ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠵᠢᠷᠤᠬᠲᠦ᠍ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠨᠠᠮ᠎ᠤᠨ ᠤᠳᠤᠷᠢᠳᠬᠤ ᠳᠤᠭᠤᠶ᠋ᠢᠯᠠᠩ ᠤᠨᠤᠯ ᠰᠤᠷᠤᠯᠴᠠᠬᠤ ᠭᠣᠣᠯ ᠳᠤᠭᠤᠶ᠋ᠢᠯᠠᠩ᠎ᠤᠨ ᠰᠤᠷᠤᠯᠴᠠᠯᠭ᠎ᠠ᠎ᠶᠢᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-09-10

      7 ᠰᠠᠷ᠎ᠠ᠎ᠶᠢᠨ 25᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠦᠨ ᠨᠠᠮ᠎ᠤᠨ ᠤᠳᠤᠷᠢᠳᠬᠤ ᠳᠤᠭᠤᠶ᠋ᠢᠯᠠᠩ 2025 ᠣᠨ᠎ᠤ 7 ᠳ᠋ᠤᠭᠠᠷ ᠤᠳᠠᠭ᠎ᠠ᠎ᠶᠢᠨ ᠣᠨᠣᠯ ᠰᠤᠷᠤᠯᠴᠠᠬᠤ ᠭᠣᠣᠯ ᠳᠤᠭᠤᠶ᠋ᠢᠯᠠᠩ᠎ᠤᠨ ᠰᠤᠷᠤᠯᠴᠠᠬᠤ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ᠎ᠶᠢᠨ ᠫᠢᠩ᠎ᠤᠨ ᠵᠥᠪ ᠣᠨᠣᠪᠴᠢᠲᠠᠶ ᠠᠵᠢᠯ᠎ᠤᠨ ᠪᠦᠲᠦᠮᠵᠢ᠎ᠶᠢᠨ ᠦᠵᠡᠯᠲᠡ᠎ᠶᠢ ᠪᠤᠶ ᠪᠣᠯᠭᠠᠬᠤ ᠪᠠ ᠦᠢᠯᠡᠳᠦᠯᠭᠡᠵᠢᠬᠦᠯᠬᠦ᠂ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ᠂ ᠨᠡᠶ᠋ᠢᠭᠡᠮ᠎ᠦᠨ ᠠᠵᠢᠯ᠎ᠢ ᠴᠢᠩᠭᠠᠳᠬᠠᠨ ᠨᠡᠶ᠋ᠢᠭᠡᠮ᠎ᠦᠨ ᠵᠠᠰᠠᠯᠲᠠ᠎ᠶᠢᠨ ᠦᠷ᠎ᠡ ᠪᠦᠲᠦᠮᠵᠢ᠎ᠶᠢ ᠳᠡᠭᠡᠭᠰᠢᠯᠡᠭᠦᠯᠬᠦ ᠲᠤᠬᠠᠶ ᠴᠢᠬᠤᠯᠠ ᠥᠭᠦᠯᠡᠯᠲᠡ ᠪᠠ ᠲᠥᠪ᠎ᠦᠨ ᠳᠡᠰ ᠳᠠᠪᠬᠤᠷᠭ᠎ᠠ᠎ᠶᠢᠨ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ ᠲᠤᠰᠬᠠᠶ ᠠᠵᠢᠯ᠎ᠤᠨ ᠲᠣᠭᠲᠠᠴᠠ᠎ᠶᠢᠨ ᠬᠤᠷᠠᠯ᠎ᠤᠨ ᠵᠣᠷᠢᠭ᠋ ᠰᠠᠨᠠᠭ᠎ᠠ ᠵᠢᠴᠢ ᠬᠣᠯᠪᠣᠭᠳᠠᠯ ᠪᠦᠬᠦᠢ ᠨᠡᠶ᠋ᠢᠲᠡᠯᠢᠭ ᠬᠡᠷᠡᠭ᠎ᠦᠨ ᠵᠢᠱ᠌ᠢᠶ᠎ᠡ᠎ᠶᠢ ᠤᠯᠠᠮᠵᠢᠯᠠᠨ ᠰᠤᠷᠤᠯᠴᠠᠵᠤ᠂ ᠲᠢᠩᠬᠢᠮ᠎ᠦᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ ᠨᠡᠷ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠶ ᠵᠥᠪ ᠦᠵᠡᠯᠲᠡ᠎ᠶᠢ ᠪᠣᠶ ᠪᠣᠯᠭᠠᠬᠤ ᠪᠠ ᠦᠶ᠋ᠯᠡᠳᠦᠯᠭᠡᠵᠢᠭᠦᠯᠬᠦ᠂ ᠬᠡᠯᠪᠡᠷᠢᠴᠢ ᠦᠵᠡᠯ᠎ᠢ ᠴᠡᠭᠴᠡᠯᠡᠨ ᠵᠠᠰᠠᠬᠤ᠎ᠶᠢᠨ ᠲᠣᠭᠣᠷᠢᠨ᠎ᠳᠤ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ ᠲᠤᠰᠬᠠᠶ ᠰᠡᠳᠦᠪᠲᠦ ᠰᠤᠳᠤᠯᠤᠨ ᠶᠠᠷᠢᠯᠴᠠᠭ᠎ᠠ ᠥᠷᠨᠢᠭᠦᠯᠪᠡ᠃ ᠲᠢᠩᠬᠢᠮ᠎ᠦᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠴᠢ ᠹᠸᠢ ᠶᠦᠨ ᠬᠤᠷᠠᠯ᠎ᠢ ᠡᠷᠭᠢᠯᠡᠪᠡ᠃
      ᠬᠤᠷᠠᠯ᠎ᠠᠴᠠ᠂ ᠲᠢᠩᠬᠢᠮ᠎ᠦᠨ ᠨᠠᠮ᠎ᠤᠨ ᠤᠳᠤᠷᠢᠳᠬᠤ ᠳᠤᠭᠤᠶ᠋ᠢᠯᠠᠩ ᠪᠣᠯᠤᠨ ᠡᠯ᠎ᠡ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠨᠤᠭᠤᠳ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠥᠭᠦᠯᠡᠯᠲᠡ᠎ᠶᠢ ᠭᠦᠨᠵᠡᠭᠡᠢ ᠰᠤᠷᠤᠯᠴᠠᠨ ᠣᠶ᠋ᠢᠯᠠᠭᠠᠵᠤ᠂ ᠠᠵᠢᠯ᠎ᠤᠨ ᠠᠮᠵᠢᠯᠲᠠ᠎ᠶᠢᠨ ᠲᠤᠬᠠᠢ ᠵᠥᠪ ᠦᠵᠡᠯᠲᠡ᠎ᠶᠢ ᠤᠬᠠᠮᠰᠠᠷ᠎ᠠᠴᠠ᠎ᠪᠠᠨ ᠪᠤᠢ ᠪᠣᠯᠭᠠᠨ ᠦᠢᠯᠡᠳᠦᠯᠭᠡᠵᠢᠭᠦᠯᠵᠦ᠂ ᠨᠡᠶ᠋ᠢᠲᠡᠯᠢᠭ ᠠᠰᠠᠭᠤᠳᠠᠯ᠎ᠢᠶᠠᠷ ᠲᠤᠯᠢ ᠪᠣᠯᠭᠠᠵᠤ᠂ ᠰᠤᠷᠭᠠᠮᠵᠢ ᠠᠪᠴᠤ᠂ 《ᠠᠷᠠᠳ᠎ᠲᠤ ᠪᠤᠶᠠᠨ ᠦᠢᠯᠡᠳᠬᠦ ᠪᠣᠯ ᠬᠠᠮᠤᠭ᠎ᠤᠨ ᠶᠡᠬᠡ ᠠᠵᠢᠯ᠎ᠤᠨ ᠠᠮᠵᠢᠯᠲᠠ ᠮᠥᠨ》 ᠭᠡᠳᠡᠭ᠎ᠢ ᠪᠠᠲᠤ ᠴᠡᠭᠡᠵᠢᠯᠡᠵᠦ᠂ ᠤᠯᠠᠨ ᠲᠦᠮᠡᠨ᠎ᠳᠦ ᠪᠠᠴᠢᠮ ᠱᠠᠭᠠᠷᠳᠠᠭᠳᠠᠵᠤ ᠪᠠᠶ᠋ᠢᠭ᠎ᠠ ᠶᠠᠪᠤᠳᠠᠯ᠎ᠢ ᠢᠯᠡᠭᠦᠬᠡᠨ ᠬᠢᠵᠦ᠂ ᠤᠯᠠᠨ ᠲᠦᠮᠡᠨ᠎ᠳᠦ ᠠᠰᠢᠭ᠋ ᠬᠦᠷᠲᠡᠭᠡᠬᠦ ᠶᠠᠪᠤᠳᠠᠯ᠎ᠢ ᠢᠯᠡᠭᠦᠬᠡᠨ ᠬᠢᠵᠦ᠂ ᠰᠠᠭᠤᠷᠢ ᠲᠠᠯᠪᠢᠬᠤ ᠶᠠᠪᠤᠳᠠᠯ᠎ᠢ ᠢᠯᠡᠭᠦᠬᠡᠨ ᠬᠢᠵᠦ᠂ ᠠᠯᠤᠰ ᠬᠡᠳᠤ᠎ᠶᠢᠨ ᠦᠢᠯᠡᠳᠦᠯ᠎ᠲᠠᠢ ᠶᠠᠪᠤᠳᠠᠯ᠎ᠢ ᠢᠯᠡᠭᠦᠬᠡᠨ ᠬᠢᠬᠦ ᠬᠡᠷᠡᠭᠲᠡᠢ ᠭᠡᠵᠦ ᠱᠠᠭᠠᠷᠳᠠᠪᠠ᠃
      ᠬᠤᠷᠠᠯ᠎ᠠᠴᠠ᠂ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ ᠪᠣᠯ ᠤᠳᠠᠭᠠᠨ ᠳᠠᠭᠠᠭᠠᠮᠠᠭᠠᠢ ᠲᠠᠢ᠍ᠢᠨ ᠮᠥᠨ᠂ ᠨᠠᠮ᠎ᠤᠨ ᠭᠡᠰᠢᠭᠦᠨ ᠤᠳᠤᠷᠢᠳᠬᠤ ᠺᠠᠳ᠋ᠷ ᠰᠠᠨᠠᠭᠠᠴᠢᠯᠠᠭ᠎ᠠ᠎ᠠᠴᠠ᠎ᠪᠠᠨ ᠤᠯᠤᠰ ᠲᠦᠷᠦ᠎ᠶᠢᠨ ᠬᠠᠷᠢᠭᠤᠴᠠᠯᠭ᠎ᠠ᠎ᠶᠢ ᠡᠭᠦᠷᠭᠡᠯᠡᠵᠦ᠂ ᠵᠠᠶ᠋ᠢᠯᠠᠬᠤ ᠦᠭᠡᠢ᠂ ᠲᠦᠯᠬᠢᠯᠴᠡᠬᠦ ᠦᠭᠡᠢ᠎ᠪᠡᠷ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ ᠠᠵᠢᠯ᠎ᠢ ᠦᠷᠭᠦᠯᠵᠢᠯᠡᠨ ᠠᠬᠢᠭᠤᠯᠵᠤ᠂ ᠰᠢᠯᠢᠳᠡᠭ ᠰᠠᠢ᠍ᠢᠨ ᠰᠤᠷᠲᠠᠯ᠎ᠢᠶᠠᠷ ᠡᠯ᠎ᠡ ᠵᠦᠢᠯ᠎ᠦᠨ ᠠᠵᠢᠯ᠎ᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠵᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠬᠦ᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号