ᠯᠠᠪᠯᠠᠭ᠎ᠠ ᠠᠪᠬᠤ᠎ᠳᠤ ᠮᠡᠳᠡᠬᠦ ᠴᠢᠬᠤᠯᠠᠲᠠᠢ ᠵᠦᠢᠯ
ᠲᠠᠨ᠎ᠤ 《 ᠰᠦᠯᠵᠢᠶᠡᠨ ᠳᠡᠭᠡᠷᠡᠬᠢ ᠯᠠᠪᠯᠠᠭ᠎ᠠ 》 ᠶ᠋ᠢ ᠬᠡᠷᠡᠭᠯᠡᠬᠦ᠎ᠶᠢ ᠪᠠᠶᠠᠷᠯᠠᠨ ᠤᠭᠲᠤᠵᠤ ᠪᠠᠢᠨ᠎ᠠ ᠂ ᠲᠠᠨ᠎ᠤ ᠲᠤᠰᠢᠶᠠᠭᠰᠠᠨ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠲᠤᠬᠠᠢᠯᠠᠭᠰᠠᠨ ᠠᠵᠢᠯ᠎ᠤᠨ ᠯᠠᠪᠯᠠᠯᠲᠠ᠎ᠶᠢᠨ ᠲᠥᠷᠥᠯ᠎ᠦᠨ ᠠᠰᠠᠭᠤᠳᠠᠯ᠎ᠢ ᠪᠢᠳᠡ ᠴᠠᠭ ᠲᠤᠬᠠᠢ ᠳ᠋ᠤᠨᠢ ᠭᠥᠯᠢᠶᠡᠨ ᠠᠪᠴᠤ ᠰᠢᠢᠳᠪᠦᠷᠢᠯᠡᠨ᠎ᠡ ᠃ ᠬᠡᠷᠪᠡ ᠲᠠ ᠣᠷᠴᠢᠨ ᠲᠣᠭᠣᠷᠢᠨ᠎ᠤ ᠬᠠᠤᠯᠢ ᠵᠥᠷᠢᠴᠡᠭᠰᠡᠨ᠎ᠢ ᠢᠯᠡᠴᠢᠯᠡᠨ ᠮᠡᠳᠡᠭᠦᠯᠬᠦ ᠭᠡᠪᠡᠯ ᠂ ᠪᠥᠬᠥ ᠤᠯᠤᠰ᠎ᠤᠨ ᠨᠢᠭᠡᠳᠦᠯᠲᠡᠢ ᠣᠷᠴᠢᠨ ᠲᠣᠭᠣᠷᠢᠨ᠎ᠤ ᠵᠠᠭᠠᠯᠳᠤᠯᠭ᠎ᠠ ᠢᠯᠡᠴᠢᠯᠡᠨ ᠮᠡᠳᠡᠭᠦᠯᠬᠦ ᠤᠲᠠᠰᠤ 12345 ᠶ᠋ᠢ ᠤᠲᠠᠰᠤᠳᠠᠵᠤ ᠂ ᠵᠠᠭᠠᠯᠳᠤᠵᠤ ᠢᠯᠡᠴᠢᠯᠡᠨ ᠮᠡᠳᠡᠭᠦᠯᠦᠭᠡᠷᠡᠢ ᠃
ᠰᠦᠯᠵᠢᠶᠡᠨ᠎ᠦ ᠯᠠᠪᠯᠠᠭ᠎ᠠ
ᠭᠠᠷᠴᠠᠭ
ᠡᠮ ᠡᠮᠨᠡᠯᠭᠡ᠎ᠶᠢᠨ ᠪᠠᠢᠭᠤᠯᠤᠮᠵᠢ᠎ᠶᠢᠨ ᠬᠡᠷᠡᠭᠯᠡᠭᠰᠡᠨ᠎ᠦ ᠳᠠᠷᠠᠭᠠᠬᠢ ᠠᠷᠢᠭᠤᠳᠬᠠᠭᠰᠠᠨ ᠪᠦᠲᠦᠭᠡᠭᠳᠡᠬᠦᠨ᠎ᠢ ᠠᠶᠤᠯᠲᠠᠢ ᠬᠠᠶᠠᠭᠳᠠᠮᠠᠯ ᠪᠣᠳᠠᠰ᠎ᠢᠶᠠᠷ ᠰᠢᠢᠳᠪᠦᠷᠢᠯᠡᠬᠦ ᠡᠰᠡᠬᠦ ᠲᠤᠬᠠᠢ ᠯᠠᠪᠯᠠᠭ᠎ᠠ
ᠴᠠᠭ
2025-06-10
ᠠᠭᠤᠯᠭ᠎ᠠ
ᠡᠮᠴᠢᠯᠡᠭᠡᠨ᠎ᠦ ᠪᠠᠢᠭᠤᠯᠤᠮᠵᠢ ᠣᠯᠠᠨ ᠵᠦᠢᠯ᠎ᠦᠨ ᠬᠢᠮᠢ᠎ᠶᠢᠨ ᠠᠷᠢᠭᠤᠳᠬᠠᠭ᠍ᠴᠢ ᠡᠳ᠋᠎ᠢ ᠬᠡᠷᠡᠭᠯᠡᠵᠦ᠂ ᠳᠣᠲᠣᠷ᠎ᠠ ᠳᠤᠷ᠎ᠠ᠎ᠨᠢ ᠴᠡᠪᠡᠷᠯᠡᠬᠦ᠎ᠳᠦ ᠬᠡᠷᠡᠭᠯᠡᠭᠰᠡᠨ ᠳᠣᠣᠷ᠎ᠠ ᠥᠳᠬᠡᠴᠡ᠎ᠲᠠᠢ ᠠᠷᠢᠭᠤᠳᠬᠠᠭ᠍ᠴᠢ ᠡᠳ᠋᠂ 2%᠎ᠤᠨ ᠫᠸᠨ᠋ᠲ᠋ᠠ ᠬᠣᠶᠠᠷᠴᠢ ᠠᠯᠳᠧᠭᠢᠳ᠋᠎ᠦᠨ ᠠᠷᠢᠭᠤᠳᠬᠠᠭ᠍ᠴᠢ ᠡᠳ᠋ ᠵᠢᠴᠢ 0.6%᠎ᠶᠢᠨ ᠵᠡᠷᠭᠡᠯᠡᠳᠡᠭᠡ ᠪᠧᠨ᠋ᠽᠧᠨᠦ ᠬᠣᠶᠠᠷᠴᠢ ᠮᠧᠲ᠋ᠢᠯ ᠠᠯᠳᠧᠭᠢᠳ᠋ᠢ ᠠᠶᠤᠯᠲᠠᠢ ᠬᠠᠶᠠᠭᠳᠠᠮᠠᠯ ᠪᠣᠳᠠᠰ᠎ᠢᠶᠠᠷ ᠰᠢᠢᠳᠪᠦᠷᠢᠯᠡᠨ᠎ᠡ ᠤᠤ?
ᠵᠠᠬᠢᠳᠠᠯ᠎ᠤᠨ ᠬᠠᠢᠷᠴᠠᠭ᠎ᠤᠨ ᠬᠠᠷᠢᠭᠤᠯᠲᠠ
ᠬᠠᠷᠢᠭᠤ ᠥᠭᠭᠦᠭᠰᠡᠨ ᠴᠠᠭ
2025-06-20
ᠬᠠᠷᠢᠭᠤ ᠥᠭᠭᠦᠭᠰᠡᠨ ᠨᠢᠭᠡᠴᠢ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ
ᠬᠠᠷᠢᠭᠤᠯᠤᠭᠰᠠᠨ ᠠᠭᠤᠯᠭ᠎ᠠ
ᠰᠦᠯᠵᠢᠶᠡᠨ᠎ᠦ ᠨᠠᠢᠵᠠ ᠲᠠ ᠰᠠᠢᠨ ᠤᠤ ᠂ ᠲᠠᠨ᠎ᠤ ᠠᠰᠠᠭᠤᠭᠰᠠᠨ 《 ᠡᠮᠴᠢᠯᠡᠭᠡᠨ᠎ᠦ ᠪᠠᠢᠭᠤᠯᠤᠮᠵᠢ᠎ᠶᠢᠨ ᠬᠡᠷᠡᠭᠯᠡᠭᠰᠡᠨ᠎ᠦ ᠳᠠᠷᠠᠭᠠᠬᠢ ᠠᠷᠢᠭᠤᠳᠬᠠᠭᠰᠠᠨ ᠦᠢᠯᠡᠳᠬᠦᠨ᠎ᠢ ᠠᠶᠤᠯᠲᠠᠢ ᠬᠠᠶᠠᠭᠳᠠᠮᠠᠯ ᠪᠣᠳᠠᠰ᠎ᠢᠶᠠᠷ ᠰᠢᠢᠳᠪᠦᠷᠢᠯᠡᠬᠦ ᠡᠰᠡᠬᠦ ᠠᠰᠠᠭᠤᠳᠠᠯ 》᠎ᠢ ᠨᠢᠭᠡᠨᠲᠡ ᠣᠯᠵᠤ ᠣᠢᠯᠠᠭᠠᠪᠠ ᠂ ᠡᠳᠦᠭᠡ ᠳᠣᠣᠷᠠᠬᠢ ᠮᠡᠲᠦ ᠬᠠᠷᠢᠭᠤᠯᠲᠠ ᠥᠭᠭᠦᠶ᠎ᠡ ᠃ ᠲᠠᠨ᠎ᠤ ᠳᠦᠷᠰᠦᠯᠡᠭᠰᠡᠨᠢ ᠦᠨᠳᠦᠰᠦᠯᠡᠪᠡᠯ ᠂ ᠲᠣᠰ ᠠᠷᠢᠭᠤᠳᠬᠠᠭ᠍ᠴᠢ ᠡᠳ᠋᠎ᠦᠨ ᠭᠣᠣᠯ ᠪᠦᠷᠢᠯᠳᠦᠭᠦᠨ ᠪᠣᠯᠬᠤ ᠫᠸᠨ᠋ᠲ᠋ᠠ ᠬᠣᠶᠠᠷᠴᠢ ᠠᠯᠳᠧᠭᠢᠳ᠋ ᠨᠢ 《 ᠠᠶᠤᠯᠲᠠᠢ ᠬᠢᠮᠢ᠎ᠶᠢᠨ ᠪᠣᠳᠠᠰ᠎ᠤᠨ ᠭᠠᠷᠴᠠᠭ 》 ( 2015 ᠣᠨ᠎ᠤ ᠬᠡᠪᠯᠡᠯ ) ᠲᠤ ᠵᠢᠭ᠍ᠰᠠᠭᠠᠭᠳᠠᠪᠠ ᠂ CAS ᠨᠣᠮᠧᠷ 111-30-8 ᠂ ᠤᠬᠢᠶᠠᠵᠤ ᠴᠡᠪᠡᠷᠯᠡᠭᠰᠡᠨᠦ ᠳᠠᠷᠠᠭᠠᠬᠢ ᠬᠠᠶᠠᠭᠳᠠᠮᠠᠯ ᠰᠢᠩᠭᠡᠨ ᠨᠢ ᠬᠠᠶᠠᠭᠳᠠᠮᠠᠯ ᠠᠶᠤᠯᠲᠠᠢ ᠬᠢᠮᠢ᠎ᠶᠢᠨ ᠪᠣᠳᠠᠰ᠎ᠤᠨ HW49 ( 900-999-49 )᠎ᠳᠤ ᠲᠣᠭᠠᠴᠠᠭᠳᠠᠨ᠎ᠠ ᠃ ᠡᠷᠬᠢᠮ ᠨᠢᠭᠡᠴᠢ᠎ᠶᠢᠨ ᠭᠠᠷᠭᠠᠭᠰᠠᠨ ᠤᠬᠢᠶᠠᠵᠤ ᠴᠡᠪᠡᠷᠯᠡᠭᠰᠡᠨ ᠬᠠᠶᠠᠭᠳᠠᠮᠠᠯ ᠰᠢᠩᠭᠡᠨ᠎ᠢ ᠵᠢᠷᠤᠮᠵᠢᠭᠤᠯᠤᠨ ᠴᠤᠭᠯᠠᠭᠤᠯᠵᠤ᠂ ᠬᠠᠳᠠᠭᠠᠯᠠᠵᠤ᠂ ᠠᠶᠤᠯᠲᠠᠢ ᠬᠠᠶᠠᠭᠳᠠᠮᠠᠯ ᠪᠣᠳᠠᠰ᠎ᠢ ᠡᠵᠡᠩᠨᠡᠬᠦ ᠨᠢᠭᠡᠴᠢ᠎ᠳᠦ ᠲᠣᠭᠲᠠᠮᠠᠯ ᠬᠤᠭᠤᠴᠠᠭ᠎ᠠ᠎ᠲᠠᠢ᠎ᠪᠠᠷ ᠨᠠᠢᠳᠠᠵᠤ ᠠᠰᠢᠭ᠍ᠯᠠᠭᠤᠯᠤᠨ ᠰᠢᠢᠳᠪᠦᠷᠢᠯᠡᠭᠦᠯᠬᠦ ᠬᠡᠷᠡᠭᠲᠡᠢ᠃