ᠯᠠᠪᠯᠠᠭ᠎ᠠ ᠠᠪᠬᠤ᠎ᠳᠤ ᠮᠡᠳᠡᠬᠦ ᠴᠢᠬᠤᠯᠠᠲᠠᠢ ᠵᠦᠢᠯ
ᠲᠠᠨ᠎ᠤ 《 ᠰᠦᠯᠵᠢᠶᠡᠨ ᠳᠡᠭᠡᠷᠡᠬᠢ ᠯᠠᠪᠯᠠᠭ᠎ᠠ 》 ᠶ᠋ᠢ ᠬᠡᠷᠡᠭᠯᠡᠬᠦ᠎ᠶᠢ ᠪᠠᠶᠠᠷᠯᠠᠨ ᠤᠭᠲᠤᠵᠤ ᠪᠠᠢᠨ᠎ᠠ ᠂ ᠲᠠᠨ᠎ᠤ ᠲᠤᠰᠢᠶᠠᠭᠰᠠᠨ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠲᠤᠬᠠᠢᠯᠠᠭᠰᠠᠨ ᠠᠵᠢᠯ᠎ᠤᠨ ᠯᠠᠪᠯᠠᠯᠲᠠ᠎ᠶᠢᠨ ᠲᠥᠷᠥᠯ᠎ᠦᠨ ᠠᠰᠠᠭᠤᠳᠠᠯ᠎ᠢ ᠪᠢᠳᠡ ᠴᠠᠭ ᠲᠤᠬᠠᠢ ᠳ᠋ᠤᠨᠢ ᠭᠥᠯᠢᠶᠡᠨ ᠠᠪᠴᠤ ᠰᠢᠢᠳᠪᠦᠷᠢᠯᠡᠨ᠎ᠡ ᠃ ᠬᠡᠷᠪᠡ ᠲᠠ ᠣᠷᠴᠢᠨ ᠲᠣᠭᠣᠷᠢᠨ᠎ᠤ ᠬᠠᠤᠯᠢ ᠵᠥᠷᠢᠴᠡᠭᠰᠡᠨ᠎ᠢ ᠢᠯᠡᠴᠢᠯᠡᠨ ᠮᠡᠳᠡᠭᠦᠯᠬᠦ ᠭᠡᠪᠡᠯ ᠂ ᠪᠥᠬᠥ ᠤᠯᠤᠰ᠎ᠤᠨ ᠨᠢᠭᠡᠳᠦᠯᠲᠡᠢ ᠣᠷᠴᠢᠨ ᠲᠣᠭᠣᠷᠢᠨ᠎ᠤ ᠵᠠᠭᠠᠯᠳᠤᠯᠭ᠎ᠠ ᠢᠯᠡᠴᠢᠯᠡᠨ ᠮᠡᠳᠡᠭᠦᠯᠬᠦ ᠤᠲᠠᠰᠤ 12345 ᠶ᠋ᠢ ᠤᠲᠠᠰᠤᠳᠠᠵᠤ ᠂ ᠵᠠᠭᠠᠯᠳᠤᠵᠤ ᠢᠯᠡᠴᠢᠯᠡᠨ ᠮᠡᠳᠡᠭᠦᠯᠦᠭᠡᠷᠡᠢ ᠃
ᠰᠦᠯᠵᠢᠶᠡᠨ᠎ᠦ ᠯᠠᠪᠯᠠᠭ᠎ᠠ
ᠭᠠᠷᠴᠠᠭ
ᠮᠠᠯ ᠵᠢᠭᠦᠷᠲᠡᠨ᠎ᠢ ᠲᠡᠵᠢᠭᠡᠨ ᠦᠷᠡᠵᠢᠭᠦᠯᠬᠦ ᠠᠵᠢᠯ ᠲᠥᠷᠥᠯ᠎ᠦᠨ ᠬᠢᠵᠢᠭ᠎ᠢ ᠰᠡᠷᠭᠡᠢᠯᠡᠬᠦ ᠪᠠ ᠣᠨᠣᠰᠢᠯᠠᠨ ᠡᠮᠨᠡᠬᠦ ᠬᠠᠶᠠᠭᠳᠠᠮᠠᠯ ᠪᠣᠳᠠᠰ ᠨᠢ ᠠᠶᠤᠯᠲᠠᠢ ᠬᠠᠶᠠᠭᠳᠠᠮᠠᠯ ᠪᠣᠳᠠᠰ᠎ᠲᠤ ᠲᠣᠭᠠᠴᠠᠭᠳᠠᠨ᠎ᠠ ᠤᠤ ?
ᠴᠠᠭ
2025-06-14
ᠠᠭᠤᠯᠭ᠎ᠠ
ᠬᠦᠨᠳᠦᠲᠦ ᠤᠳᠤᠷᠢᠳᠤᠯᠭ᠎ᠠ ᠲᠠ ᠰᠠᠢᠨ ᠪᠠᠢᠨ᠎ᠠ ᠤᠤ! ᠮᠠᠯ ᠵᠢᠭᠦᠷᠲᠡᠨ᠎ᠢ ᠲᠡᠵᠢᠭᠡᠨ ᠦᠷᠡᠵᠢᠭᠦᠯᠬᠦ ᠦᠢᠯᠡᠳᠪᠦᠷᠢ᠎ᠶᠢᠨ ᠮᠠᠯ ᠵᠢᠭᠦᠷᠲᠡᠨ᠎ᠦ ᠬᠢᠵᠢᠭ᠎ᠢ ᠰᠡᠷᠭᠡᠢᠯᠡᠬᠦ ᠪᠠ ᠣᠨᠣᠰᠢᠯᠠᠨ ᠡᠮᠨᠡᠬᠦ ᠶᠠᠪᠤᠴᠠ᠎ᠳᠤ ᠭᠠᠷᠭᠠᠭᠰᠠᠨ ᠬᠠᠶᠠᠭᠳᠠᠮᠠᠯ ᠵᠡᠭᠦᠦ᠎ᠶᠢᠨ ᠲᠦᠩᠰᠡ᠂ ᠬᠠᠶᠠᠭᠳᠠᠮᠠᠯ ᠡᠮ᠎ᠦᠨ ᠯᠣᠩᠬᠣ᠌᠂ ᠬᠠᠶᠠᠭᠳᠠᠮᠠᠯ ᠠᠶᠤᠯᠭᠦᠢ ᠯᠣᠩᠬᠣ᠌ ᠵᠡᠷᠭᠡ ᠬᠠᠶᠠᠭᠳᠠᠮᠠᠯ ᠪᠣᠳᠠᠰ ᠨᠢ ᠠᠶᠤᠯᠲᠠᠢ ᠬᠠᠶᠠᠭᠳᠠᠮᠠᠯ ᠪᠣᠳᠠᠰ᠎ᠲᠤ ᠲᠣᠭᠠᠴᠠᠭᠳᠠᠨ᠎ᠠ ᠤᠤ ? ᠦᠨᠳᠦᠰᠦᠯᠡᠯ ᠨᠢ ᠶᠠᠭᠤ ᠪᠤᠢ ?
ᠵᠠᠬᠢᠳᠠᠯ᠎ᠤᠨ ᠬᠠᠢᠷᠴᠠᠭ᠎ᠤᠨ ᠬᠠᠷᠢᠭᠤᠯᠲᠠ
ᠬᠠᠷᠢᠭᠤ ᠥᠭᠭᠦᠭᠰᠡᠨ ᠴᠠᠭ
2025-06-20
ᠬᠠᠷᠢᠭᠤ ᠥᠭᠭᠦᠭᠰᠡᠨ ᠨᠢᠭᠡᠴᠢ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ
ᠬᠠᠷᠢᠭᠤᠯᠤᠭᠰᠠᠨ ᠠᠭᠤᠯᠭ᠎ᠠ
ᠰᠦᠯᠵᠢᠶᠡᠨ᠎ᠦ ᠨᠠᠢᠵᠠ ᠲᠠ ᠰᠠᠢᠨ ᠤᠤ ᠂ ᠲᠠᠨ᠎ᠤ ᠠᠰᠠᠭᠤᠭᠰᠠᠨ 《 ᠮᠠᠯ ᠵᠢᠭᠦᠷᠲᠡᠨ᠎ᠢ ᠲᠡᠵᠢᠭᠡᠨ ᠦᠷᠡᠵᠢᠭᠦᠯᠬᠦ ᠠᠵᠢᠯ ᠲᠥᠷᠥᠯ᠎ᠦᠨ ᠬᠢᠵᠢᠭ᠎ᠢ ᠰᠡᠷᠭᠡᠢᠯᠡᠬᠦ ᠪᠠ ᠣᠨᠣᠰᠢᠯᠠᠨ ᠡᠮᠨᠡᠬᠦ ᠬᠠᠶᠠᠭᠳᠠᠮᠠᠯ ᠪᠣᠳᠠᠰ ᠠᠶᠤᠯᠲᠠᠢ ᠬᠠᠶᠠᠭᠳᠠᠮᠠᠯ ᠪᠣᠳᠠᠰ᠎ᠲᠤ ᠲᠣᠭᠠᠴᠠᠭᠳᠠᠬᠤ ᠡᠰᠡᠬᠦ ᠠᠰᠠᠭᠤᠳᠠᠯ 》᠎ᠢ ᠨᠢᠭᠡᠨᠲᠡ ᠣᠯᠵᠤ ᠣᠢᠯᠠᠭᠠᠪᠠ ᠂ ᠡᠳᠦᠭᠡ ᠳᠣᠣᠷᠠᠬᠢ ᠮᠡᠲᠦ ᠬᠠᠷᠢᠭᠤᠯᠲᠠ ᠥᠭᠭᠦᠶ᠎ᠡ᠃ 《 ᠤᠯᠤᠰ᠎ᠤᠨ ᠠᠶᠤᠯᠲᠠᠢ ᠬᠠᠶᠠᠭᠳᠠᠮᠠᠯ ᠪᠣᠳᠠᠰ᠎ᠤᠨ ᠨᠡᠷᠡᠰ᠎ᠦᠨ ᠵᠢᠭ᠍ᠰᠠᠭᠠᠯᠲᠠ 》 ( 2025 ᠣᠨ᠎ᠤ ᠬᠡᠪᠯᠡᠯ)᠎ᠳᠤ ᠡᠮᠴᠢᠯᠡᠭᠡᠨ᠎ᠦ ᠬᠠᠶᠠᠭᠳᠠᠮᠠᠯ ᠪᠣᠳᠠᠰ᠎ᠢ ᠲᠥᠷᠥᠯ ᠬᠤᠪᠢᠶᠠᠬᠤ᠎ᠳᠤ 《 ᠡᠮᠴᠢᠯᠡᠭᠡᠨ᠎ᠦ ᠬᠠᠶᠠᠭᠳᠠᠮᠠᠯ ᠪᠣᠳᠠᠰ᠎ᠢ ᠲᠥᠷᠥᠯ ᠬᠤᠪᠢᠶᠠᠬᠤ ᠭᠠᠷᠴᠠᠭ 》 ᠶᠣᠰᠣᠭᠠᠷ ᠬᠡᠷᠡᠭᠵᠢᠭᠦᠯᠦᠨ᠎ᠡ ᠂ ᠲᠠᠨ᠎ᠤ ᠢᠷᠡᠭᠦᠯᠦᠭᠰᠡᠨ ᠵᠠᠬᠢᠳᠠᠯ᠎ᠳᠤ ᠳᠤᠷᠠᠳᠤᠭᠰᠠᠨ 《 ᠮᠠᠯ ᠵᠢᠭᠦᠷᠲᠡᠨ ᠲᠡᠵᠢᠭᠡᠨ ᠦᠷᠡᠵᠢᠭᠦᠯᠬᠦ ᠠᠵᠢᠯ ᠲᠥᠷᠥᠯ᠎ᠦᠨ ᠬᠢᠵᠢᠭ᠎ᠢ ᠰᠡᠷᠭᠡᠢᠯᠡᠬᠦ ᠪᠠ ᠣᠨᠣᠰᠢᠯᠠᠨ ᠡᠮᠨᠡᠬᠦ ᠬᠠᠶᠠᠭᠳᠠᠮᠠᠯ ᠪᠣᠳᠠᠰ 》᠎ᠢ ᠡᠭᠦᠨ᠎ᠳᠦ ᠵᠢᠭ᠍ᠰᠠᠭᠠᠨ ᠣᠷᠣᠭᠤᠯᠤᠭᠰᠠᠨ ᠦᠭᠡᠢ ᠭᠡᠵᠦ ᠲᠣᠳᠣᠷᠬᠠᠢ ᠲᠣᠭᠲᠠᠭᠠᠵᠠᠢ ᠃ 《 ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠮᠢᠲᠠᠨ᠎ᠤ ᠬᠢᠵᠢᠭ᠎ᠢ ᠰᠡᠷᠭᠡᠢᠯᠡᠬᠦ ᠬᠠᠤᠯᠢ 》᠎ᠶᠢ ᠦᠨᠳᠦᠰᠦᠯᠡᠪᠡᠯ᠂ ᠵᠢᠷᠠᠨ ᠳᠥᠷᠪᠡᠳᠦᠭᠡᠷ ᠵᠦᠢᠯ᠎ᠳᠤ ᠠᠮᠢᠳᠠᠨ᠎ᠢ ᠣᠨᠣᠰᠢᠯᠠᠨ ᠡᠮᠨᠡᠬᠦ ᠪᠠᠢᠭᠤᠯᠤᠮᠵᠢ ᠨᠢ ᠲᠦᠷᠦ᠎ᠶᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ ᠬᠥᠳᠡᠭᠡ ᠲᠣᠰᠬᠣᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠦᠨ ᠲᠣᠭᠲᠠᠭᠠᠯ ᠶᠣᠰᠣᠭᠠᠷ᠂ ᠣᠨᠣᠰᠢᠯᠠᠨ ᠡᠮᠨᠡᠬᠦ ᠠᠵᠢᠯᠯᠠᠭ᠎ᠠ᠎ᠶᠢᠨ ᠳᠤᠮᠳᠠᠬᠢ ᠡᠷᠡᠭᠦᠯ ᠬᠠᠮᠠᠭᠠᠯᠠᠯ ᠠᠶᠤᠯᠭᠦᠢ᠎ᠶᠢᠨ ᠰᠡᠷᠭᠡᠢᠯᠡᠨ ᠬᠠᠮᠠᠭᠠᠯᠠᠬᠤ᠂ ᠠᠷᠢᠭᠤᠳᠬᠠᠬᠤ᠂ ᠲᠤᠰᠠᠭᠠᠷᠯᠠᠬᠤ ᠪᠠ ᠣᠨᠣᠰᠢᠯᠠᠨ ᠡᠮᠨᠡᠬᠦ ᠬᠠᠶᠠᠭᠳᠠᠮᠠᠯ ᠪᠣᠳᠠᠰ᠎ᠢ ᠰᠢᠢᠳᠪᠦᠷᠢᠯᠡᠬᠦ ᠵᠡᠷᠭᠡ ᠠᠵᠢᠯ᠎ᠢ ᠰᠠᠢᠲᠤᠷ ᠬᠢᠬᠦ ᠬᠡᠷᠡᠭᠲᠡᠢ ᠭᠡᠵᠦ ᠲᠣᠭᠲᠠᠭᠠᠵᠠᠢ᠃