ᠯᠠᠪᠯᠠᠭ᠎ᠠ ᠠᠪᠬᠤ᠎ᠳᠤ ᠮᠡᠳᠡᠬᠦ ᠴᠢᠬᠤᠯᠠᠲᠠᠢ ᠵᠦᠢᠯ
ᠲᠠᠨ᠎ᠤ 《 ᠰᠦᠯᠵᠢᠶᠡᠨ ᠳᠡᠭᠡᠷᠡᠬᠢ ᠯᠠᠪᠯᠠᠭ᠎ᠠ 》 ᠶ᠋ᠢ ᠬᠡᠷᠡᠭᠯᠡᠬᠦ᠎ᠶᠢ ᠪᠠᠶᠠᠷᠯᠠᠨ ᠤᠭᠲᠤᠵᠤ ᠪᠠᠢᠨ᠎ᠠ ᠂ ᠲᠠᠨ᠎ᠤ ᠲᠤᠰᠢᠶᠠᠭᠰᠠᠨ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠲᠤᠬᠠᠢᠯᠠᠭᠰᠠᠨ ᠠᠵᠢᠯ᠎ᠤᠨ ᠯᠠᠪᠯᠠᠯᠲᠠ᠎ᠶᠢᠨ ᠲᠥᠷᠥᠯ᠎ᠦᠨ ᠠᠰᠠᠭᠤᠳᠠᠯ᠎ᠢ ᠪᠢᠳᠡ ᠴᠠᠭ ᠲᠤᠬᠠᠢ ᠳ᠋ᠤᠨᠢ ᠭᠥᠯᠢᠶᠡᠨ ᠠᠪᠴᠤ ᠰᠢᠢᠳᠪᠦᠷᠢᠯᠡᠨ᠎ᠡ ᠃ ᠬᠡᠷᠪᠡ ᠲᠠ ᠣᠷᠴᠢᠨ ᠲᠣᠭᠣᠷᠢᠨ᠎ᠤ ᠬᠠᠤᠯᠢ ᠵᠥᠷᠢᠴᠡᠭᠰᠡᠨ᠎ᠢ ᠢᠯᠡᠴᠢᠯᠡᠨ ᠮᠡᠳᠡᠭᠦᠯᠬᠦ ᠭᠡᠪᠡᠯ ᠂ ᠪᠥᠬᠥ ᠤᠯᠤᠰ᠎ᠤᠨ ᠨᠢᠭᠡᠳᠦᠯᠲᠡᠢ ᠣᠷᠴᠢᠨ ᠲᠣᠭᠣᠷᠢᠨ᠎ᠤ ᠵᠠᠭᠠᠯᠳᠤᠯᠭ᠎ᠠ ᠢᠯᠡᠴᠢᠯᠡᠨ ᠮᠡᠳᠡᠭᠦᠯᠬᠦ ᠤᠲᠠᠰᠤ 12345 ᠶ᠋ᠢ ᠤᠲᠠᠰᠤᠳᠠᠵᠤ ᠂ ᠵᠠᠭᠠᠯᠳᠤᠵᠤ ᠢᠯᠡᠴᠢᠯᠡᠨ ᠮᠡᠳᠡᠭᠦᠯᠦᠭᠡᠷᠡᠢ᠃
ᠰᠦᠯᠵᠢᠶᠡᠨ᠎ᠦ ᠯᠠᠪᠯᠠᠭ᠎ᠠ
ᠭᠠᠷᠴᠠᠭ᠄ CEMS ᠬᠡᠮᠵᠢᠯᠲᠡ᠎ᠶᠢᠨ ᠠᠰᠠᠭᠤᠳᠠᠯ
ᠴᠠᠭ᠄ 2025-04-28
ᠠᠭᠤᠯᠭ᠎ᠠ᠄
ᠲᠡᠮᠦᠷ᠎ᠦᠨ ᠬᠠᠢᠯᠤᠰᠢ᠎ᠶᠢᠨ ᠠᠵᠢᠯ ᠲᠥᠷᠥᠯ᠎ᠦᠨ ᠰᠢᠲᠠᠭᠠᠨ ᠪᠠᠷᠢᠯᠳᠤᠭᠤᠯᠬᠤ ᠂ ᠪᠥᠮᠪᠥᠭᠡᠨ ᠪᠥᠭᠡᠮ᠎ᠢᠶᠡᠷ ᠴᠠᠬᠢᠯᠭᠠᠨ ᠭᠠᠷᠭᠠᠬᠤ ᠵᠡᠷᠭᠡ ᠤᠷᠠᠯᠠᠯ᠎ᠳᠤ ᠬᠡᠲᠦ ᠳᠣᠣᠷ᠎ᠠ ᠭᠠᠳᠠᠭᠰᠢᠯᠠᠭᠤᠯᠤᠯᠲᠠ᠎ᠶᠢ ᠬᠡᠷᠡᠭᠵᠢᠭᠦᠯᠦᠭᠰᠡᠨ᠎ᠦ ᠳᠠᠷᠠᠭ᠎ᠠ ᠂ CEMS ᠲᠥᠬᠦᠭᠡᠷᠦᠮᠵᠢ᠎ᠶᠢᠨ ᠬᠡᠮᠵᠢᠯᠲᠡ᠎ᠶᠢᠨ ᠵᠠᠢ᠎ᠶᠢ ᠶᠠᠮᠠᠷ ᠪᠠᠷᠢᠮᠵᠢᠶ᠎ᠠ᠎ᠪᠠᠷ ᠲᠣᠭᠲᠠᠭᠠᠬᠤ ᠪᠣᠶ ? ᠪᠣᠳᠠᠲᠠᠢ᠎ᠪᠠᠷ ᠬᠡᠳᠦᠢ ᠳᠠᠬᠢᠨ ᠪᠠᠢᠳᠠᠭ ᠪᠣᠶ ?
ᠵᠠᠬᠢᠳᠠᠯ᠎ᠤᠨ ᠬᠠᠢᠷᠴᠠᠭ᠎ᠤᠨ ᠬᠠᠷᠢᠭᠤᠯᠲᠠ
ᠬᠠᠷᠢᠭᠤ ᠥᠭᠭᠦᠭᠰᠡᠨ ᠴᠠᠭ᠄
2025-05-08
ᠬᠠᠷᠢᠭᠤ ᠥᠭᠭᠦᠭᠰᠡᠨ ᠨᠢᠭᠡᠴᠢ᠄
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ
ᠬᠠᠷᠢᠭᠤᠯᠤᠭᠰᠠᠨ ᠠᠭᠤᠯᠭ᠎ᠠ᠄
ᠰᠦᠯᠵᠢᠶᠡᠨ᠎ᠦ ᠨᠠᠢᠵᠠ ᠲᠠ ᠰᠠᠢᠨ ᠤᠤ ? ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠠᠯᠪᠠᠨ ᠲᠢᠩᠬᠢᠮ᠎ᠦᠨ ᠳᠠᠷᠤᠮᠠᠯᠯᠠᠨ ᠲᠠᠷᠬᠠᠭᠠᠭᠰᠠᠨ 《 ᠭᠣᠣᠯᠳᠠᠯᠭ᠎ᠠ᠎ᠲᠠᠢ ᠨᠢᠭᠡᠴᠢ᠎ᠶᠢᠨ ᠠᠦ᠋ᠲ᠋ᠣ᠋ ᠬᠢᠨᠠᠨ ᠡᠵᠡᠮᠳᠡᠵᠦ ᠤᠭᠰᠠᠷᠠᠨ ᠰᠦᠯᠵᠢᠶᠡᠨ᠎ᠳᠦ ᠬᠣᠯᠪᠣᠬᠤ ᠬᠠᠮᠢᠶ᠎ᠠ ᠪᠦᠬᠦᠢ ᠠᠵᠢᠯ᠎ᠢ ᠰᠠᠢᠲᠤᠷ ᠬᠢᠬᠦ ᠲᠤᠬᠠᠢ ᠮᠡᠳᠡᠭᠳᠡᠯ》᠎ᠦᠨ ᠣᠷᠴᠢᠨ ᠲᠣᠭᠣᠷᠢᠨ᠎ᠤ ᠠᠯᠪᠠᠨ ᠭᠡᠷ᠎ᠦᠨ ᠬᠠᠤᠯᠢ ᠬᠡᠷᠡᠭᠵᠢᠭᠦᠯᠬᠦ ᠵᠠᠬᠢᠳᠠᠯ 《 2021 》᠎ᠶᠢᠨ 484 ᠳ᠋ᠦ᠍ᠭᠡᠷ ᠨᠣᠮᠧᠷᠲᠦ ᠲᠣᠭᠲᠠᠭᠠᠭᠰᠠᠨ ᠮᠥᠬᠥᠯᠢᠭᠲᠦ ᠪᠣᠳᠠᠰ ᠪᠤᠶᠤ ᠬᠡᠢ ᠪᠡᠶᠡᠲᠦ ᠪᠣᠬᠢᠷᠲᠤᠯ ᠪᠣᠳᠠᠰ᠎ᠲᠤ ᠬᠡᠳᠦ ᠳᠣᠣᠷ᠎ᠠ ᠭᠠᠳᠠᠭᠰᠢᠯᠠᠭᠤᠯᠬᠤ ᠬᠢᠵᠠᠭᠠᠷ ᠬᠡᠮᠵᠢᠭᠳᠡᠯ ᠪᠤᠶᠤ ᠣᠨᠴᠠᠭᠠᠶ ᠭᠠᠳᠠᠭᠰᠢᠯᠠᠭᠤᠯᠬᠤ ᠬᠢᠵᠠᠭᠠᠷ ᠬᠡᠮᠵᠢᠭᠳᠡᠯ᠎ᠢ ᠬᠡᠷᠡᠭᠵᠢᠭᠦᠯᠦᠭᠰᠡᠨ ᠪᠠᠢᠪᠠᠯ ᠂ ᠬᠡᠮᠵᠢᠯᠲᠡ᠎ᠶᠢᠨ ᠵᠠᠢ᠎ᠶᠢ ᠬᠡᠮᠵᠢᠬᠦ᠎ᠳᠦ ᠬᠣᠣᠰ ᠬᠡᠮᠵᠢᠯᠲᠡ᠎ᠶᠢᠨ ᠵᠠᠢ ᠪᠤᠶᠤ ᠤᠯᠠᠨ ᠬᠡᠮᠵᠢᠯᠲᠡ᠎ᠶᠢᠨ ᠵᠠᠢ᠎ᠶᠢ ᠲᠣᠬᠢᠷᠠᠭᠤᠯᠬᠤ ᠬᠡᠷᠡᠭᠲᠡᠢ᠃ ᠳᠣᠣᠷ᠎ᠠ ᠬᠡᠮᠵᠢᠶᠡᠨ᠎ᠦ ᠵᠠᠢ᠎ᠶᠢᠨ ᠬᠡᠪᠴᠢᠶ᠎ᠡ᠎ᠶᠢ ᠶᠡᠷᠦ᠎ᠳᠡᠭᠡᠨ ᠵᠣᠬᠢᠴᠠᠩᠭᠤᠢ ᠪᠣᠬᠢᠷᠲᠤᠯ ᠪᠣᠳᠠᠰ ᠭᠠᠳᠠᠭᠰᠢᠯᠠᠭᠤᠯᠬᠤ ᠬᠢᠵᠠᠭᠠᠷ ᠬᠡᠮᠵᠢᠭᠳᠡᠯ᠎ᠦᠨ 1.5—2 ᠳᠠᠬᠢᠨ᠎ᠢᠶᠠᠷ ᠲᠣᠬᠢᠷᠠᠭᠤᠯᠤᠨ᠎ᠠ᠃ ᠥᠨᠳᠥᠷ ᠬᠡᠮᠵᠢᠶᠡᠨ᠎ᠦ ᠵᠠᠢ᠎ᠶᠢᠨ ᠬᠡᠪᠴᠢᠶ᠎ᠡ᠎ᠶᠢ ᠶᠡᠷᠦ᠎ᠳᠡᠭᠡᠨ ᠤᠤᠯ᠎ᠤᠨ ᠤᠲᠤᠭ᠎ᠠ᠎ᠶᠢᠨ ᠬᠠᠮᠤᠭ᠎ᠤᠨ ᠥᠨᠳᠥᠷ ᠥᠳᠬᠡᠴᠡ᠎ᠶᠢᠨ 1-1.5 ᠳᠠᠬᠢᠨ᠎ᠢᠶᠠᠷ ᠲᠣᠬᠢᠷᠠᠭᠤᠯᠵᠤ ᠂ ᠪᠣᠬᠢᠷᠲᠤᠯ᠎ᠤᠨ ᠡᠬᠢ᠎ᠶᠢ ᠬᠡᠪ᠎ᠦᠨ ᠪᠠᠢᠳᠠᠯ᠎ᠢᠶᠠᠷ ᠭᠠᠳᠠᠭᠰᠢᠯᠠᠭᠤᠯᠬᠤ᠎ᠳᠤ ᠳᠣᠣᠷ᠎ᠠ ᠬᠡᠮᠵᠢᠶᠡᠨ᠎ᠦ ᠵᠠᠢ᠎ᠶᠢ ᠬᠡᠷᠡᠭᠯᠡᠵᠦ ᠂ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ᠎ᠶᠢᠨ ᠥᠳᠬᠡᠴᠡ ᠨᠢ ᠳᠣᠣᠷ᠎ᠠ ᠬᠡᠮᠵᠢᠶᠡᠨ᠎ᠦ ᠵᠠᠢ᠎ᠶᠢᠨ ᠳᠡᠭᠡᠷ᠎ᠡ ᠬᠢᠵᠠᠭᠠᠷ ᠬᠡᠮᠵᠢᠭᠳᠡᠯ᠎ᠡᠴᠡ ᠬᠡᠲᠦᠷᠡᠭᠰᠡᠨ ᠦᠶ᠎ᠡ᠎ᠳᠦ ᠬᠡᠮᠵᠢᠭᠦᠷᠯᠢᠭ᠎ᠢ ᠠᠶᠠᠨ᠎ᠳᠠᠭᠠᠨ ᠥᠨᠳᠥᠷ ᠬᠡᠮᠵᠢᠶᠡᠨ᠎ᠦ ᠵᠠᠢ᠎ᠳᠤ ᠰᠣᠯᠢᠵᠤ ᠂ ᠬᠡᠮᠵᠢᠯᠲᠡ᠎ᠶᠢᠨ ᠵᠠᠢ᠎ᠶᠢᠨ ᠲᠣᠬᠢᠷᠠᠭᠤᠯᠤᠯᠲᠠ᠎ᠶᠢᠨ ᠮᠡᠳᠡᠭᠡ ᠵᠠᠩᠭᠢ᠎ᠶᠢ ᠠᠮᠢ ᠠᠬᠤᠢ ᠣᠷᠴᠢᠨ ᠲᠣᠭᠣᠷᠢᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠨ ᠬᠢᠨᠠᠨ ᠡᠵᠡᠮᠳᠡᠬᠦ ᠲᠠᠪᠴᠠᠩ᠎ᠳᠤ ᠬᠦᠷᠭᠡᠬᠦ ᠬᠡᠷᠡᠭᠲᠡᠢ ᠃ ᠠᠵᠤ ᠦᠢᠯᠡᠳᠪᠦᠷᠢ᠎ᠶᠢᠨ ᠡᠵᠡᠮᠰᠢᠯ ᠮᠠᠰᠢᠨ᠎ᠤ ᠴᠢᠳᠠᠮᠵᠢ᠎ᠶᠢ ᠪᠦᠲᠦᠮᠵᠢᠲᠡᠶ ᠬᠢᠵᠠᠭᠠᠷᠯᠠᠬᠤ ᠪᠤᠶᠤ ᠬᠠᠮᠢᠶᠠᠷᠤᠨ ᠡᠵᠡᠮᠳᠡᠵᠦ ᠳᠡᠶ᠋ᠢᠯᠬᠦ ᠦᠭᠡᠢ᠎ᠡᠴᠡ ᠡᠮᠦᠨ᠎ᠡ ᠂ ᠰᠢᠨ᠎ᠡ᠎ᠪᠡᠷ ᠪᠠᠢᠭᠤᠯᠤᠭᠰᠠᠨ ᠲᠤᠬᠠᠢ᠎ᠶᠢᠨ ᠲᠠᠯᠠᠪᠤᠷ᠎ᠤᠨ ᠦᠵᠦᠭᠦᠷ᠎ᠦᠨ ᠰᠢᠰᠲᠧᠮ᠎ᠳᠡᠬᠢ ᠨᠢᠭᠡ ᠤᠳᠠᠭᠠᠨ᠎ᠤ ᠬᠡᠮᠵᠢᠭᠦᠷᠯᠢᠭ᠎ᠦᠨ ᠲᠣᠭ᠎ᠠ ᠪᠠᠷᠢᠮᠲᠠ᠎ᠶᠢ ᠠᠵᠤ ᠦᠢᠯᠡᠳᠪᠦᠷᠢ᠎ᠶᠢᠨ ᠡᠵᠡᠮᠰᠢᠯ ᠮᠠᠰᠢᠨ᠎ᠢᠶᠠᠷ ᠰᠢᠢᠳᠪᠦᠷᠢᠯᠡᠭᠰᠡᠨ᠎ᠦ ᠳᠠᠷᠠᠭ᠎ᠠ ᠳᠠᠬᠢᠨ ᠲᠣᠭ᠎ᠠ ᠬᠡᠮᠵᠢᠭᠦᠷᠯᠢᠭ᠎ᠲᠦ ᠬᠦᠷᠭᠡᠵᠦ ᠪᠣᠯᠬᠤ ᠦᠭᠡᠢ ᠂ ᠡᠷᠬᠡᠪᠰᠢ ᠠᠮᠢ ᠠᠬᠤᠢ ᠣᠷᠴᠢᠨ ᠲᠣᠭᠣᠷᠢᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠨ ᠬᠢᠨᠠᠨ ᠡᠵᠡᠮᠳᠡᠬᠦ ᠲᠠᠪᠴᠠᠩ᠎ᠳᠤ ᠰᠢᠭᠤᠳ ᠴᠤᠭᠯᠠᠭᠤᠯᠵᠤ ᠳᠠᠮᠵᠢᠭᠤᠯᠬᠤ ᠬᠡᠷᠡᠭᠲᠡᠢ ᠃