ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠮᠣᠩᠭᠣᠯ ᠬᠡᠯᠡ ᠰᠣᠷᠣᠶ᠎ᠠ
ᠪᠣᠬᠢᠷᠳᠠᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠵᠢᠷᠤᠬᠲᠦ᠍ ᠮᠡᠳᠡᠭᠡ
2025 ᠣᠨ᠎ᠤ 6 ᠰᠠᠷ᠎ᠠ ᠵᠢᠨ 5᠎ᠤ ᠣᠷᠴᠢᠨ ᠲᠣᠭᠣᠷᠢᠨ᠎ᠤ ᠡᠳᠦᠷ᠎ᠤᠨ ᠥᠪᠡᠷᠲᠡᠭᠡᠨ ᠵᠠᠰᠠᠬᠤ ᠣᠷᠣᠨ᠎ᠤ ᠭᠣᠥᠯ ᠲᠠᠯᠠᠪᠤᠷ᠎ᠤᠨ ᠠᠵᠢᠯᠯᠠᠭ᠎ᠠ ᠬᠥᠬᠡᠬᠣᠲᠠ᠎ᠳᠤ ᠶᠠᠪᠤᠭᠳᠠᠪᠠ
ᠨᠡᠶ᠋ᠢᠲᠡᠯᠡᠭᠰᠡᠨ ᠴᠠᠭ᠄ 2025-06-23

      6 ᠰᠠᠷ᠎ᠠ ᠵᠢᠨ 3᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠣᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢᠨ ᠠᠯᠪᠠᠨ ᠬᠡᠷ᠎ᠠᠴᠠ ᠬᠠᠮᠲᠤᠷᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠤᠬᠠᠭᠤᠯᠭ᠎ᠠ ᠬᠥᠮᠦᠵᠢᠯ᠎ᠤᠨ ᠲᠥᠪ ᠪᠠ ᠬᠥᠬᠡᠬᠣᠲᠠ ᠵᠢᠨ ᠠᠮᠢ ᠠᠬᠤᠶ ᠣᠷᠴᠢᠨ ᠲᠣᠭᠣᠷᠢᠨ᠎ᠤ ᠲᠣᠪᠴᠢᠶ᠎ᠠ᠎ᠠᠴᠠ ᠳᠠᠭ᠋ᠠᠭ᠋ᠠᠨ ᠡᠷᠭᠢᠯᠡᠭᠰᠡᠨ 2025 ᠣᠨ᠎ᠤ 6 ᠰᠠᠷ᠎ᠠ ᠵᠢᠨ 5᠎ᠤ ᠡᠳᠦᠷ᠎ᠤᠨ ᠥᠪᠡᠷᠲᠡᠭᠡᠨ ᠵᠠᠰᠠᠬᠤ ᠣᠷᠣᠨ᠎ᠤ ᠭᠣᠥᠯ ᠲᠠᠯᠠᠪᠤᠷ᠎ᠤᠨ ᠠᠵᠢᠯᠯᠠᠭ᠎ᠠ ᠬᠥᠬᠡᠬᠣᠲᠠ᠎ᠳᠤ ᠶᠠᠪᠤᠭᠳᠠᠪᠠ᠃

图片01.jpg

      ᠡᠨᠡ ᠵᠢᠯ᠎ᠤᠨ 6 ᠰᠠᠷ᠎ᠠ ᠵᠢᠨ 5᠎ᠤ ᠣᠷᠴᠢᠨ ᠲᠣᠭᠣᠷᠢᠨ᠎ᠤ ᠡᠳᠦᠷ᠎ᠤᠨ ᠭᠣᠣᠯ ᠰᠡᠳᠦᠪ ᠪᠣᠯ 《ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠦᠳᠦᠭᠡᠨ ᠪᠠᠢ᠌ᠭᠤᠯᠬᠤ᠎ᠳᠤ ᠪᠢᠳᠡ ᠤᠷᠢᠳ ᠵᠶ᠋ᠠᠷ ᠬᠥᠳᠡᠯᠦᠯᠴᠡᠶ᠎ᠡ》 ᠪᠣᠯᠣᠨ᠎ᠠ᠃ ᠲᠤᠰ ᠤᠳᠠᠭ᠋ᠠᠨ᠎ᠤ ᠠᠵᠢᠯᠯᠠᠭ᠎ᠠ ᠵᠢ ᠡᠷᠬᠢᠯᠡᠭᠰᠡᠨ ᠵᠣᠷᠢᠯᠭ᠎ᠠ᠎ᠨᠢ ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠤᠬᠠᠭᠤᠯᠤᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠵᠢᠨ ᠥᠪᠥᠷ ᠮᠣᠩᠭᠣᠯ᠎ᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠦᠷ᠎ᠡ ᠪᠦᠳᠦᠮᠵᠢ ᠵᠢ ᠭᠦᠢ᠍ᠴᠡᠳ ᠲᠡᠯᠭᠡᠨ ᠦᠵᠡᠬᠦᠯᠵᠦ᠂ ᠠᠮᠢ ᠠᠬᠤᠶ ᠵᠢᠨ ᠰᠣᠶᠣᠯ᠎ᠢ ᠶᠡᠬᠡ᠎ᠪᠠᠷ ᠪᠠᠳᠠᠷᠠᠭᠤᠯᠵᠤ᠂ ᠪᠥᠬᠥ ᠨᠡᠶ᠋ᠢᠭᠡᠮ᠎ᠢ ᠬᠥᠲᠥᠯᠦᠨ ᠵᠢᠯᠣᠭᠣᠳᠴᠤ ᠪᠠᠶ᠋ᠢᠭ᠋ᠠᠳ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠮᠥᠨ》 ᠭᠡᠬᠦ ᠣᠨᠣᠯᠵᠢᠬᠤᠨ᠎ᠢ ᠪᠠᠲᠤ ᠪᠠᠬᠢ ᠪᠣᠶ ᠪᠣᠯᠭ᠋ᠠᠵᠤ᠂ ᠪᠣᠬᠢᠷᠲᠤᠯ ᠥᠬᠡᠶ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠮᠠᠶᠢᠭ᠎ᠢ ᠤᠬᠠᠮᠰᠠᠷ᠎ᠠᠴᠠ᠎ᠪᠠᠨ ᠦᠢᠯᠡᠳᠦᠯᠭᠡᠵᠢᠭᠦᠯᠦᠨ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠥᠲᠥᠭᠡᠨ ᠪᠠᠶ᠋ᠢᠭᠤᠯᠬᠤ ᠪᠥᠬᠥ ᠠᠷᠠᠳ᠎ᠤᠨ ᠠᠵᠢᠯᠯᠠᠭ᠎ᠠ᠎ᠳᠤ ᠥᠷᠭᠡᠨ ᠵᠶ᠋ᠡᠷ ᠣᠷᠣᠯᠴᠠᠵᠤ᠂ ᠦᠵᠡᠰᠬᠦᠯᠡᠩᠲᠦ ᠰᠠᠶ᠋ᠢᠬᠠᠨ ᠥᠪᠥᠷ ᠮᠣᠩᠭᠣᠯ᠎ᠤᠨ ᠪᠥᠲᠥᠭᠡᠨ ᠪᠠᠶ᠋ᠢᠭᠤᠯᠤᠯᠲᠠ ᠵᠢ ᠪᠥᠬᠥ ᠲᠠᠯ᠎ᠠ᠎ᠪᠠᠷ ᠳᠥᠯᠭᠢᠨ ᠠᠬᠢᠭᠤᠯᠬᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠬᠠᠮᠲᠤ ᠵᠢᠨ ᠲᠠᠨᠢᠯᠲᠠ ᠵᠢ ᠨᠢᠭᠲᠠᠷᠠᠭᠤᠯᠵᠤ᠂ ᠨᠡᠶ᠋ᠢᠯᠡᠯ ᠬᠦᠴᠦᠨ᠎ᠢ ᠬᠤᠷᠠᠮᠳᠤᠭᠤᠯᠬᠤ ᠵᠢᠨ ᠲᠥᠯᠥᠭᠡ ᠶᠤᠮ᠃
      ᠠᠵᠢᠯᠯᠠᠭ᠎ᠠ ᠵᠢᠨ ᠳᠤᠮᠳᠠ᠂ ᠣᠷᠳᠣᠰ ᠬᠣᠲᠠ ᠵᠢᠨ ᠠᠮᠢ ᠠᠬᠤᠶ ᠣᠷᠴᠢᠨ ᠲᠣᠭᠣᠷᠢᠨ᠎ᠤ ᠲᠣᠪᠴᠢᠶ᠎ᠠ᠂ ᠤᠯᠠᠭ᠋ᠠᠨᠬᠠᠳᠠ ᠬᠣᠲᠠ ᠵᠢᠨ ᠬᠠᠷᠠᠴᠢᠨ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠂ ᠪᠤᠭᠤᠲᠤ ᠵᠢᠨ ᠪᠣᠯᠣᠳ ᠲᠡᠮᠦᠷ (ᠪᠦᠯᠦᠭᠯᠡᠯ)᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠲᠣᠰ ᠲᠣᠰ ᠠᠮᠢ ᠠᠬᠤᠶ ᠵᠢᠨ ᠠᠵᠤ ᠦᠢᠯᠡᠳᠪᠦᠷᠢ ᠵᠢᠨ ᠬᠦᠷᠢᠶᠡᠯᠡᠩ ᠲᠣᠭᠣᠷᠢᠭ᠂ ᠦᠵᠡᠰᠬᠦᠯᠡᠩᠲᠦ ᠰᠠᠶ᠋ᠢᠬᠠᠨ ᠬᠥᠳᠡᠭᠡ ᠲᠣᠰᠬᠣᠨ᠂ ᠦᠵᠡᠰᠬᠦᠯᠡᠩᠲᠦ ᠰᠠᠶ᠋ᠢᠬᠠᠨ ᠦᠢᠯᠡᠳᠪᠦᠷᠢ ᠵᠢᠨ ᠪᠥᠲᠥᠭᠡᠨ ᠪᠠᠶ᠋ᠢᠭᠤᠯᠤᠯᠲᠠ ᠵᠢ ᠳᠥᠯᠭᠢᠨ ᠠᠬᠢᠭᠤᠯᠬᠤ ᠵᠢᠨ ᠲᠣᠭᠣᠷᠢᠨ᠎ᠳᠤ ᠰᠠᠨᠠᠯ ᠵᠶ᠋ᠠᠨ ᠰᠣᠯᠢᠯᠴᠠᠵᠤ ᠶᠠᠷᠢᠶ᠎ᠠ ᠲᠠᠯᠪᠢᠵᠤ᠂ ᠬᠥᠬᠡᠬᠣᠲᠠ ᠵᠢᠨ ᠠᠮᠢ ᠠᠬᠤᠶ ᠣᠷᠴᠢᠨ ᠲᠣᠭᠣᠷᠢᠨ᠎ᠤ ᠰᠠᠶ᠋ᠢᠨ ᠳᠤᠷ᠎ᠠ ᠵᠢᠨ ᠠᠵᠢᠯᠯᠠᠭᠴᠢ ᠵᠢᠨ ᠲᠥᠯᠥᠭᠡᠯᠡᠭᠴᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠨᠠᠭ᠋ᠠᠴᠢᠯᠠᠭ᠎ᠠ ᠵᠢᠨ ᠪᠢᠴᠢᠭ᠎ᠢ ᠤᠩᠰᠢᠨ ᠨᠡᠶ᠋ᠢᠲᠡᠯᠡᠪᠡ᠃ ᠠᠵᠢᠯᠯᠠᠭ᠎ᠠ ᠵᠢᠨ ᠲᠤᠬᠠᠢ ᠵᠢᠨ ᠲᠠᠯᠠᠪᠠᠢ᠎ᠳᠤ ᠪᠠᠰᠠ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠳᠬ᠎ᠠ ᠤᠷᠠᠯᠢᠭ᠎ᠤᠨ ᠤᠬᠠᠭᠤᠯᠭ᠎ᠠ ᠵᠢ ᠥᠷᠨᠢᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠡᠯᠧᠺᠲᠷᠣᠨ ᠤᠬᠠᠭᠤᠯᠭ᠎ᠠ ᠵᠢᠨ ᠮᠠᠲ᠋ᠧᠷᠢᠶᠠᠯ᠎ᠤᠨ ᠦᠵᠡᠭᠦᠯᠭᠡ ᠵᠢᠨ ᠲᠠᠪᠴᠠᠩ ᠭᠠᠷᠭ᠋ᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠴᠠᠭ᠋ᠠᠵᠠ ᠵᠢᠨ ᠮᠡᠳᠡᠯᠭᠡ᠂ ᠰᠢᠨᠵᠢᠯᠡᠬᠦ ᠤᠬᠠᠭ᠋ᠠᠨ᠎ᠤ ᠶᠡᠷᠦ ᠵᠢᠨ ᠮᠡᠳᠡᠯᠭᠡ ᠵᠢ ᠲᠦᠭᠡᠮᠡᠯᠵᠢᠬᠦᠯᠵᠦ᠂ ᠠᠮᠢ ᠠᠬᠤᠢ ᠵᠢᠨ ᠪᠣᠯᠪᠠᠰᠤᠨ᠎ᠤ ᠤᠨᠤᠯᠵᠢᠬᠤᠨ᠎ᠢ ᠦᠷᠭᠡᠨ ᠵᠶ᠋ᠡᠷ ᠤᠬᠠᠭᠤᠯᠵᠠᠢ᠃
      6 ᠰᠠᠷ᠎ᠠ ᠵᠢᠨ 1᠎ᠤ ᠡᠳᠦᠷ᠎ᠠᠴᠠ 7᠎ᠤ ᠡᠳᠦᠷ ᠪᠣᠯᠲᠠᠯᠠᠬᠢ ᠬᠤᠭᠤᠴᠠᠭ᠎ᠠ ᠪᠣᠯ ᠠᠩᠬᠠᠳᠤᠭ᠋ᠠᠷ ᠬᠤᠭᠤᠴᠠᠭ᠋ᠠᠨ᠎ᠤ 《ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠤᠬᠠᠭᠤᠯᠭ᠎ᠠ ᠵᠢᠨ ᠭᠠᠷᠠᠭ》 ᠪᠣᠯᠤᠨ᠎ᠠ᠂ ᠡᠨᠡ ᠬᠦ᠌ ᠬᠤᠭᠤᠴᠠᠭ᠋ᠠᠨ᠎ᠳᠤ᠂ ᠪᠦᠬᠦ ᠣᠷᠣᠨ ᠵᠶ᠋ᠠᠷ ᠵᠶ᠋ᠠᠨ ᠪᠠᠰᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠬᠥᠭᠡᠷᠦᠮᠵᠢ ᠵᠢ ᠤᠯᠠᠨ ᠨᠡᠶ᠋ᠢᠲᠡ᠎ᠳᠤ ᠢᠯᠡ ᠨᠡᠭᠡᠭᠡᠬᠦ᠂ ᠠᠮᠢ ᠠᠬᠤᠢ ᠣᠷᠴᠢᠨ ᠲᠣᠭᠣᠷᠢᠨ᠎ᠤ ᠰᠠᠢ᠍ᠢ᠍ᠨ ᠳᠤᠷ᠎ᠠ ᠵᠢᠨ ᠦᠢ᠍ᠯᠡᠴᠢᠯᠡᠭᠡ᠂ ᠵᠢᠷᠭᠤᠭ᠋ᠠᠨ ᠰᠠᠷ᠎ᠠ ᠵᠢᠨ ᠲᠠᠪᠤᠨ᠎ᠤ ᠭᠣᠣᠯ ᠰᠡᠳᠦᠪᠲᠦ ᠲᠤᠮᠤ ᠰᠣᠨᠢᠨ᠎ᠤ ᠬᠠᠮᠲᠤᠷᠠᠭᠰᠠᠨ ᠦᠵᠡᠭᠦᠯᠭᠡ ᠵᠡᠷᠭᠡ ᠠᠵᠢᠯᠯᠠᠭ᠎ᠠ ᠦᠷᠨᠢᠬᠦᠯᠬᠦ᠎ᠪᠠᠷ ᠪᠠᠢ᠌ᠵᠤ᠂ ᠳᠡᠭᠡᠳᠦ ᠲᠤᠤᠷᠠᠳᠤ ᠱᠠᠳᠤ᠎ᠪᠠᠷ ᠵᠶ᠋ᠠᠨ ᠬᠣᠯᠪᠣᠭ᠋ᠠᠯᠠᠨ ᠬᠥᠳᠡᠯᠦᠯᠴᠡᠵᠦ᠂ ᠤᠬᠠᠭᠤᠯᠭ᠎ᠠ ᠵᠢᠨ ᠰᠦᠷ ᠬᠦᠴᠦᠨ᠎ᠢ ᠥᠷᠭᠡᠳᠬᠡᠵᠦ᠂ ᠤᠬᠠᠭᠤᠯᠭ᠎ᠠ ᠵᠢᠨ ᠴᠢᠨᠠᠷ ᠴᠢᠨᠰᠠᠭ᠎ᠠ ᠦᠷ᠎ᠡ ᠠᠰᠢᠭ᠎ᠢ ᠳᠡᠭᠡᠭᠰᠢᠯᠡᠭᠦᠯᠵᠦ᠂ ᠨᠡᠶ᠋ᠢᠭᠡᠮ᠎ᠤᠨ ᠡᠯ᠎ᠡ ᠡᠲᠡᠭᠡᠳ᠎ᠢ ᠥᠷᠭᠡᠨ ᠳᠡᠯᠭᠡᠷᠡᠩᠭᠦᠢ᠎ᠪᠠᠷ ᠲᠠᠢ᠍ᠢ᠍ᠴᠢᠯᠠᠨ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠦᠳᠦᠭᠡᠨ ᠪᠠᠶ᠋ᠢᠭᠤᠯᠬᠤ ᠪᠦᠬᠦ ᠠᠷᠠᠳ᠎ᠤᠨ ᠠᠵᠢᠯᠯᠠᠭ᠎ᠠ᠎ᠳᠤ ᠣᠷᠣᠯᠴᠠᠭᠤᠯᠬᠤ ᠪᠣᠯᠣᠨ᠎ᠠ᠃
      ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠬᠤᠷᠢᠶ᠎ᠠ ᠠᠯᠪᠠᠨ ᠭᠡᠷ ᠲᠢᠩᠬᠢᠮ ᠲᠣᠪᠴᠢᠶ᠎ᠠ ᠵᠢᠨ ᠬᠠᠷᠢᠭᠤᠴᠠᠯᠭ᠋ᠠᠲᠠᠨ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠤᠨ ᠤᠳᠤᠷᠢᠳᠬᠤ ᠪᠠᠭ᠎ᠤᠨ ᠪᠦᠷᠢᠯᠳᠦᠬᠦᠨ᠂ ᠡᠯ᠎ᠡ ᠠᠶ᠋ᠢᠮᠠᠭ ᠬᠣᠲᠠ ᠵᠢᠨ ᠠᠮᠢ ᠠᠬᠤᠶ ᠣᠷᠴᠢᠨ ᠲᠣᠭᠣᠷᠢᠨ᠎ᠤ ᠲᠣᠪᠴᠢᠶ᠎ᠠ ᠵᠢᠴᠢ ᠲᠢᠩᠬᠢᠮ᠎ᠤᠨ ᠪᠠᠶ᠋ᠢᠭᠤᠯᠭ᠎ᠠ ᠵᠢᠨ ᠡᠯ᠎ᠡ ᠭᠠᠵᠠᠷ ᠬᠡᠷ ᠨᠢᠭᠡᠴᠢ ᠵᠢᠨ ᠬᠠᠷᠢᠭᠤᠴᠠᠯᠭ᠋ᠠᠲᠠᠨ᠂ ᠠᠮᠢ ᠠᠬᠤᠶ ᠣᠷᠴᠢᠨ ᠲᠣᠭᠣᠷᠢᠨ᠎ᠤ ᠰᠢᠰᠲ᠋ᠧᠮ᠎ᠤᠨ ᠪᠥᠬᠥ ᠤᠯᠤᠰ ᠵᠢᠴᠢ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠢᠷᠠᠭᠤ ᠠᠯᠳᠠᠷ᠎ᠢ ᠭᠥᠷᠳᠡᠭᠰᠡᠨ ᠰᠢᠯᠢᠳᠡᠭ ᠬᠠᠮᠲᠤ ᠨᠡᠢ᠌ᠳᠡ ᠪᠠ ᠬᠤᠪᠢ ᠬᠥᠮᠦᠨ᠎ᠤ ᠲᠥᠯᠥᠭᠡᠯᠡᠭᠴᠢ᠂ ᠠᠵᠢᠯ᠎ᠠᠴᠠ᠎ᠪᠠᠨ ᠠᠮᠠᠷᠠᠵᠤ ᠳᠠᠷᠬᠠᠯᠠᠭᠳᠠᠭᠰᠠᠨ ᠠᠬᠠᠮᠠᠳ ᠺᠠᠳ᠋ᠷ ᠵᠢᠴᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠶ᠋ᠢᠨ ᠳᠤᠷ᠎ᠠ ᠵᠢᠨ ᠠᠵᠢᠯᠯᠠᠭᠴᠢ ᠵᠢᠨ ᠲᠥᠯᠥᠭᠡᠯᠡᠭᠴᠢ ᠨᠠᠷ ᠵᠢᠷᠭᠤᠭ᠋ᠠᠨ ᠰᠠᠷ᠎ᠠ ᠵᠢᠨ ᠲᠠᠪᠤᠨ᠎ᠤ ᠣᠷᠴᠢᠨ ᠲᠣᠭᠣᠷᠢᠨ᠎ᠤ ᠡᠳᠦᠷ᠎ᠤᠨ ᠥᠪᠡᠷᠲᠡᠭᠡᠨ ᠵᠠᠰᠠᠬᠤ ᠣᠷᠣᠨ᠎ᠤ ᠭᠣᠥᠯ ᠲᠠᠯᠠᠪᠤᠷ᠎ᠤᠨ ᠠᠵᠢᠯᠯᠠᠭ᠎ᠠ᠎ᠳᠤ ᠣᠷᠣᠯᠴᠠᠪᠠ᠃

 

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号