4 ᠰᠠᠷ᠎ᠠ ᠵᠢᠨ 29᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠴᠢ ᠹᠸᠢ ᠶᠦᠨ ᠦᠬᠠᠶ ᠵᠢᠴᠢ ᠡᠷᠬᠢᠨ ᠲᠣᠭᠣᠷᠢᠨ᠎ᠤ ᠭᠠᠵᠠᠷ ᠣᠷᠣᠨ ᠵᠶ᠋ᠠᠷ ᠭᠦᠨᠵᠡᠭᠡᠶ᠋ᠢᠷᠡᠨ᠂ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠵᠢᠴᠢ ᠬᠣᠶᠠᠳᠤᠭ᠋ᠠᠷ ᠡᠭᠡᠯᠵᠢ ᠵᠢᠨ ᠲᠥᠪ᠎ᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠤᠭᠰᠠᠨ ᠠᠵᠢᠯ᠎ᠢ ᠲᠤᠬᠠᠶ ᠵᠢᠨ ᠭᠠᠵᠠᠷ᠎ᠲᠤᠨᠢ ᠬᠦᠷᠴᠦ ᠪᠠᠢ᠌ᠴᠠᠭ᠋ᠠᠨ ᠰᠤᠳᠤᠯᠪᠠ᠃
ᠦᠬᠠᠶ ᠬᠣᠲᠠ ᠵᠢᠨ ᠬᠠᠢ᠍ᠢ᠍ᠷᠤᠪ᠎ᠤᠨ ᠲᠣᠬᠤᠢ ᠲᠣᠭᠣᠷᠢᠭ᠂ ᠬᠠᠶ᠋ᠢᠨᠠᠨ ᠲᠣᠭᠣᠷᠢᠭ ᠪᠣᠯᠤᠨ ᠣᠷᠳᠣᠰ ᠬᠣᠲᠠ ᠵᠢᠨ ᠣᠲᠣᠭ ᠬᠣᠰᠢᠭᠤᠨ᠎ᠤ ᠠᠭᠤᠷᠬᠠᠶ ᠵᠢᠨ ᠲᠣᠭᠣᠷᠢᠭ᠎ᠲᠤ᠂ ᠴᠢ ᠹᠸᠢ ᠶᠦᠨ ᠠᠭᠤᠷᠬᠠᠶ ᠵᠢᠨ ᠠᠮᠢ ᠠᠬᠤᠶ ᠵᠢ ᠰᠡᠷᠭᠦᠭᠡᠬᠦ᠂ ᠥᠪᠡᠰᠦᠪᠡᠨ ᠨᠣᠴᠣᠬᠤ ᠭᠠᠯ᠎ᠤᠨ ᠴᠡᠭ᠎ᠢ ᠵᠠᠰᠠᠬᠤ᠂ ᠠᠭᠤᠷᠬᠠᠶ ᠵᠢᠨ ᠳᠡᠭᠳᠡᠮᠡᠯ ᠲᠣᠭᠣᠰᠣᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠵᠡᠷᠭᠡ ᠪᠠᠶ᠋ᠢᠳᠠᠯ᠎ᠢ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠰᠤᠳᠤᠯᠵᠤ᠂ ᠠᠭᠤᠷᠬᠠᠶ ᠵᠢ ᠰᠡᠷᠭᠦᠭᠡᠬᠦ ᠪᠠ ᠥᠪᠡᠰᠦᠪᠡᠨ ᠨᠣᠴᠣᠬᠤ ᠭᠠᠯ᠎ᠤᠨ ᠴᠡᠭ᠎ᠢ ᠵᠠᠰᠠᠬᠤ ᠡᠷᠴᠢᠮ ᠵᠶ᠋ᠡᠨ ᠴᠢᠩᠭ᠋ᠠᠷᠠᠭᠤᠯᠤᠨ᠂ ᠳᠡᠯᠪᠡᠴᠢᠬᠦ᠂ ᠨᠡᠭᠡᠭᠡᠨ ᠮᠠᠯᠲᠠᠬᠤ᠂ ᠲᠡᠭᠡᠭᠡᠪᠦᠷᠢᠯᠡᠬᠦ ᠵᠡᠷᠭᠡ ᠭᠣᠭᠴᠣᠭ᠎ᠠ ᠵᠢᠨ ᠳᠡᠭᠳᠡᠮᠡᠯ ᠲᠣᠭᠣᠰᠣᠨ᠎ᠤ ᠪᠣᠬᠢᠷᠲᠤᠯ᠎ᠢ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠵᠤ᠂ ᠠᠭᠤᠷᠬᠠᠶ ᠵᠢᠨ ᠵᠠᠰᠠᠯᠲᠠ ᠵᠢᠨ ᠬᠢᠷᠢ ᠲᠦᠪᠰᠢᠨ ᠪᠠ ᠦᠷ᠎ᠡ ᠪᠦᠲᠦᠮᠵᠢ᠎ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
ᠠᠯᠠᠱ᠌ᠠ ᠠᠶ᠋ᠢᠮᠠᠭ᠎ᠤᠨ ᠠᠯᠠᠱ᠌ᠠ ᠵᠢᠨ ᠳᠡᠭᠡᠳᠦ ᠰᠢᠨ᠎ᠡ ᠮᠡᠷᠭᠡᠵᠢᠯ᠎ᠤᠨ ᠨᠡᠭᠡᠭᠡᠨ ᠬᠥᠭᠵᠢᠭᠦᠯᠦᠯᠲᠡ ᠵᠢᠨ ᠲᠣᠭᠣᠷᠢᠭ᠂ ᠦᠬᠠᠢ ᠬᠤᠳᠠ ᠵᠢᠨ ᠰᠢ ᠯᠠᠢ ᠹᠧᠩ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠲᠤ᠂ ᠴᠢ ᠹᠸᠢ ᠶᠦᠨ ᠬᠡᠰᠡᠭ ᠬᠡᠤᠷᠰᠢᠬᠦᠯᠬᠦ ᠠᠵᠤ ᠠᠬᠤᠶ᠋ᠢᠯᠠᠯ᠎ᠤᠨ ᠲᠤᠬᠠᠢ ᠵᠢᠨ ᠭᠠᠵᠠᠷ᠎ᠲᠤᠨᠢ ᠬᠦᠷᠴᠦ ᠰᠤᠷᠪᠤᠯᠵᠢᠯᠠᠵᠤ᠂ ᠬᠡᠳᠤ ᠳᠣᠣᠷ᠎ᠠ ᠭᠠᠳᠠᠭᠰᠢᠯᠠᠭᠤᠯᠤᠯᠲᠠ ᠵᠢᠨ ᠥᠭᠡᠷᠡᠴᠢᠯᠡᠯᠲᠡ ᠵᠢᠨ ᠠᠵᠢᠯ᠎ᠤᠨ ᠪᠠᠶ᠋ᠢᠳᠠᠯ᠎ᠢ ᠣᠶ᠋ᠢᠯᠠᠭ᠋ᠠᠵᠤ᠂ ᠪᠠᠶ᠋ᠢᠩᠭᠤ ᠵᠢᠨ ᠤᠷᠳᠤ ᠬᠤᠭᠤᠴᠠᠭ᠋ᠠᠨ᠎ᠤ ᠪᠦᠲᠦᠮᠵᠢᠲᠡᠢ ᠵᠠᠰᠠᠯᠲᠠ ᠵᠢᠨ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠦ᠂ ᠥᠭᠡᠷᠡᠴᠢᠯᠡᠯᠲᠡ ᠵᠢᠨ ᠠᠬᠢᠴᠠ ᠵᠢ ᠲᠦᠷᠭᠡᠳᠬᠡᠵᠦ᠂ ᠡᠷᠲᠡᠬᠡᠨ ᠪᠠᠶ᠋ᠢᠭᠤᠯᠵᠤ ᠳᠠᠭᠤᠰᠬᠠᠬᠤ ᠵᠢᠨ ᠬᠠᠮᠲᠤ ᠠᠰᠢᠭᠯᠠᠯᠲᠠ᠎ᠳᠤ ᠣᠷᠣᠭᠤᠯᠬᠤ ᠵᠢ ᠪᠠᠲᠤᠯᠠᠵᠤ᠂ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠱᠠᠭ᠋ᠠᠷᠳᠠᠪᠠ᠃
ᠦᠬᠠᠢ ᠬᠤᠳᠠ ᠵᠢᠨ ᠤᠳᠠ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠲᠤ᠂ ᠴᠢ ᠹᠸᠢ ᠶᠦᠨ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠳᠡᠭᠳᠡᠮᠡᠬᠡᠢ ᠴᠢᠨᠠᠷᠲᠠᠢ ᠣᠷᠭ᠋ᠠᠨᠢᠭ ᠪᠣᠳᠠᠰ᠎ᠤᠨ ᠵᠠᠰᠠᠯᠲᠠ ᠵᠢᠨ ᠪᠠᠶ᠋ᠢᠳᠠᠯ᠎ᠢ ᠲᠤᠬᠠᠢ ᠵᠢᠨ ᠭᠠᠵᠠᠷ᠎ᠲᠤᠨᠢ ᠪᠠᠶ᠋ᠢᠴᠠᠭ᠋ᠠᠨ ᠦᠵᠡᠵᠦ᠂ ᠠᠵᠤ ᠠᠬᠤᠶ᠋ᠢᠯᠠᠯ᠎ᠤᠨ᠎ᠬᠢᠨ ᠦᠢ᠍ᠯᠡᠳᠪᠦᠷᠢᠯᠡᠯ᠎ᠤᠨ ᠲᠠᠰᠤᠭ᠎ᠤᠨ ᠵᠣᠬᠢᠶᠠᠨ ᠪᠠᠶ᠋ᠢᠭᠤᠯᠤᠯᠲᠠ ᠦᠭᠡᠢ᠎ᠪᠠᠷ ᠭᠠᠳᠠᠭᠰᠢᠯᠠᠭᠤᠯᠬᠤ ᠵᠢ ᠴᠢᠩᠭ᠎ᠠ ᠬᠠᠮᠢᠶᠠᠷᠤᠨ ᠡᠵᠡᠮᠳᠡᠬᠦ ᠵᠢᠨ ᠬᠠᠮᠲᠤ᠂ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ᠎ᠬᠢᠨ ᠬᠠᠶᠠᠭᠳᠠᠮᠠᠯ ᠬᠡᠢ ᠭᠠᠳᠠᠭᠰᠢᠯᠠᠭᠤᠯᠬᠤ ᠪᠦᠬᠦ ᠶᠠᠪᠤᠴᠠ᠂ ᠪᠦᠬᠦ ᠭᠣᠭᠴᠣᠭ᠎ᠠ ᠵᠢᠨ ᠬᠢᠨᠠᠨ ᠬᠡᠮᠵᠢᠯᠲᠡ ᠪᠠ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠪᠠᠷᠢᠮᠵᠢᠶ᠎ᠠ᠎ᠳᠤ ᠬᠦᠷᠭᠡᠵᠦ ᠭᠠᠳᠠᠭᠰᠢᠯᠠᠭᠤᠯᠬᠤ ᠵᠢ ᠪᠠᠲᠤᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠪᠠᠶ᠋ᠢᠴᠠᠭ᠋ᠠᠨ ᠰᠤᠳᠤᠯᠤᠯᠲᠠ ᠬᠢᠬᠦ ᠬᠤᠭᠤᠴᠠᠭ᠋ᠠᠨ᠎ᠳᠤ᠂ ᠴᠢ ᠹᠸᠢ ᠶᠦᠨ ᠪᠠᠰᠠ ᠦᠬᠠᠶ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠬᠠᠮᠲᠤᠷᠠᠨ ᠰᠡᠷᠭᠡᠶ᠋ᠢᠯᠡᠨ ᠬᠢᠵᠠᠭ᠋ᠠᠷᠯᠠᠬᠤ ᠲᠣᠭᠲᠠᠴᠠ ᠵᠢᠨ ᠠᠵᠢᠯᠯᠠᠭ᠋ᠠᠨ᠎ᠤ ᠪᠠᠶ᠋ᠢᠳᠠᠯ᠎ᠢ ᠨᠠᠷᠢᠨ ᠣᠢ᠌ᠯᠠᠭ᠋ᠠᠬᠤ ᠵᠢᠨ ᠬᠠᠮᠳᠤ ᠬᠣᠶᠠᠳᠤᠭ᠋ᠠᠷ ᠡᠭᠡᠯᠵᠢ ᠵᠢᠨ ᠲᠥᠪ᠎ᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠵᠠᠰᠠᠭᠰᠠᠨ ᠪᠠᠢ᠌ᠳᠠᠯ᠎ᠢ ᠣᠢ᠌ᠯᠠᠭ᠋ᠠᠪᠠ᠃ ᠣᠷᠣᠨ ᠪᠦᠰᠡ ᠵᠢ ᠨᠢᠭᠡ ᠴᠤᠭᠴᠠᠵᠢᠭᠤᠯᠤᠨ ᠵᠠᠰᠠᠬᠤ ᠣᠶ᠋ᠢᠯᠠᠭ᠋ᠠᠭᠳᠠᠬᠤᠨ᠎ᠢ ᠪᠤᠶ ᠪᠣᠯᠭ᠋ᠠᠵᠤ᠂ ᠨᠢᠭᠡᠳᠦᠯᠲᠡᠶ ᠲᠥᠯᠥᠪᠵᠢᠭᠦᠯᠬᠦ᠂ ᠨᠢᠭᠡᠳᠦᠯᠲᠡᠶ ᠪᠠᠷᠢᠮᠵᠢᠶᠠᠯᠠᠬᠤ᠂ ᠨᠢᠭᠡᠳᠦᠯᠲᠡᠶ ᠬᠢᠨᠠᠨ ᠬᠡᠮᠵᠢᠬᠦ᠂ ᠨᠢᠭᠡᠳᠦᠯᠲᠡᠶ ᠬᠢᠨᠠᠨ ᠬᠠᠮᠢᠶᠠᠷᠬᠤ᠂ ᠨᠢᠭᠡᠳᠦᠯᠲᠡᠶ ᠬᠢᠨᠠᠨ ᠰᠢᠯᠭ᠋ᠠᠬᠤ ᠱᠠᠭ᠋ᠠᠷᠳᠠᠯᠭ᠎ᠠ ᠶᠣᠰᠣᠭ᠋ᠠᠷ᠂ ᠦᠬᠠᠶ ᠬᠤᠳᠠ᠂ ᠤᠷᠳᠤᠰ ᠬᠤᠳᠠ᠂ ᠠᠯᠠᠱ᠌ᠠ ᠠᠶ᠋ᠢᠮᠠᠭ ᠭᠤᠷᠪᠠᠨ ᠠᠶ᠋ᠢᠮᠠᠭ ᠬᠤᠳᠠ ᠵᠢᠨ ᠬᠣᠭᠣᠷᠣᠨᠳᠣᠬᠢ ᠵᠣᠬᠢᠴᠠᠯᠳᠤᠨ ᠬᠥᠳᠡᠯᠦᠯᠴᠡᠬᠦ᠎ᠪᠠᠨ ᠴᠢᠩᠭ᠋ᠠᠳᠬᠠᠵᠤ᠂ ᠠᠳᠠᠯᠢ ᠴᠢᠭᠯᠡᠯ ᠵᠶ᠋ᠡᠷ ᠬᠦᠴᠦᠯᠡᠨ᠂ ᠠᠭ᠋ᠠᠷ ᠮᠠᠨᠳᠠᠯ᠎ᠤᠨ ᠪᠣᠬᠢᠷᠲᠤᠯ᠎ᠢ ᠬᠠᠮᠲᠤᠷᠠᠨ ᠰᠡᠷᠭᠡᠶ᠋ᠢᠯᠡᠵᠦ ᠬᠠᠮᠲᠤᠷᠠᠨ ᠡᠵᠡᠮᠳᠡᠵᠦ ᠬᠠᠮᠲᠤᠷᠠᠨ ᠵᠠᠰᠠᠬᠤ ᠵᠢ ᠬᠠᠮᠲᠤ᠎ᠪᠠᠷ ᠲᠦᠯᠬᠢᠨ ᠠᠬᠢᠭᠤᠯᠵᠤ᠂ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ ᠪᠦᠬᠦ ᠬᠦᠴᠦᠨ ᠵᠶ᠋ᠡᠷ ᠵᠶ᠋ᠡᠨ ᠰᠠᠶ᠋ᠢᠲᠤᠷ ᠠᠳᠬᠤᠵᠤ᠂ ᠣᠷᠣᠨ ᠪᠦᠰᠡ ᠵᠢᠨ ᠠᠮᠢ ᠠᠬᠤᠶ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠶ᠋ᠢᠵᠢᠷᠠᠭᠤᠯᠬᠤ ᠵᠢ ᠲᠦᠯᠬᠢᠨ ᠠᠬᠢᠭᠤᠯᠬᠤ ᠬᠡᠷᠡᠭᠲᠡᠢ ᠭᠡᠵᠦ ᠱᠠᠭ᠋ᠠᠷᠳᠠᠵᠠᠢ᠃