5 ᠰᠠᠷ᠎ᠠ ᠵᠢᠨ 12᠎ᠤᠨ ᠡᠳᠦᠷ᠎ᠠᠴᠠ 13᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠣᠸ᠋ ᠴᠧᠩ ᠪᠠᠶᠠᠨᠨᠠᠭᠤᠷ ᠬᠣᠲᠠ᠎ᠳᠤ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠪᠠᠶ᠋ᠢᠴᠠᠭ᠋ᠠᠨ ᠰᠤᠳᠤᠯᠪᠠ᠃
5 ᠰᠠᠷ᠎ᠠ ᠵᠢᠨ 12᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠣᠸ᠋ ᠴᠧᠩ ᠲᠡᠭᠦᠨ᠎ᠤ ᠬᠠᠷᠢᠯᠴᠠᠵᠤ ᠪᠠᠶ᠋ᠢᠭ᠎ᠠ ᠠᠷᠠᠳ᠎ᠤᠨ ᠡᠵᠡᠩᠨᠡᠭᠰᠡᠨ ᠠᠵᠤ ᠠᠬᠤᠶ᠋ᠢᠯᠠᠯ᠎ᠤᠨ ᠰᠠᠨ ᠷᠦᠢ ᠬᠥᠳᠡᠭᠡ ᠠᠵᠤ ᠠᠬᠤᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠳᠤ ᠢᠷᠡᠵᠦ᠂ ᠨᠡᠷᠡᠨ ᠬᠤᠸᠠᠷ᠎ᠤᠨ ᠡᠭᠦᠯᠳᠡᠷ ᠪᠣᠶ᠋ᠢᠵᠢᠭᠤᠯᠬᠤ᠂ ᠪᠦᠲᠦᠭᠡᠭᠳᠡᠬᠦᠨ᠎ᠤ ᠰᠤᠳᠤᠯᠤᠨ ᠨᠡᠭᠡᠭᠡᠭᠰᠡᠨ ᠪᠠᠶ᠋ᠢᠳᠠᠯ᠎ᠢ ᠨᠠᠷᠢᠨ ᠣᠶ᠋ᠢᠯᠠᠭ᠋ᠠᠪᠠ᠃ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ
5 ᠰᠠᠷ᠎ᠠ ᠵᠢᠨ 12᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠣᠸ᠋ ᠴᠧᠩ ᠲᠡᠭᠦᠨ᠎ᠤ ᠬᠠᠷᠢᠯᠴᠠᠵᠤ ᠪᠠᠶ᠋ᠢᠭ᠎ᠠ ᠠᠷᠠᠳ᠎ᠤᠨ ᠡᠵᠡᠩᠨᠡᠭᠰᠡᠨ ᠠᠵᠤ ᠠᠬᠤᠶ᠋ᠢᠯᠠᠯ᠎ᠤᠨ ᠰᠠᠨ ᠫᠠᠩ ᠳ᠋ᠠᠨ ᠢᠳᠡᠭᠡᠨ᠎ᠤ ᠺᠣᠮᠫᠠᠨᠢ᠎ᠳᠤ ᠬᠦᠷᠴᠦ ᠠᠵᠤ ᠠᠬᠤᠶ᠋ᠢᠯᠠᠯ᠎ᠤᠨ ᠦᠢᠯᠡᠳᠪᠦᠷᠢᠯᠡᠯ ᠡᠵᠡᠩᠨᠡᠯᠲᠡ ᠵᠢᠨ ᠪᠠᠶ᠋ᠢᠳᠠᠯ᠎ᠢ ᠪᠠᠶ᠋ᠢᠴᠠᠭ᠋ᠠᠨ ᠰᠤᠳᠤᠯᠪᠠ᠃ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ
5 ᠰᠠᠷ᠎ᠠ ᠵᠢᠨ 13᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠣᠸ᠋ ᠴᠧᠩ ᠯᠢᠨ ᠾᠧ ᠲᠣᠭᠣᠷᠢᠭ᠎ᠤᠨ ᠵᠢᠨ ᠴᠤᠸᠠᠨ ᠵᠡᠭᠡᠯᠢ ᠭᠤᠳᠤᠮᠵᠢ ᠵᠢᠨ ᠵᠢᠶᠠᠩ ᠯᠢᠨ ᠨᠡᠶ᠋ᠢᠭᠡᠮ ᠲᠣᠭᠣᠷᠢᠭ᠎ᠤᠨ ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡᠨ᠎ᠤ ᠶᠡᠬᠡ ᠲᠠᠩᠬᠢᠮ ᠪᠠ ᠨᠠᠮ᠎ᠤᠨ ᠭᠡᠰᠢᠬᠦᠨ ᠪᠣᠯᠣᠨ ᠣᠯᠠᠨ ᠲᠦᠮᠡᠨ᠎ᠤ ᠦᠢᠯᠡᠴᠢᠯᠡᠭᠡᠨ᠎ᠤ ᠲᠥᠪ᠎ᠲᠤ ᠬᠦᠷᠴᠦ᠂ ᠨᠡᠶ᠋ᠢᠭᠡᠮ ᠲᠣᠭᠣᠷᠢᠭ᠎ᠤᠨ ᠠᠵᠢᠯᠲᠠᠳ᠎ᠲᠠᠢ ᠰᠠᠨᠠᠯ ᠵᠶ᠋ᠠᠨ ᠭᠦᠨᠵᠡᠭᠡᠶ ᠰᠣᠯᠢᠯᠴᠠᠵᠤ᠂ ᠨᠡᠶ᠋ᠢᠭᠡᠮ ᠲᠣᠭᠣᠷᠢᠭ᠎ᠤᠨ ᠠᠵᠢᠯ᠎ᠤᠨ ᠠᠭᠤᠯᠭ᠎ᠠ ᠪᠠ ᠳᠠᠷᠤᠭ᠋ᠠᠰᠤ ᠵᠢ ᠬᠥᠩᠭᠡᠯᠡᠭᠰᠡᠨ ᠦᠷ᠎ᠡ ᠪᠦᠲᠦᠮᠵᠢ ᠵᠢ ᠣᠶ᠋ᠢᠯᠠᠭ᠋ᠠᠪᠠ᠃ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ
ᠰᠦᠨ ᠱᠣᠣ ᠴᠧᠩ ᠲᠡᠭᠦᠨ᠎ᠤ ᠬᠠᠷᠢᠯᠴᠠᠵᠤ ᠪᠠᠶ᠋ᠢᠭ᠎ᠠ ᠠᠷᠠᠳ᠎ᠤᠨ ᠡᠵᠡᠩᠨᠡᠭᠰᠡᠨ ᠠᠵᠤ ᠠᠬᠤᠶ᠋ᠢᠯᠠᠯ᠎ᠤᠨ ᠰᠠᠨ ᠷᠦᠢ ᠬᠥᠳᠡᠭᠡ ᠠᠵᠤ ᠠᠬᠤᠢ ᠵᠢᠨ ᠰᠢᠨᠵᠢᠯᠡᠬᠦ ᠤᠬᠠᠭ᠋ᠠᠨ ᠮᠡᠷᠭᠡᠵᠢᠯ ᠪᠣᠯᠤᠨ ᠰᠠᠨ ᠫᠠᠩ ᠳ᠋ᠠᠨ ᠢᠳᠡᠭᠡᠨ᠎ᠤ ᠺᠣᠮᠫᠠᠨᠢ᠎ᠳᠤ ᠢᠷᠡᠵᠦ᠂ ᠨᠡᠷᠡᠨ ᠬᠤᠸᠠᠷ᠎ᠤᠨ ᠦᠷ᠎ᠡ ᠪᠣᠶ᠋ᠢᠵᠢᠭᠤᠯᠤᠯᠲᠠ᠂ ᠦᠢ᠍ᠯᠡᠳᠬᠦᠨ᠎ᠢ ᠰᠤᠳᠤᠯᠤᠨ ᠨᠡᠭᠡᠭᠡᠬᠦ ᠪᠠ ᠠᠵᠤ ᠠᠬᠤᠶ᠋ᠢᠯᠠᠯ᠎ᠤᠨ ᠦᠢ᠍ᠯᠡᠳᠪᠦᠷᠢᠯᠡᠯ ᠡᠵᠡᠩᠨᠡᠯᠲᠡ ᠵᠡᠷᠭᠡ ᠪᠠᠶ᠋ᠢᠳᠠᠯ᠎ᠢ ᠣᠶ᠋ᠢᠯᠠᠭ᠋ᠠᠵᠤ᠂ ᠠᠵᠤ ᠠᠬᠤᠶ᠋ᠢᠯᠠᠯᠤᠨᠬᠢᠨᠢ ᠪᠠᠶᠠᠵᠢᠭᠰᠠᠨ ᠴᠤ᠌ ᠤᠷᠤᠭᠰᠢᠯᠠᠨ ᠲᠠᠪᠰᠢᠬᠤ ᠵᠢ ᠪᠣᠳᠣᠵᠤ᠂ ᠦᠷ᠎ᠡ ᠡᠳ᠋᠎ᠤᠨ ᠳᠠᠪᠠᠭᠤᠯᠢᠭ᠂ ᠶᠠᠰᠤ ᠴᠢᠨᠠᠷ᠎ᠤᠨ ᠳᠠᠪᠠᠭᠤᠯᠢᠭ᠂ ᠲᠦᠷᠦᠯ ᠲᠡᠮᠳᠡᠭ᠎ᠤᠨ ᠳᠠᠪᠠᠭᠤᠯᠢᠭ᠎ᠢ ᠤᠶᠠᠯᠳᠤᠭᠤᠯᠵᠤ᠂ ᠪᠦᠬᠦ ᠤᠯᠤᠰ᠎ᠤᠨ ᠲᠤᠮᠤ ᠵᠠᠬ᠎ᠠ ᠳᠡᠯᠭᠡᠭᠦᠷ᠎ᠲᠤ ᠠᠩᠬᠠᠷᠤᠯ ᠵᠶ᠋ᠠᠨ ᠲᠦᠪᠯᠡᠷᠡᠬᠦᠯᠵᠦ᠂ ᠴᠢᠨᠠᠷ ᠰᠠᠶ᠋ᠢᠲᠠᠶ ᠦᠢ᠍ᠯᠡᠳᠬᠦᠨ᠎ᠤ ᠬᠠᠩᠭ᠋ᠠᠯᠭ᠎ᠠ ᠵᠢ ᠥᠷᠭᠡᠳᠬᠡᠵᠦ᠂ ᠡᠵᠡᠩᠨᠡᠯᠲᠡ ᠵᠢᠨ ᠦᠷ᠎ᠡ ᠠᠰᠢᠭ ᠪᠠ ᠵᠠᠬ᠎ᠠ ᠳᠡᠯᠭᠡᠭᠦᠷ᠎ᠤᠨ ᠨᠥᠯᠥᠭᠡᠯᠡᠬᠦ ᠬᠦᠴᠦᠨ᠎ᠢ ᠤᠯᠠᠮ ᠨᠢᠭᠡ ᠠᠯᠬᠤᠮ ᠲᠡᠭᠡᠭᠰᠢᠯᠡᠬᠦᠯᠬᠦ ᠬᠡᠷᠡᠭᠲᠡᠢ ᠭᠡᠵᠦ ᠵᠣᠷᠢᠭᠵᠢᠭᠤᠯᠪᠠ᠃ ᠰᠦᠨ ᠱᠤᠤ ᠴᠧᠩ᠂ ᠡᠯ᠎ᠡ ᠱᠠᠲᠤᠨ᠎ᠤ᠎ᠬᠢᠨ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠬᠥᠭᠵᠢᠯᠲᠡ ᠵᠢ ᠠᠬᠢᠭᠤᠯᠬᠤ ᠲᠦᠷᠦ ᠵᠢᠨ ᠪᠤᠳᠤᠯᠭ᠎ᠠ ᠠᠷᠭ᠎ᠠ ᠬᠡᠮᠵᠢᠢ᠎ᠡ ᠵᠢ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠢ ᠦᠨᠡᠨ ᠪᠤᠳᠠᠳᠠᠢ ᠬᠠᠪᠰᠤᠷᠤᠨ ᠬᠦᠴᠢᠷᠳᠡᠯ᠎ᠲᠠᠢ ᠠᠰᠠᠭᠤᠳᠠᠯ᠎ᠢ᠎ᠨᠢ ᠰᠢᠢ᠍ᠳᠪᠦᠷᠢᠯᠡᠵᠦ ᠥᠭᠬᠦ ᠬᠡᠷᠡᠭᠲᠡᠢ ᠭᠡᠵᠡᠢ᠃ ᠯᠢᠨ ᠾᠧ ᠲᠣᠭᠣᠷᠢᠭ᠎ᠤᠨ ᠵᠢᠨ ᠴᠤᠸᠠᠨ ᠵᠡᠭᠡᠯᠢ ᠭᠤᠳᠤᠮᠵᠢ ᠵᠢᠨ ᠵᠢᠶᠠᠩ ᠯᠢᠨ ᠨᠡᠶ᠋ᠢᠭᠡᠮ ᠲᠣᠭᠣᠷᠢᠭ᠎ᠤᠨ ᠠᠷᠠᠳ᠎ᠲᠤ ᠲᠦᠬᠦᠮ ᠦᠵᠡᠭᠦᠯᠬᠦ ᠦᠢ᠍ᠯᠡᠴᠢᠯᠡᠭᠡᠨ᠎ᠤ ᠶᠡᠬᠡ ᠲᠠᠩᠬᠢᠮ ᠪᠣᠯᠤᠨ ᠨᠠᠮ᠎ᠤᠨ ᠭᠡᠰᠢᠬᠦᠨ ᠪᠣᠯᠣᠨ ᠤᠯᠠᠨ ᠲᠦᠮᠡᠨ᠎ᠤ ᠦᠢ᠍ᠯᠡᠴᠢᠯᠡᠭᠡᠨ᠎ᠤ ᠲᠥᠪ᠎ᠲᠤ᠂ ᠰᠦᠨ ᠱᠤᠤ ᠴᠧᠩ ᠨᠡᠶ᠋ᠢᠭᠡᠮ ᠲᠣᠭᠣᠷᠢᠭ᠎ᠤᠨ ᠠᠵᠢᠯᠲᠠᠳ᠎ᠲᠠᠢ ᠰᠠᠨᠠᠯ ᠵᠶ᠋ᠠᠨ ᠭᠦᠨᠵᠡᠭᠡᠢ ᠰᠣᠯᠢᠯᠴᠠᠵᠤ᠂ ᠨᠡᠶ᠋ᠢᠭᠡᠮ ᠲᠣᠭᠣᠷᠢᠭ᠎ᠤᠨ ᠠᠵᠢᠯ᠎ᠤᠨ ᠠᠭᠤᠯᠭ᠎ᠠ ᠪᠣᠯᠤᠨ ᠳᠠᠷᠤᠭ᠋ᠠᠰᠤ ᠵᠢ ᠬᠥᠩᠭᠡᠷᠡᠭᠦᠯᠦᠭᠰᠡᠨ ᠦᠷ᠎ᠡ ᠪᠦᠲᠦᠮᠵᠢ ᠵᠢ ᠣᠶ᠋ᠢᠯᠠᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠂ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ》 ᠤᠯᠠᠨ ᠲᠦᠮᠡᠨᠴᠢ ᠬᠥᠮᠦᠵᠢᠯ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠳᠤ ᠠᠪᠤᠭᠰᠠᠨ ᠠᠷᠭ᠎ᠠ ᠬᠡᠮᠵᠢᠢ᠎ᠡ ᠵᠢ ᠯᠠᠪᠯᠠᠨ ᠠᠰᠠᠭᠤᠪᠠ᠃ ᠲᠡᠷᠡ᠂ ᠦᠨᠳᠦᠰᠦᠨ ᠱᠠᠲᠤᠨ᠎ᠤ ᠵᠠᠰᠠᠯᠲᠠ ᠵᠢ ᠴᠢᠩᠭ᠋ᠠᠳᠬᠠᠬᠤ᠎ᠳᠤ᠂ ᠠᠯᠢ ᠨᠢᠭᠡ ᠵᠦᠢ᠍ᠯ᠎ᠤᠨ ᠠᠵᠢᠯ᠎ᠨᠢ ᠴᠦ᠍ ᠨᠡᠶ᠋ᠢᠭᠡᠮ ᠲᠣᠭᠣᠷᠢᠭ᠎ᠠᠴᠠ ᠰᠠᠯᠵᠤ ᠴᠢᠳᠠᠬᠤ ᠦᠭᠡᠢ ᠶᠤᠮ᠂ ᠨᠡᠶ᠋ᠢᠭᠡᠮ ᠲᠣᠭᠣᠷᠢᠭ᠎ᠤᠨ ᠡᠭᠦᠷᠭᠡ ᠴᠢᠳᠠᠪᠬᠢ ᠵᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠡᠬᠦᠷᠭᠡᠯᠡᠬᠦ ᠴᠢᠬᠤᠯᠠ ᠦᠭᠡᠢ ᠵᠢ᠎ᠨᠢ ᠡᠷᠡᠰ ᠬᠠᠰᠤᠵᠤ᠂ ᠦᠨᠳᠦᠰᠦᠨ ᠱᠠᠲᠤᠨ᠎ᠤ᠎ᠬᠢᠨ ᠨᠡᠩ ᠤᠯᠠᠨ ᠤᠶᠤᠨ ᠴᠢᠳᠠᠯ ᠵᠶ᠋ᠠᠨ ᠠᠷᠠᠳ ᠲᠦᠮᠡᠨ᠎ᠳᠤ ᠦᠢ᠍ᠯᠡᠴᠢᠯᠡᠬᠦ ᠲᠡᠭᠡᠷ᠎ᠡ ᠲᠠᠯᠪᠢᠬᠤ ᠬᠡᠷᠡᠭᠲᠡᠢ᠃ ᠤᠯᠠᠨ ᠲᠦᠮᠡᠨ ᠬᠦᠴᠢᠷᠳᠡᠯ᠎ᠳᠤ ᠲᠤᠯᠭ᠋ᠠᠷᠠᠭᠰᠠᠨ ᠦᠶ᠎ᠡ᠎ᠳᠤ᠂ ᠨᠡᠶ᠋ᠢᠭᠡᠮ ᠲᠣᠭᠣᠷᠢᠭ᠎ᠤᠨ᠎ᠬᠢᠨ ᠰᠠᠨᠠᠭ᠋ᠠᠴᠢᠯᠠᠭ᠎ᠠ᠎ᠠᠴᠠ᠎ᠪᠠᠨ ᠬᠦᠷᠦᠯᠴᠡᠨ ᠣᠴᠢᠵᠤ ᠣᠶ᠋ᠢᠯᠠᠭ᠋ᠠᠵᠤ᠂ ᠴᠠᠭ ᠲᠤᠬᠠᠶ᠎ᠳᠤᠨᠢ ᠲᠡᠮᠵᠢᠯᠭᠡ ᠦᠵᠡᠬᠦᠯᠵᠦ ᠤᠯᠠᠨ ᠲᠦᠮᠡᠨ᠎ᠢ ᠬᠠᠪᠰᠤᠷᠤᠨ ᠪᠣᠳᠠᠲᠠᠶ ᠬᠦᠴᠢᠷᠳᠡᠯ᠎ᠢ᠎ᠨᠢ ᠵᠣᠬᠢᠴᠠᠭᠤᠯᠤᠨ ᠰᠢᠢᠳᠪᠦᠷᠢᠯᠡᠵᠦ ᠥᠭᠬᠦ ᠬᠡᠷᠡᠭᠲᠡᠶ ᠭᠡᠵᠡᠢ᠃
5 ᠰᠠᠷ᠎ᠠ ᠵᠢᠨ 13᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠣᠸ᠋ ᠴᠧᠩ ᠯᠢᠨ ᠾᠧ ᠲᠣᠭᠣᠷᠢᠭ᠎ᠲᠤ ᠪᠠᠶᠠᠨᠨᠠᠭᠤᠷ ᠬᠣᠲᠠ ᠵᠢᠨ ᠠᠵᠢᠯ᠎ᠤᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ᠃ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ
ᠪᠠᠶᠠᠨᠨᠠᠭᠤᠷ ᠬᠤᠳᠠ ᠵᠢᠨ ᠠᠵᠢᠯ᠎ᠤᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠤᠭᠰᠠᠨ᠎ᠤ ᠲᠠᠷᠠᠭ᠎ᠠ ᠰᠦᠨ ᠱᠤᠤ ᠴᠧᠩ᠂ ᠪᠠᠶᠠᠨᠨᠠᠭᠤᠷ ᠬᠤᠳᠠ ᠵᠢᠨ᠎ᠬᠢᠨ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠲᠠᠯ᠎ᠠ᠎ᠪᠠᠷ ᠰᠠᠨᠠᠭ᠋ᠠᠴᠢᠯᠠᠭ᠎ᠠ᠎ᠠᠴᠠ᠎ᠪᠠᠨ ᠤᠬᠠᠮᠰᠠᠷ᠎ᠠᠴᠠ᠎ᠪᠠᠨ᠂ ᠯᠠᠪᠳᠠᠭᠤᠨ ᠪᠠᠲᠤᠲᠠᠢ ᠠᠵᠢᠯᠯᠠᠵᠤ᠂ ᠢᠳᠡᠪᠬᠢᠲᠡᠢ ᠦᠷ᠎ᠡ ᠪᠦᠲᠦᠮᠵᠢ ᠤᠯᠢᠪᠠ᠂ ᠠᠵᠢᠯ ᠵᠶ᠋ᠠᠨ ᠨᠡᠩ ᠰᠡᠳᠬᠢᠯ ᠲᠠᠯᠪᠢᠵᠤ᠂ ᠨᠡᠩ ᠯᠠᠪᠳᠠᠭᠤᠨ ᠪᠠᠲᠤᠲᠠᠢ ᠰᠠᠶ᠋ᠢᠲᠤᠷ ᠬᠢᠵᠦ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠪᠣᠳᠠᠲᠤ ᠦᠷ᠎ᠡ ᠪᠦᠲᠦᠮᠵᠢ᠎ᠪᠠᠷ ᠶᠡᠷᠦᠩᠬᠡᠢ ᠱᠦᠵᠢ ᠰᠢ ᠵᠢᠨ ᠫᠢᠩ᠎ᠤᠨ ᠬᠠᠢ᠌ᠷ᠎ᠠ ᠬᠠᠯᠠᠮᠵᠢ ᠪᠣᠯᠣᠨ ᠬᠦᠰᠡᠯ ᠨᠠᠶ᠋ᠢᠳᠠᠯᠭ᠎ᠠ ᠵᠢᠨ ᠠᠴᠢ ᠵᠢ ᠬᠠᠷᠢᠭᠤᠯᠬᠤ ᠬᠡᠷᠡᠭᠲᠡᠢ᠃ ᠪᠠᠶᠠᠨᠨᠠᠭᠤᠷ ᠬᠣᠲᠠ ᠵᠢᠨ ᠮᠠᠯ ᠠᠵᠤ ᠠᠬᠤᠶ ᠲᠠᠷᠢᠶᠠᠯᠠᠩ᠂ ᠠᠭᠤᠷᠬᠠᠶ ᠵᠢᠨ ᠭᠠᠷᠤᠯᠲᠠ᠂ ᠰᠣᠶᠣᠯ ᠵᠢᠭᠤᠯᠴᠢᠯᠠᠯ ᠵᠡᠷᠭᠡ ᠡᠬᠢ ᠪᠠᠶᠠᠯᠢᠭ ᠴᠥᠮ ᠨᠡᠯᠢᠶᠡᠳ ᠡᠯᠪᠡᠭ ᠶᠤᠮ᠂ ᠪᠠᠶ᠋ᠢᠷᠢ ᠲᠣᠭᠲᠠᠭ᠋ᠠᠯᠲᠠ᠎ᠪᠠᠨ ᠣᠨᠣᠪᠴᠢᠲᠠᠶ ᠣᠯᠵᠤ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠥᠭᠵᠢᠯᠲᠡ ᠵᠢ ᠤᠬᠠᠭ᠋ᠠᠯᠠᠨ ᠲᠥᠯᠥᠪᠯᠡᠬᠦ᠎ᠲᠠᠢ ᠤᠶᠠᠯᠳᠤᠭᠤᠯᠤᠨ᠂ ᠴᠤᠬᠤᠮ ᠶᠠᠮᠠᠷ ᠶᠠᠮᠠᠷ ᠳᠠᠪᠠᠭᠤᠯᠢᠭ᠎ᠲᠠᠢ᠂ ᠶᠠᠮᠠᠷ ᠶᠠᠮᠠᠷ ᠭᠣᠥᠯᠳᠠᠯᠭ᠎ᠠ᠎ᠲᠠᠢ ᠠᠵᠤ ᠦᠢᠯᠡᠰ᠎ᠢ ᠲᠥᠪᠯᠡᠷᠡᠭᠦᠯᠦᠨ ᠪᠠᠢ᠌ᠭᠤᠯᠬᠤ᠎ᠪᠠᠨ ᠲᠣᠳᠣᠷᠬᠠᠶ ᠪᠣᠳᠣᠯᠬᠢᠯᠠᠵᠤ᠂ ᠲᠤᠭᠳᠠᠭ᠋ᠠᠮᠠᠭᠴᠠ ᠡᠷᠴᠢ ᠵᠣᠷᠢᠭ ᠵᠶ᠋ᠠᠨ ᠬᠥᠪᠴᠢᠯᠡᠨ ᠡᠴᠦᠰ᠎ᠲᠤᠨᠢ ᠲᠤᠯᠳᠠᠯ᠎ᠠ ᠬᠢᠬᠦ ᠬᠡᠷᠡᠭᠲᠡᠢ᠃ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠬᠦ᠂ ᠲᠡᠷᠢᠭᠦᠨ᠎ᠳᠤ ᠣᠷᠣᠬᠤ᠎ᠪᠠᠷ ᠴᠢᠷᠮᠠᠶ᠋ᠢᠬᠤ ᠠᠤᠭ᠎ᠠ ᠰᠠᠨᠠᠭ᠎ᠠ ᠡᠷᠡᠯᠬᠡᠭ ᠵᠣᠷᠢᠭ᠎ᠢ ᠪᠤᠢ ᠪᠣᠯᠭ᠋ᠠᠵᠤ᠂ ᠥᠪᠡᠷ ᠵᠶ᠋ᠠᠨ ᠰᠡᠳᠬᠢᠯ ᠬᠠᠩᠬᠤ᠂ ᠪᠠᠭ᠎ᠠ ᠪᠠᠶᠠᠵᠢᠭᠰᠠᠭ᠋ᠠᠷ ᠪᠣᠯᠴᠢᠬᠠᠬᠤ ᠰᠡᠳᠬᠢᠴᠡ ᠵᠢ ᠲᠡᠪᠴᠢᠵᠦ᠂ ᠠᠵᠤ ᠦᠢ᠍ᠯᠡᠰ᠎ᠤᠨ ᠬᠥᠭᠵᠢᠯᠲᠡ ᠵᠢ ᠨᠠᠷᠢᠨ ᠬᠢᠨᠠᠮᠠᠭ᠋ᠠᠢ ᠲᠥᠯᠥᠪᠵᠢᠭᠦᠯᠵᠦ᠂ ᠬᠦᠴᠦᠨ ᠵᠶ᠋ᠡᠨ ᠲᠥᠪᠯᠡᠷᠡᠭᠦᠯᠦᠨ ᠬᠡᠪᠴᠢᠢ᠎ᠡ ᠵᠢ ᠶᠡᠬᠡᠰᠭᠡᠵᠦ᠂ ᠦᠢ᠍ᠯᠡᠳᠬᠦᠨ ᠵᠶ᠋ᠠᠨ ᠰᠢᠯᠢᠳᠡᠭᠵᠢᠬᠦᠯᠵᠦ᠂ ᠲᠦᠷᠦᠯ ᠲᠡᠮᠳᠡᠭ ᠵᠶ᠋ᠠᠨ ᠬᠦᠴᠦᠷᠬᠡᠭᠵᠢᠭᠦᠯᠬᠦ ᠬᠡᠷᠡᠭᠲᠡᠢ᠃ ᠬᠥᠭᠵᠢᠯᠲᠡ ᠵᠢᠨ ᠪᠠᠶ᠋ᠢᠷᠢ ᠲᠣᠭᠲᠠᠭ᠋ᠠᠯᠲᠠ᠂ ᠴᠢᠭᠯᠡᠯ ᠪᠣᠯᠤᠨ ᠪᠠᠶ᠋ᠢᠷᠢᠰᠢᠭᠤᠯᠤᠯᠲᠠ ᠵᠡᠷᠭᠡ ᠪᠠᠶ᠋ᠢᠯᠳᠤᠬᠤ ᠪᠤᠳᠤᠯᠭ᠎ᠠ ᠵᠢᠨ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠬᠦ ᠵᠢᠨ ᠬᠠᠮᠲᠤ᠂ ᠣᠳᠣᠬᠠᠨ᠎ᠤ ᠪᠠᠶ᠋ᠢᠳᠠᠯ᠎ᠳᠠᠭᠠᠨ ᠰᠠᠭᠤᠷᠢᠯᠠᠵᠤ᠂ 《ᠲᠠᠪᠤᠨ ᠶᠡᠬᠡ ᠡᠭᠦᠷᠭᠡ》 ᠵᠢᠴᠢ 《ᠵᠢᠷᠭᠤᠭ᠋ᠠᠨ ᠢᠨᠵᠧᠨᠧᠷᠢᠩ》᠂ 《ᠵᠢᠷᠭᠤᠭ᠋ᠠᠨ ᠠᠵᠢᠯᠯᠠᠭ᠎ᠠ》 ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠠᠵᠤ ᠠᠬᠤᠢ ᠵᠢᠨ ᠦᠷᠭᠦᠯᠵᠢᠯᠡᠨ ᠳᠡᠭᠡᠭᠰᠢᠯᠡᠵᠦ ᠰᠠᠶ᠋ᠢᠵᠢᠷᠠᠬᠤ ᠵᠢ ᠠᠬᠢᠭᠤᠯᠬᠤ ᠬᠡᠷᠡᠭᠲᠡᠢ᠃ ᠠᠵᠢᠯ᠎ᠤᠨ ᠠᠬᠢᠴᠠ᠎ᠪᠠᠨ ᠲᠦᠷᠭᠡᠳᠬᠡᠵᠦ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠬᠡᠷᠡᠭᠲᠡᠢ᠃ ᠲᠠᠷᠢᠶᠠᠯᠠᠩ ᠮᠠᠯ ᠠᠵᠤ ᠠᠬᠤᠶ ᠵᠢᠨ ᠦᠨᠳᠦᠰᠦᠨ ᠬᠦᠴᠦᠨ ᠵᠤᠢ᠌ᠯ᠎ᠢ ᠲᠣᠭᠲᠠᠪᠤᠷᠢᠵᠢᠭᠤᠯᠵᠤ᠂ ᠮᠤ᠌ ᠨᠢᠭᠡᠴᠢ ᠵᠢᠨ ᠤᠨᠠᠯᠲᠠ ᠪᠠ ᠪᠣᠳᠠᠭ᠋ᠠᠯᠢ ᠪᠡᠶ᠎ᠡ ᠵᠢᠨ ᠭᠠᠷᠤᠯᠳᠠ ᠨᠡᠮᠡᠭᠳᠡᠭᠦᠯᠬᠦ᠎ᠳᠤ ᠲᠦᠰᠢᠭᠯᠡᠨ ᠲᠠᠷᠢᠶᠠᠯᠠᠩ ᠮᠠᠯ ᠠᠵᠤ ᠠᠬᠤᠶ ᠵᠢᠨ ᠦᠷ᠎ᠡ ᠠᠰᠢᠭ᠎ᠢ ᠳᠡᠭᠡᠭᠰᠢᠯᠡᠭᠦᠯᠬᠦ ᠵᠢ ᠨᠠᠩ ᠴᠢᠬᠤᠯᠠᠴᠢᠯᠠᠵᠤ᠂ ᠪᠡᠯᠡᠳᠭᠡᠮᠵᠢᠳᠤ ᠲᠠᠷᠢᠶᠠᠯᠠᠩ᠂ ᠬᠠᠰᠢᠶᠠᠯᠠᠨ ᠲᠡᠵᠢᠭᠡᠬᠦ᠂ ᠬᠦᠷᠢᠶ᠎ᠡ ᠬᠠᠰᠢᠶ᠎ᠠ ᠵᠢᠨ ᠠᠵᠤ ᠠᠬᠤᠶ ᠵᠢ ᠬᠥᠭᠵᠢᠭᠦᠯᠬᠦ ᠵᠢ ᠨᠠᠩ ᠢᠯᠡᠭᠦᠸ᠋ ᠴᠢᠬᠤᠯᠠᠴᠢᠯᠠᠵᠤ ᠮᠠᠯᠴᠢᠨ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠬᠦᠯᠬᠦ ᠬᠡᠷᠡᠭᠲᠡᠶ᠃ ᠠᠵᠤ ᠦᠢ᠍ᠯᠡᠳᠪᠦᠷᠢ ᠵᠢᠨ ᠲᠦᠷᠭᠡᠨ ᠬᠥᠭᠵᠢᠯᠲᠡ ᠵᠢ ᠠᠬᠢᠭᠤᠯᠵᠤ᠂ ᠢᠳᠡᠭᠡᠨ ᠡᠳ᠋ᠰᠢᠭᠦᠯᠬᠦ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭ᠋ᠠᠨ᠎ᠤ ᠭᠦᠢ᠍ᠯᠭᠡᠭᠡ ᠵᠡᠷᠭᠡ ᠠᠵᠤ ᠦᠢ᠍ᠯᠡᠰ᠎ᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ᠃ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠂ ᠡᠯ᠎ᠡ ᠲᠦᠷᠦᠯ᠎ᠤᠨ ᠱᠠᠯᠠᠪᠳᠠᠭᠤᠯᠤᠨ ᠪᠠᠢ᠌ᠴᠠᠭ᠋ᠠᠵᠤ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠡᠷᠭᠡ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠶ᠋ᠢᠲᠤᠷ ᠠᠳᠬᠤᠬᠤ ᠬᠡᠷᠡᠭᠲᠡᠢ ᠭᠡᠪᠡ᠃
ᠢᠦᠢ ᠯᠢ ᠰᠢᠨ ᠠᠵᠢᠯᠯᠠᠭ᠎ᠠ᠎ᠳᠤ ᠣᠷᠣᠯᠴᠠᠵᠠᠢ᠃