ᠂ ᠠᠵᠤ ᠠᠬᠤᠢ᠌ᠯᠠᠯ ᠪᠣᠯᠣᠨ ᠮᠠᠯᠴᠢᠨ ᠲᠠᠷᠢᠶᠠᠴᠢᠨ᠎ᠳᠤ ᠬᠣᠣᠰ ᠠᠰᠢᠭ ᠬᠦᠷᠲᠡᠭᠡᠬᠦ ᠬᠡᠷᠡᠭᠲᠡᠢ᠃ 《ᠵᠢᠷᠭᠤᠭ᠋ᠠᠨ ᠠᠵᠢᠯᠯᠠᠭ᠎ᠠ》 ᠵᠢ ᠮᠥᠷᠳᠡᠨ ᠵᠣᠬᠢᠴᠠᠭᠤᠯᠵᠤ᠂ 《ᠠᠷᠪᠠᠨ ᠶᠡᠬᠡ ᠠᠵᠤ ᠦᠢ᠍ᠯᠡᠰ᠎ᠤᠨ ᠪᠦᠯᠦᠭᠵᠢᠯ》 ᠪᠣᠯᠣᠨ ᠭᠣᠣᠯᠳᠠᠯᠭ᠎ᠠ᠎ᠲᠠᠢ ᠠᠵᠤ ᠠᠬᠤᠢ᠌ᠯᠠᠯ᠎ᠤᠨ ᠲᠣᠭᠣᠷᠢᠨ᠎ᠳᠤ ᠠᠵᠤ ᠦᠢ᠍ᠯᠡᠰ᠎ᠤᠨ ᠬᠡᠯᠬᠢᠶ᠎ᠡ ᠵᠢᠨ ᠠᠷᠠᠯᠵᠢᠶᠠᠴᠢᠨ ᠤᠷᠢᠬᠤ ᠠᠵᠢᠯᠯᠠᠭ᠎ᠠ ᠥᠷᠨᠢᠭᠦᠯᠵᠦ᠂ ᠴᠢᠬᠤᠯᠠ ᠶᠡᠬᠡ ᠲᠦᠷᠦᠯ ᠵᠦᠢ᠍ᠯ ᠪᠣᠯᠣᠨ ᠪᠡᠯᠡ ᠣᠷᠣᠭᠤᠯᠤᠯᠲᠠ ᠵᠢ ᠪᠦᠬᠦ ᠬᠦᠴᠦᠨ ᠵᠶ᠋ᠡᠷ ᠵᠶ᠋ᠡᠨ ᠰᠠᠢ᠌ᠲᠤᠷ ᠠᠳᠬᠤᠵᠤ᠂ ᠠᠶᠤᠯᠭᠦᠢ ᠦᠢ᠍ᠯᠡᠳᠪᠦᠷᠢᠯᠡᠯ᠎ᠤᠨ ᠬᠣᠷᠢᠭ᠎ᠠ ᠱᠤᠭᠤᠮ᠎ᠢ ᠪᠠᠲᠤ ᠰᠠᠬᠢᠵᠤ᠂ ᠠᠵᠤ ᠠᠬᠤᠢ ᠵᠢᠨ 《ᠪᠥᠬᠥ ᠤᠯᠠᠷᠢᠯ᠎ᠪᠠᠷ ᠵᠶ᠋ᠡᠨ ᠠᠮᠵᠢᠯᠲᠠ᠎ᠲᠠᠢ》᠂ 《ᠪᠥᠬᠥ ᠵᠢᠯ ᠵᠶ᠋ᠡᠷ ᠵᠶ᠋ᠡᠨ ᠠᠮᠵᠢᠯᠲᠠ᠎ᠲᠠᠢ》 ᠪᠠᠢ᠌ᠬᠤ ᠵᠢ ᠠᠬᠢᠭᠤᠯᠬᠤ ᠬᠡᠷᠡᠭᠲᠡᠢ ᠭᠡᠵᠦ ᠵᠠᠬᠢᠪᠠ᠃

图片03.jpg

      4 ᠰᠠᠷ᠎ᠠ ᠵᠢᠨ 1᠎ᠤ ᠡᠳᠦᠷ᠂ ᠸᠠᠩ ᠯᠢ ᠰᠢᠶᠠ ᠤᠷᠢᠳᠴᠢᠯᠠᠨ ᠮᠡᠳᠡᠭᠳᠡᠭᠰᠡᠨ ᠦᠭᠡᠢ᠎ᠪᠠᠷ ᠲᠡᠮᠡᠭᠡᠴᠢ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠭᠣᠣᠯ ᠭᠠᠵᠠᠷ ᠵᠶ᠋ᠠᠷ ᠰᠢᠭᠤᠳ ᠬᠦᠷᠴᠦ ᠨᠢᠭᠤᠴᠠ᠎ᠪᠠᠷ ᠪᠠᠢ᠌ᠴᠠᠭ᠋ᠠᠨ ᠰᠤᠷᠪᠤᠯᠵᠢᠯᠠᠪᠠ᠃ ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ
      ᠸᠠᠩ ᠯᠢ ᠰᠢᠶᠠ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠯᠲᠠ ᠵᠢᠨ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠤᠷᠢᠳᠴᠢᠯᠠᠨ ᠮᠡᠳᠡᠭᠳᠡᠭᠰᠡᠨ ᠦᠭᠡᠢ᠎ᠪᠠᠷ ᠲᠡᠮᠡᠭᠡᠴᠢ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠭᠣᠣᠯ ᠭᠠᠵᠠᠷ ᠵᠶ᠋ᠠᠷ ᠰᠢᠭᠤᠳ ᠬᠦᠷᠴᠦ ᠨᠢᠭᠤᠴᠠ᠎ᠪᠠᠷ ᠪᠠᠢ᠌ᠴᠠᠭ᠋ᠠᠨ ᠰᠤᠷᠪᠤᠯᠵᠢᠯᠠᠵᠤ᠂ ᠳᠦᠷᠢᠮ᠎ᠠᠴᠠ ᠵᠥᠷᠢᠴᠡᠨ ᠪᠠᠢ᠌ᠭᠤᠯᠤᠭᠰᠠᠨ ᠦᠬᠡᠷ᠎ᠤᠨ ᠰᠠᠷᠠᠪᠴᠢ ᠪᠠ ᠥᠩᠭᠡᠷᠡᠭᠰᠡᠨ᠎ᠳᠤ ᠡᠪᠡᠰᠦᠨ ᠡᠮ ᠳᠠᠷᠢᠭᠰᠠᠨ ᠣᠷᠣ ᠮᠥᠷ᠎ᠢ ᠣᠯᠵᠤ ᠬᠠᠷᠠᠪᠠ᠂ ᠲᠡᠷᠡ ᠲᠤᠬᠠᠢ ᠵᠢᠨ ᠭᠠᠵᠠᠷ᠎ᠤᠨ᠎ᠬᠢᠨ᠎ᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠨᠠᠶ᠋ᠢᠳᠠᠯᠭ᠎ᠠ ᠵᠢ ᠪᠠᠲᠤ ᠴᠡᠭᠡᠵᠢᠯᠡᠵᠦ᠂ ᠨᠤᠲᠤᠭ ᠪᠡᠯᠴᠢᠭᠡᠷ᠎ᠢ ᠬᠠᠮᠠᠭ᠋ᠠᠯᠠᠬᠤ ᠵᠢ ᠤᠯᠤᠰ ᠲᠥᠷᠥ ᠵᠢᠨ ᠡᠭᠦᠷᠭᠡ ᠪᠣᠯᠭ᠋ᠠᠵᠤ᠂ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂ ᠲᠠᠩᠰᠠ ᠡᠪᠬᠡᠮᠡᠯ᠎ᠤᠨ ᠳᠣᠲᠣᠷᠠᠬᠢ ᠠᠰᠠᠭᠤᠳᠠᠯ᠎ᠢ 《ᠡᠷᠭᠢᠨ ᠬᠠᠷᠠᠵᠤ》᠂ ᠲᠤᠢ᠌ᠯᠪᠤᠷᠢᠲᠠᠢ ᠴᠡᠭᠴᠡᠯᠡᠨ ᠰᠠᠢ᠌ᠵᠢᠷᠠᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠮᠥᠷᠲᠡᠭᠡᠨ ᠪᠠᠰᠠ ᠨᠢᠭᠡ᠎ᠠᠴᠠ ᠨᠥᠬᠥᠭᠡ ᠵᠢ ᠵᠦᠢ᠍ᠴᠢᠯᠡᠨ ᠮᠡᠳᠡᠵᠦ᠂ ᠪᠦᠬᠦ ᠲᠠᠯ᠎ᠠ᠎ᠪᠠᠷ ᠵᠢᠭᠰᠠᠭ᠋ᠠᠨ ᠪᠠᠢ᠌ᠴᠠᠭ᠋ᠠᠵᠤ᠂ ᠶᠠᠮᠠᠷᠪᠠ ᠬᠡᠯᠪᠡᠷᠢ ᠵᠢᠨ ᠨᠤᠲᠤᠭ ᠪᠡᠯᠴᠢᠭᠡᠷ᠎ᠢ ᠡᠪᠳᠡᠬᠦ ᠠᠵᠢᠯᠯᠠᠭ᠎ᠠ ᠡᠭᠦᠰᠬᠦ ᠵᠢ ᠴᠢᠩᠭ᠎ᠠ ᠰᠡᠷᠭᠡᠢ᠌ᠯᠡᠬᠦ ᠬᠡᠷᠡᠭᠲᠡᠢ ᠭᠡᠵᠦ ᠱᠠᠭ᠋ᠠᠷᠳᠠᠵᠠᠢ᠃
      ᠤᠢ ᠰᠢᠭᠤᠢ ᠨᠤᠲᠤᠭ ᠪᠡᠯᠴᠢᠭᠡᠷ᠎ᠢ ᠡᠪᠳᠡᠨ ᠰᠦᠢ᠍ᠳᠬᠡᠭᠰᠡᠨ ᠠᠵᠢᠯᠯᠠᠭ᠎ᠠ ᠵᠢ ᠴᠡᠭᠴᠡᠯᠡᠨ ᠵᠠᠰᠠᠬᠤ ᠪᠣᠯ ᠡᠨᠡ ᠤᠳᠠᠭ᠎ᠠ ᠵᠢᠨ ᠪᠠᠢ᠌ᠴᠠᠭ᠋ᠠᠨ ᠰᠤᠳᠤᠯᠤᠯᠲᠠ ᠵᠢᠨ ᠭᠣᠣᠯᠳᠠᠯᠭ᠎ᠠ ᠵᠢᠨ ᠨᠢᠭᠡ ᠪᠣᠯᠣᠨ᠎ᠠ᠃ ᠸᠠᠩ ᠯᠢ ᠰᠢᠶᠠ ᠵᠠᠮ ᠳᠠᠭ᠋ᠠᠤ ᠬᠠᠮᠢᠶ᠎ᠠ ᠪᠦᠬᠦᠢ ᠪᠠᠢ᠌ᠳᠠᠯ᠎ᠢ ᠨᠠᠷᠢᠨ ᠣᠢ᠌ᠯᠠᠭ᠋ᠠᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ ᠥᠨᠳᠥᠷᠴᠡ᠎ᠠᠴᠠ ᠪᠦᠬᠦ ᠣᠷᠣᠨ᠎ᠤ ᠳᠠᠢ᠌ᠴᠢᠯᠠᠯᠲᠠ ᠵᠢᠨ ᠬᠤᠷᠠᠯ᠎ᠤᠨ ᠡᠯ᠎ᠡ ᠵᠦᠢ᠍ᠯ᠎ᠤᠨ ᠪᠠᠢ᠌ᠷᠢᠯᠠᠭᠤᠯᠤᠯᠲᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠲᠦᠷᠭᠡᠨ᠂ ᠴᠢᠩᠭ᠎ᠠ᠂ ᠨᠠᠷᠢᠨ ᠱᠠᠭ᠋ᠠᠷᠳᠠᠯᠭ᠎ᠠ ᠶᠣᠰᠣᠭ᠋ᠠᠷ᠂ ᠬᠠᠤᠯᠢ ᠳᠦᠷᠢᠮ᠎ᠠᠴᠠ ᠵᠥᠷᠢᠴᠡᠭᠰᠡᠨ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠴᠣᠬᠣᠢ᠌ᠮᠠᠭᠴᠠ ᠴᠣᠬᠢᠯᠲᠠ ᠥᠭᠴᠦ᠂ ᠤᠯᠠᠨ ᠲᠦᠮᠡᠨ᠎ᠢ ᠬᠥᠲᠥᠯᠥᠨ ᠳᠠᠭ᠋ᠠᠭᠤᠯᠵᠤ ᠬᠢᠯᠪᠡᠷ ᠪᠤᠰᠤ᠎ᠪᠠᠷ ᠣᠯᠣᠭᠰᠠᠨ ᠠᠮᠢ ᠠᠬᠤᠢ ᠵᠢᠨ ᠪᠦᠲᠦᠭᠡᠨ ᠪᠠᠢ᠌ᠭᠤᠯᠤᠯᠲᠠ ᠵᠢᠨ ᠦᠷ᠎ᠡ ᠪᠦᠲᠦᠭᠡᠯ᠎ᠢ ᠬᠠᠮᠲᠤ᠎ᠪᠠᠷ ᠰᠠᠢ᠌ᠲᠤᠷ ᠬᠠᠮᠠᠭ᠋ᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠵᠠᠮ ᠵᠠᠭᠤᠷ᠎ᠠ᠎ᠪᠠᠨ ᠲᠡᠷᠡ ᠪᠠᠰᠠ ᠠᠮᠢ ᠠᠬᠤᠢ ᠵᠢᠨ ᠬᠠᠮᠠᠭ᠋ᠠᠯᠠᠯᠲᠠ ᠵᠢ ᠠᠳᠬᠤᠬᠤ᠎ᠳᠤ ᠣᠷᠴᠢᠨ ᠲᠣᠭᠣᠷᠢᠨ᠎ᠤ ᠡᠷᠡᠭᠦᠯ ᠬᠠᠮᠠᠭ᠋ᠠᠯᠠᠯ ᠭᠡᠬᠦ ᠡᠨᠡ ᠬᠦ᠌ ᠦᠨᠳᠦᠰᠦᠨ ᠵᠦᠢ᠍ᠯ᠎ᠠᠴᠠ ᠡᠬᠢᠯᠡᠨ ᠠᠳᠬᠤᠵᠤ᠂ ᠶᠡᠷᠦᠩᠬᠡᠢ᠌ᠯᠡᠨ ᠴᠡᠭᠴᠡᠯᠡᠨ ᠵᠠᠰᠠᠬᠤ ᠵᠢ ᠪᠠᠢ᠌ᠩᠭᠤᠵᠢᠭᠤᠯᠤᠨ ᠥᠷᠨᠢᠭᠦᠯᠵᠦ᠂ ᠴᠡᠪᠡᠷ ᠲᠡᠭᠰᠢ ᠣᠷᠣᠰᠢᠨ ᠰᠠᠭᠤᠬᠤ ᠣᠷᠴᠢᠨ ᠨᠥᠬᠥᠴᠡᠯ᠎ᠢ ᠪᠤᠢ ᠪᠣᠯᠭ᠋ᠠᠬᠤ ᠬᠡᠷᠡᠭᠲᠡᠢ ᠭᠡᠵᠦ ᠣᠯᠠᠨᠲᠠ ᠴᠢᠬᠤᠯᠠᠴᠢᠯᠠᠪᠠ᠃

图片04.jpg

      4 ᠰᠠᠷ᠎ᠠ ᠵᠢᠨ 1᠎ᠤ ᠡᠳᠦᠷ᠂ ᠸᠠᠩ ᠯᠢ ᠰᠢᠶᠠ ᠵᠠᠯᠠᠢ᠌ᠳ ᠬᠣᠰᠢᠭᠤᠨ᠎ᠤ ᠰᠢᠩ ᠬᠤᠸᠠ ᠭᠠᠴᠠᠭ᠎ᠠ ᠵᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠲᠦᠷᠦᠯ ᠵᠦᠢ᠍ᠯ᠎ᠤᠨ ᠲᠣᠭᠣᠷᠢᠭ᠎ᠲᠤ ᠬᠦᠷᠴᠦ᠂ ᠲᠤᠬᠠᠢ ᠵᠢᠨ ᠭᠠᠵᠠᠷ᠎ᠤᠨ᠎ᠬᠢᠨ᠎ᠢ ᠪᠦᠬᠦ ᠣᠷᠣᠨ ᠪᠦᠰᠡ᠎ᠪᠠᠷ ᠠᠬᠢᠭᠤᠯᠬᠤ ᠠᠵᠠ ᠲᠣᠬᠢᠶᠠᠯ᠎ᠢ ᠡᠵᠡᠮᠳᠡᠵᠦ᠂ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠠᠷᠭ᠎ᠠ ᠬᠡᠯᠪᠡᠷᠢ ᠵᠢᠨ ᠰᠢᠨ᠎ᠡ ᠵᠢ ᠡᠭᠦᠳᠴᠦ᠂ ᠰᠢᠨᠵᠢᠯᠡᠬᠦ ᠤᠬᠠᠭ᠋ᠠᠨᠴᠢ᠎ᠪᠠᠷ ᠭᠠᠵᠠᠷ ᠰᠢᠷᠣᠢ ᠵᠢᠨ ᠡᠵᠡᠩᠨᠡᠯᠲᠡ ᠵᠢᠨ ᠡᠷᠬᠡ ᠵᠢ ᠬᠦᠢ᠍ᠯᠭᠡᠭᠡᠵᠦ᠂ ᠵᠣᠬᠢᠰᠲᠠᠢ ᠬᠡᠪᠴᠢᠶᠡᠵᠢᠭᠦᠯᠦᠨ ᠡᠵᠡᠩᠨᠡᠬᠦ ᠬᠡᠷᠡᠭᠲᠡᠢ ᠭᠡᠵᠦ ᠵᠠᠬᠢᠪᠠ᠃ ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ
      ᠬᠠᠪᠤᠷ᠎ᠤᠨ ᠲᠠᠷᠢᠶᠠᠯᠠᠭ᠎ᠠ ᠤᠳᠠᠯ ᠦᠭᠡᠢ ᠪᠣᠯᠬᠤ ᠭᠡᠵᠦ ᠪᠠᠢ᠌ᠭ᠎ᠠ ᠲᠠᠰᠢᠷᠠᠮ ᠵᠶ᠋ᠠᠷ᠂ ᠸᠠᠩ ᠯᠢ ᠰᠢᠶᠠ ᠵᠠᠯᠠᠢ᠌ᠳ ᠬᠣᠰᠢᠭᠤᠨ᠎ᠤ ᠰᠢᠩ ᠬᠤᠸᠠ ᠭᠠᠴᠠᠭ᠋ᠠᠨ᠎ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠲᠥᠷᠥᠯ ᠵᠦᠢ᠍ᠯ᠎ᠤᠨ ᠲᠣᠭᠣᠷᠢᠭ᠎ᠲᠤ ᠬᠦᠷᠴᠦ᠂ ᠲᠤᠬᠠᠢ ᠵᠢᠨ ᠭᠠᠵᠠᠷ᠎ᠤᠨ᠎ᠬᠢᠨ᠎ᠢ ᠪᠦᠬᠦ ᠣᠷᠣᠨ ᠪᠦᠰᠡ᠎ᠪᠠᠷ ᠠᠬᠢᠭᠤᠯᠬᠤ ᠠᠵᠠ ᠲᠣᠬᠢᠶᠠᠯ᠎ᠢ ᠡᠵᠡᠮᠳᠡᠵᠦ᠂ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠠᠷᠭ᠎ᠠ ᠬᠡᠯᠪᠡᠷᠢ ᠵᠢᠨ ᠰᠢᠨ᠎ᠡ ᠵᠢ ᠡᠭᠦᠳᠴᠦ᠂ ᠰᠢᠨᠵᠢᠯᠡᠬᠦ ᠤᠬᠠᠭ᠋ᠠᠨᠴᠢ᠎ᠪᠠᠷ ᠭᠠᠵᠠᠷ ᠰᠢᠷᠣᠢ ᠵᠢᠨ ᠡᠵᠡᠩᠨᠡᠯᠲᠡ ᠵᠢᠨ ᠡᠷᠬᠡ ᠵᠢ ᠬᠦᠢ᠍ᠯᠭᠡᠭᠡᠵᠦ᠂ ᠵᠣᠬᠢᠰᠲᠠᠢ ᠬᠡᠪᠴᠢᠶᠡᠵᠢᠭᠦᠯᠦᠨ ᠡᠵᠡᠩᠨᠡᠵᠦ᠂ ᠭᠠᠵᠠᠷ᠎ᠤᠨ ᠬᠦᠴᠦᠨ᠎ᠢ ᠨᠡᠮᠡᠭᠳᠡᠭᠦᠯᠬᠦ ᠪᠠ ᠭᠠᠵᠠᠷ ᠬᠡᠷᠡᠭᠯᠡᠬᠦ ᠦᠷ᠎ᠡ ᠪᠦᠳᠦᠮᠵᠢ ᠵᠢ ᠳᠡᠭᠡᠭᠰᠢᠯᠡᠭᠦᠯᠬᠦ ᠵᠢ ᠤᠶᠠᠯᠳᠤᠭᠤᠯᠵᠤ᠂ ᠲᠠᠷᠢᠶᠠᠴᠢᠨ ᠡᠷᠦᠬᠡ ᠵᠢᠨ ᠬᠣᠭᠣᠷᠣᠨᠳᠣᠬᠢ ᠬᠠᠮᠲᠤᠷᠠᠯᠴᠠᠭ᠎ᠠ᠂ ᠨᠡᠢ᠌ᠭᠡᠮᠴᠢᠯᠡᠭᠰᠡᠨ ᠦᠢ᠍ᠯᠡᠴᠢᠯᠡᠭᠡ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ ᠥᠪᠡᠷ᠎ᠤᠨ ᠦᠷᠲᠡᠭ᠎ᠢ ᠪᠠᠭᠤᠷᠠᠭᠤᠯᠵᠤ᠂ ᠤᠯᠠᠨ ᠲᠦᠮᠡᠨ᠎ᠤ ᠣᠷᠣᠯᠭ᠎ᠠ ᠵᠢ ᠨᠡᠮᠡᠭᠳᠡᠭᠦᠯᠵᠦ᠂ ᠣᠳᠣᠬᠢᠴᠢᠯᠠᠭᠰᠠᠨ ᠰᠢᠨ᠎ᠡ ᠮᠠᠯᠵᠢᠬᠤ ᠲᠠᠷᠢᠶᠠᠯᠠᠬᠤ ᠣᠷᠣᠨ᠎ᠢ ᠪᠦᠲᠦᠭᠡᠨ ᠪᠠᠶ᠋ᠢᠭᠤᠯᠬᠤ ᠬᠡᠷᠡᠭᠲᠡᠢ ᠭᠡᠵᠦ ᠵᠠᠬᠢᠪᠠ᠃

图片05.jpg

      4 ᠰᠠᠷ᠎ᠠ ᠵᠢᠨ 1᠎ᠤ ᠡᠳᠦᠷ᠂ ᠸᠠᠩ ᠯᠢ ᠰᠢᠶᠠ ᠲᠤᠰᠬᠠᠢ᠌ᠯᠠᠨ ᠵᠠᠯᠠᠢ᠌ᠳ ᠬᠣᠰᠢᠭᠤᠨ᠎ᠤ ᠪᠠᠶᠠᠨᠵᠢᠷᠦᠬᠡ ᠲᠣᠰᠬᠣᠨ᠎ᠳᠤ ᠬᠦᠷᠴᠦ᠂ ᠲᠣᠰᠬᠣᠨ᠎ᠤ ᠠᠷᠠᠳ᠎ᠲᠠᠢ ᠬᠠᠮᠲᠤ ᠰᠠᠭᠤᠵᠤ᠂ ᠳᠠᠭ᠋ᠠᠭᠤᠯᠢ ᠣᠳᠣᠨ᠎ᠤ ᠠᠯᠤᠰ ᠰᠡᠷᠡᠯ᠎ᠤᠨ ᠵᠢᠷᠤᠭ ᠳᠦᠷᠰᠦ᠎ᠲᠠᠢ ᠬᠠᠷᠭᠤᠭᠤᠯᠵᠤ ᠭᠠᠵᠠᠷ ᠰᠢᠷᠣᠢ ᠵᠢᠨ ᠬᠣᠶᠠᠳᠤᠭ᠋ᠠᠷ ᠡᠭᠡᠯᠵᠢ ᠵᠢᠨ ᠤᠷᠲᠤᠳᠬᠠᠨ ᠳᠠᠭ᠋ᠠᠭ᠋ᠠᠴᠢᠯᠠᠭᠤᠯᠬᠤ ᠲᠤᠷᠰᠢᠯᠲᠠ ᠵᠢᠨ ᠴᠡᠭ᠎ᠤᠨ ᠠᠵᠢᠯ᠎ᠤᠨ ᠪᠠᠢ᠌ᠳᠠᠯ᠎ᠢ ᠣᠢ᠌ᠯᠠᠭ᠋ᠠᠵᠤ᠂ ᠣᠯᠠᠨ ᠲᠦᠮᠡᠨ᠎ᠤ ᠬᠦᠰᠡᠯ ᠱᠠᠭ᠋ᠠᠷᠳᠠᠯᠭ᠎ᠠ ᠵᠢ ᠰᠣᠨᠣᠰᠪᠠ᠃ ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ

图片06.jpg

      ᠵᠠᠯᠠᠢ᠌ᠳ ᠬᠣᠰᠢᠭᠤ ᠪᠣᠯ ᠭᠠᠵᠠᠷ ᠰᠢᠷᠣᠢ ᠵᠢᠨ ᠬᠣᠶᠠᠳᠤᠭ᠋ᠠᠷ ᠡᠭᠡᠯᠵᠢ ᠵᠢᠨ ᠤᠷᠲᠤᠳᠬᠠᠨ ᠳᠠᠭ᠋ᠠᠭ᠋ᠠᠴᠢᠯᠠᠭᠤᠯᠬᠤ ᠲᠤᠷᠰᠢᠯᠲᠠ ᠵᠢᠨ ᠴᠡᠭ᠎ᠤᠨ ᠭᠠᠵᠠᠷ ᠣᠷᠣᠨ ᠪᠣᠯᠣᠨ᠎ᠠ᠂ ᠸᠠᠩ ᠯᠢ ᠰᠢᠶᠠ ᠲᠤᠰᠬᠠᠢ᠌ᠯᠠᠨ ᠪᠠᠶᠠᠨᠵᠢᠷᠦᠬᠡ ᠲᠣᠰᠬᠣᠨ᠎ᠳᠤ ᠬᠦᠷᠴᠦ᠂ ᠲᠣᠰᠬᠣᠨ᠎ᠤ ᠠᠷᠠᠳ᠎ᠲᠠᠢ ᠬᠠᠮᠲᠤ ᠰᠠᠭᠤᠵᠤ᠂ ᠳᠠᠭ᠋ᠠᠭᠤᠯᠢ ᠣᠳᠣᠨ᠎ᠤ ᠠᠯᠤᠰ ᠰᠡᠷᠡᠯ᠎ᠤᠨ ᠵᠢᠷᠤᠭ ᠳᠦᠷᠰᠦ᠎ᠲᠠᠢ ᠬᠠᠷᠭᠤᠭᠤᠯᠵᠤ ᠣᠯᠠᠨ ᠲᠦᠮᠡᠨ᠎ᠤ ᠬᠦᠰᠡᠯ ᠱᠠᠭ᠋ᠠᠷᠳᠠᠯᠭ᠎ᠠ ᠵᠢ ᠣᠢ᠌ᠯᠠᠭ᠋ᠠᠪᠠ᠃ ᠲᠡᠷᠡ᠂ ᠭᠠᠵᠠᠷ ᠰᠢᠷᠣᠢ ᠵᠢᠨ ᠬᠣᠶᠠᠳᠤᠭ᠋ᠠᠷ ᠡᠭᠡᠯᠵᠢ ᠵᠢᠨ ᠳᠠᠭ᠋ᠠᠭ᠋ᠠᠴᠢᠯᠠᠯᠲᠠ ᠵᠢ ᠤᠷᠲᠤᠳᠬᠠᠬᠤ᠎ᠨᠢ ᠤᠯᠠᠨ ᠲᠦᠮᠡᠨ᠎ᠤ ᠲᠤᠰ ᠪᠡᠶ᠎ᠡ ᠵᠢᠨ ᠠᠰᠢᠭ ᠲᠤᠰᠠ᠎ᠲᠠᠢ ᠬᠣᠯᠪᠣᠭᠳᠠᠨ᠎ᠠ᠂ ᠡᠯ᠎ᠡ ᠱᠠᠲᠤᠨ᠎ᠤ᠎ᠬᠢᠨ ᠨᠠᠮ᠎ᠤᠨ ᠲᠥᠪ ᠬᠣᠷᠢᠶᠠᠨ᠎ᠤ ᠲᠦᠷᠦ ᠵᠢᠨ ᠪᠣᠳᠣᠯᠭ᠎ᠠ ᠵᠢ ᠪᠣᠳᠠᠲᠠᠢ ᠣᠢ᠌ᠯᠠᠭ᠋ᠠᠵᠤ᠂ ᠪᠣᠳᠠᠲᠠᠢ ᠤᠬᠠᠭᠤᠯᠵᠤ᠂ ᠲᠡᠦᠬᠡ ᠵᠢᠨ ᠪᠠ ᠪᠣᠳᠠᠲᠠᠢ ᠠᠰᠠᠭᠤᠳᠠᠯ᠎ᠢ ᠨᠢᠭᠡᠳᠦᠯᠲᠡᠢ ᠲᠥᠯᠥᠪᠵᠢᠭᠦᠯᠦᠨ ᠰᠠᠢ᠌ᠲᠤᠷ ᠰᠢᠢ᠍ᠳᠪᠦᠷᠢᠯᠡᠵᠦ᠂ ᠡᠷᠬᠡ ᠲᠡᠭᠰᠢ ᠲᠥᠪ ᠭᠣᠣᠯᠴᠢ᠂ ᠯᠠᠪᠳᠠᠭᠤᠨ ᠪᠠᠲᠤᠲᠠᠢ ᠡᠮᠬᠢ ᠵᠢᠷᠤᠮ᠎ᠲᠠᠢ᠎ᠪᠠᠷ ᠠᠵᠢᠯ ᠵᠶ᠋ᠠᠨ ᠠᠬᠢᠭᠤᠯᠬᠤ ᠬᠡᠷᠡᠭᠲᠡᠢ ᠭᠡᠪᠡ᠃

 

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号