ᠯᠠᠪᠯᠠᠭ᠎ᠠ ᠠᠪᠬᠤ᠎ᠳᠤ ᠮᠡᠳᠡᠬᠦ ᠴᠢᠬᠤᠯᠠᠲᠠᠢ ᠵᠦᠢᠯ
ᠲᠠᠨ᠎ᠤ 《 ᠰᠦᠯᠵᠢᠶᠡᠨ ᠳᠡᠭᠡᠷᠡᠬᠢ ᠯᠠᠪᠯᠠᠭ᠎ᠠ 》 ᠶ᠋ᠢ ᠬᠡᠷᠡᠭᠯᠡᠬᠦ᠎ᠶᠢ ᠪᠠᠶᠠᠷᠯᠠᠨ ᠤᠭᠲᠤᠵᠤ ᠪᠠᠢᠨ᠎ᠠ ᠂ ᠲᠠᠨ᠎ᠤ ᠲᠤᠰᠢᠶᠠᠭᠰᠠᠨ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠲᠤᠬᠠᠢᠯᠠᠭᠰᠠᠨ ᠠᠵᠢᠯ᠎ᠤᠨ ᠯᠠᠪᠯᠠᠯᠲᠠ᠎ᠶᠢᠨ ᠲᠥᠷᠥᠯ᠎ᠦᠨ ᠠᠰᠠᠭᠤᠳᠠᠯ᠎ᠢ ᠪᠢᠳᠡ ᠴᠠᠭ ᠲᠤᠬᠠᠢ ᠳ᠋ᠤᠨᠢ ᠭᠥᠯᠢᠶᠡᠨ ᠠᠪᠴᠤ ᠰᠢᠢᠳᠪᠦᠷᠢᠯᠡᠨ᠎ᠡ ᠃ ᠬᠡᠷᠪᠡ ᠲᠠ ᠣᠷᠴᠢᠨ ᠲᠣᠭᠣᠷᠢᠨ᠎ᠤ ᠬᠠᠤᠯᠢ ᠵᠥᠷᠢᠴᠡᠭᠰᠡᠨ᠎ᠢ ᠢᠯᠡᠴᠢᠯᠡᠨ ᠮᠡᠳᠡᠭᠦᠯᠬᠦ ᠭᠡᠪᠡᠯ ᠂ ᠪᠥᠬᠥ ᠤᠯᠤᠰ᠎ᠤᠨ ᠨᠢᠭᠡᠳᠦᠯᠲᠡᠢ ᠣᠷᠴᠢᠨ ᠲᠣᠭᠣᠷᠢᠨ᠎ᠤ ᠵᠠᠭᠠᠯᠳᠤᠯᠭ᠎ᠠ ᠢᠯᠡᠴᠢᠯᠡᠨ ᠮᠡᠳᠡᠭᠦᠯᠬᠦ ᠤᠲᠠᠰᠤ 12345 ᠶ᠋ᠢ ᠤᠲᠠᠰᠤᠳᠠᠵᠤ ᠂ ᠵᠠᠭᠠᠯᠳᠤᠵᠤ ᠢᠯᠡᠴᠢᠯᠡᠨ ᠮᠡᠳᠡᠭᠦᠯᠦᠭᠡᠷᠡᠢ ᠃
ᠰᠦᠯᠵᠢᠶᠡᠨ᠎ᠦ ᠯᠠᠪᠯᠠᠭ᠎ᠠ
ᠭᠠᠷᠴᠠᠭ
ᠤᠰᠤᠨ᠎ᠤ ᠴᠢᠨᠠᠷ᠎ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠲᠥᠬᠦᠭᠡᠷᠦᠮᠵᠢ᠎ᠡᠴᠡ ᠡᠭᠦᠰᠦᠭᠰᠡᠨ ᠬᠠᠶᠠᠭᠳᠠᠮᠠᠯ ᠰᠢᠩᠭᠡᠨ᠎ᠢ ᠰᠢᠢᠳᠪᠦᠷᠢᠯᠡᠬᠦ ᠠᠰᠠᠭᠤᠳᠠᠯ
ᠴᠠᠭ
2025-07-04
ᠠᠭᠤᠯᠭ᠎ᠠ
ᠠᠵᠤ ᠠᠬᠤᠢᠯᠠᠯ᠎ᠤᠨ ᠤᠰᠤᠨ᠎ᠤ ᠴᠢᠨᠠᠷ᠎ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠲᠥᠬᠦᠭᠡᠷᠦᠮᠵᠢ᠎ᠶᠢ ᠭᠤᠷᠪᠠᠳᠠᠭᠢ ᠡᠲᠡᠭᠡᠳ᠎ᠦᠨ ᠡᠵᠡᠩᠨᠡᠯᠲᠡ᠎ᠶᠢᠨ ᠺᠣᠮᠫᠠᠨᠢ᠎ᠳᠤ ᠨᠠᠢᠳᠠᠵᠤ ᠡᠳᠦᠷ ᠲᠤᠲᠤᠮ᠎ᠤᠨ ᠡᠵᠡᠩᠨᠡᠯᠲᠡ ᠬᠠᠮᠠᠭᠠᠯᠠᠯᠲᠠ ᠪᠠ ᠬᠠᠮᠢᠶᠠᠷᠤᠯᠲᠠ ᠬᠢᠵᠦ ᠪᠣᠢ᠃ ᠲᠣᠨᠣᠭ ᠲᠥᠬᠦᠭᠡᠷᠦᠮᠵᠢ᠎ᠶᠢᠨ ᠡᠳᠦᠷ ᠲᠤᠲᠤᠮ᠎ᠤᠨ ᠠᠵᠢᠯᠯᠠᠭᠠᠨ᠎ᠤ ᠶᠠᠪᠤᠴᠠ᠎ᠳᠤ ᠪᠣᠶ ᠪᠣᠯᠤᠭᠰᠠᠨ ᠬᠠᠶᠠᠭᠳᠠᠮᠠᠯ ᠰᠢᠩᠭᠡᠨ᠎ᠢ ᠠᠵᠤ ᠠᠬᠤᠢᠯᠠᠯ ( ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ )᠎ᠡᠴᠡ ᠭᠤᠶᠤᠴᠢᠯᠠᠨ ᠮᠡᠳᠡᠭᠦᠯᠵᠦ ᠰᠢᠢᠳᠪᠦᠷᠢᠯᠡᠬᠦ ᠶᠤᠮ ᠤᠤ ᠂ ᠡᠰᠡᠬᠦᠯ᠎ᠡ ᠭᠤᠷᠪᠠᠳᠠᠭᠢ ᠡᠲᠡᠭᠡᠳ᠎ᠦᠨ ᠡᠵᠡᠩᠨᠡᠯᠲᠡ᠎ᠶᠢᠨ ᠨᠢᠭᠡᠴᠢ᠎ᠡᠴᠡ ᠭᠤᠶᠤᠴᠢᠯᠠᠨ ᠮᠡᠳᠡᠭᠦᠯᠵᠦ ᠰᠢᠢᠳᠪᠦᠷᠢᠯᠡᠬᠦ ᠶᠤᠮ ᠤᠤ ? 2022 ᠣᠨ᠎ᠤ 1 ᠰᠠᠷ᠎ᠠ᠎ᠶᠢᠨ 1᠎ᠦ ᠡᠳᠦᠷ ᠬᠡᠷᠡᠭᠵᠢᠭᠦᠯᠦᠭᠰᠡᠨ 《 ᠠᠶᠤᠯᠲᠠᠢ ᠬᠠᠶᠠᠭᠳᠠᠮᠠᠯ ᠪᠣᠳᠠᠰ᠎ᠢ ᠰᠢᠯᠵᠢᠭᠦᠯᠬᠦ ᠬᠠᠮᠢᠶᠠᠷᠤᠯᠲᠠ᠎ᠶᠢᠨ ᠠᠷᠭ᠎ᠠ 》᠎ᠳᠤ ᠲᠣᠳᠣᠷᠬᠠᠢ ᠲᠣᠭᠲᠠᠭᠠᠯ ᠪᠠᠢᠬᠤ ᠦᠭᠡᠢ᠂ ᠮᠤᠵᠢ᠎ᠶᠢᠨ ᠲᠢᠩᠬᠢᠮ᠎ᠡᠴᠡ ᠡᠭᠦᠨ᠎ᠦ ᠲᠤᠬᠠᠢ ᠲᠣᠳᠣᠷᠬᠠᠢ ᠲᠣᠭᠲᠠᠭᠠᠯ ᠭᠠᠷᠭᠠᠬᠤ᠎ᠶᠢᠨ ᠬᠠᠮᠲᠤ ᠪᠢᠴᠢᠭ ᠮᠠᠲᠧᠷᠢᠶᠠᠯ ᠪᠠᠭᠤᠯᠭᠠᠵᠤ ᠪᠣᠯᠣᠨ᠎ᠠ ᠤᠤ ᠦᠭᠡᠢ ᠤᠤ ?
ᠵᠠᠬᠢᠳᠠᠯ᠎ᠤᠨ ᠬᠠᠢᠷᠴᠠᠭ᠎ᠤᠨ ᠬᠠᠷᠢᠭᠤᠯᠲᠠ
ᠬᠠᠷᠢᠭᠤ ᠥᠭᠭᠦᠭᠰᠡᠨ ᠴᠠᠭ
2025-07-15
ᠬᠠᠷᠢᠭᠤ ᠥᠭᠭᠦᠭᠰᠡᠨ ᠨᠢᠭᠡᠴᠢ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ
ᠬᠠᠷᠢᠭᠤᠯᠤᠭᠰᠠᠨ ᠠᠭᠤᠯᠭ᠎ᠠ
ᠰᠦᠯᠵᠢᠶᠡᠨ᠎ᠦ ᠨᠠᠢᠵᠠ ᠲᠠ ᠰᠠᠢᠨ ᠤᠤ᠂ ᠲᠠᠨ᠎ᠤ ᠠᠰᠠᠭᠤᠭᠰᠠᠨ 《 ᠤᠰᠤᠨ᠎ᠤ ᠴᠢᠨᠠᠷ᠎ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠲᠥᠬᠦᠭᠡᠷᠦᠮᠵᠢ᠎ᠡᠴᠡ ᠡᠭᠦᠰᠦᠭᠰᠡᠨ ᠬᠠᠶᠠᠭᠳᠠᠮᠠᠯ ᠰᠢᠩᠭᠡᠨ᠎ᠢ ᠰᠢᠢᠳᠪᠦᠷᠢᠯᠡᠬᠦ ᠠᠰᠠᠭᠤᠳᠠᠯ 》᠎ᠢ ᠨᠢᠭᠡᠨᠲᠡ ᠣᠯᠵᠤ ᠣᠢᠯᠠᠭᠠᠪᠠ ᠂ ᠡᠳᠦᠭᠡ ᠳᠣᠣᠷᠠᠬᠢ ᠮᠡᠲᠦ ᠬᠠᠷᠢᠭᠤᠯᠲᠠ ᠥᠭᠴᠦ ᠲᠠᠨ᠎ᠳᠤ ᠯᠠᠪᠯᠠᠯᠲᠠ ᠪᠣᠯᠭᠠᠶ᠎ᠠ ᠃ 《 ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠢ ᠪᠣᠬᠢᠷᠲᠤᠭᠤᠯᠬᠤ᠎ᠶᠢ ᠰᠡᠷᠭᠡᠢᠯᠡᠨ ᠵᠠᠰᠠᠬᠤ ᠬᠠᠤᠯᠢ》᠎ᠶᠢᠨ ᠲᠠᠪᠤᠳᠤᠭᠠᠷ ᠵᠦᠢᠯ᠎ᠦᠨ ᠲᠣᠭᠲᠠᠭᠠᠯ᠎ᠢ ᠦᠨᠳᠦᠰᠦᠯᠡᠪᠡᠯ ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠢ ᠪᠣᠬᠢᠷᠲᠤᠭᠤᠯᠬᠤ᠎ᠶᠢ ᠰᠡᠷᠭᠡᠢᠯᠡᠨ ᠵᠠᠰᠠᠬᠤ᠎ᠳᠤ ᠪᠣᠬᠢᠷᠲᠤᠯ᠎ᠤᠨ ᠬᠠᠷᠢᠭᠤᠴᠠᠯᠭ᠎ᠠ᠎ᠶᠢ ᠡᠭᠦᠷᠭᠡᠯᠡᠬᠦ ᠵᠠᠷᠴᠢᠮ᠎ᠢ ᠪᠠᠷᠢᠮᠲᠠᠯᠠᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠭᠠᠷᠭᠠᠬᠤ᠂ ᠴᠤᠭᠯᠠᠭᠤᠯᠬᠤ᠂ ᠬᠠᠳᠠᠭᠠᠯᠠᠬᠤ᠂ ᠲᠡᠭᠡᠭᠡᠪᠦᠷᠢᠯᠡᠬᠦ᠂ ᠠᠰᠢᠭ᠍ᠯᠠᠬᠤ᠂ ᠰᠢᠢᠳᠪᠦᠷᠢᠯᠡᠬᠦ ᠨᠢᠭᠡᠴᠢ ᠪᠠ ᠬᠤᠪᠢ ᠬᠥᠮᠥᠨ ᠠᠷᠭ᠎ᠠ ᠬᠡᠮᠵᠢᠶ᠎ᠡ ᠠᠪᠴᠤ ᠪᠠᠢᠭᠠᠳ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠢ ᠪᠣᠬᠢᠷᠲᠤᠭᠤᠯᠬᠤ᠎ᠶᠢ ᠰᠡᠷᠭᠡᠢᠯᠡᠬᠦ ᠪᠤᠶᠤ ᠪᠠᠭᠠᠰᠬᠠᠵᠤ᠂ ᠣᠷᠴᠢᠨ ᠲᠣᠭᠣᠷᠢᠨ᠎ᠢ ᠪᠣᠬᠢᠷᠲᠤᠭᠤᠯᠤᠭᠰᠠᠨ ᠶᠠᠪᠤᠳᠠᠯ᠎ᠳᠤ ᠬᠠᠤᠯᠢ ᠶᠣᠰᠣᠭᠠᠷ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ 2016 ᠣᠨ᠎ᠤ 1 ᠰᠠᠷ᠎ᠠ᠎ᠳᠤ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠡᠴᠡ 《 ᠣᠷᠴᠢᠨ ᠲᠣᠭᠣᠷᠢᠨ᠎ᠤ ᠪᠣᠬᠢᠷᠲᠤᠯ᠎ᠢ ᠭᠤᠷᠪᠠᠳᠠᠭᠢ ᠡᠲᠡᠭᠡᠳ᠎ᠡᠴᠡ ᠵᠠᠰᠠᠬᠤ᠎ᠶᠢ ᠬᠡᠷᠡᠭᠵᠢᠭᠦᠯᠬᠦ ᠲᠤᠬᠠᠢ ᠰᠠᠨᠠᠯ》᠎ᠢ ᠨᠡᠢᠲᠡᠯᠡᠵᠦ ᠂ ᠪᠣᠬᠢᠷᠲᠤᠯ ᠪᠣᠳᠠᠰ ᠭᠠᠳᠠᠭᠰᠢᠯᠠᠭᠤᠯᠬᠤ ᠠᠵᠤ ᠠᠬᠤᠢᠯᠠᠯ ᠨᠢ ᠪᠣᠬᠢᠷᠲᠤᠯ᠎ᠢ ᠵᠠᠰᠠᠬᠤ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠡᠭᠦᠷᠭᠡᠯᠡᠵᠦ ᠂ ᠭᠤᠷᠪᠠᠳᠠᠭᠢ ᠡᠲᠡᠭᠡᠳ᠎ᠡᠴᠡ ᠵᠠᠰᠠᠬᠤ ᠠᠵᠤ ᠠᠬᠤᠢᠯᠠᠯ ᠨᠢ ᠬᠣᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠪᠠᠷᠢᠮᠵᠢᠶ᠎ᠠ ᠵᠢᠴᠢ ᠪᠣᠬᠢᠷᠲᠤᠯ ᠪᠣᠳᠠᠰ ᠭᠠᠳᠠᠭᠰᠢᠯᠠᠭᠤᠯᠬᠤ ᠠᠵᠤ ᠠᠬᠤᠢᠯᠠᠯ᠎ᠤᠨ ᠨᠠᠶ᠋ᠢᠳᠠᠯᠭ᠎ᠠ᠎ᠶᠢᠨ ᠱᠠᠭᠠᠷᠳᠠᠯᠭ᠎ᠠ ᠶᠣᠰᠣᠭᠠᠷ ᠂ ᠪᠣᠯᠵᠣᠨ ᠲᠣᠭᠲᠠᠭᠰᠠᠨ ᠪᠣᠬᠢᠷᠲᠤᠯ᠎ᠢ ᠵᠠᠰᠠᠬᠤ ᠬᠠᠷᠢᠭᠤᠴᠠᠯᠭ᠎ᠠ᠎ᠶᠢ ᠡᠭᠦᠷᠭᠡᠯᠡᠨ᠎ᠡ ᠭᠡᠵᠦ ᠲᠣᠳᠣᠷᠬᠠᠢ ᠲᠣᠭᠲᠠᠭᠠᠵᠠᠢ᠃ ᠪᠣᠬᠢᠷᠲᠤᠯ᠎ᠢ ᠵᠠᠰᠠᠬᠤ ᠬᠠᠷᠢᠭᠤᠴᠠᠯᠭ᠎ᠠ᠎ᠶᠢ ᠪᠣᠬᠢᠷᠲᠤᠯ ᠭᠠᠳᠠᠭᠰᠢᠯᠠᠭᠤᠯᠬᠤ ᠨᠢᠭᠡᠴᠢ ᠪᠠ ᠭᠤᠷᠪᠠᠳᠠᠭᠢ ᠡᠲᠡᠭᠡᠳ᠎ᠦᠨ ᠵᠠᠰᠠᠬᠤ ᠨᠢᠭᠡᠴᠢ ᠬᠠᠷᠢᠯᠴᠠᠨ ᠪᠣᠯᠵᠣᠨ ᠲᠣᠭᠲᠠᠨ᠎ᠠ ᠂ ᠥᠪᠡᠷᠲᠡᠭᠡᠨ ᠵᠠᠰᠠᠬᠤ ᠣᠷᠣᠨ᠎ᠠᠴᠠ ᠪᠣᠬᠢᠷᠲᠤᠯ᠎ᠢ ᠵᠠᠰᠠᠬᠤ ᠬᠠᠷᠢᠭᠤᠴᠠᠯᠭ᠎ᠠ᠎ᠶᠢᠨ ᠬᠠᠮᠢᠶ᠎ᠠ ᠪᠦᠬᠦᠢ ᠪᠢᠴᠢᠭ ᠮᠠᠲᠧᠷᠢᠶᠠᠯ᠎ᠢ ᠲᠣᠳᠣᠷᠬᠠᠢ ᠨᠡᠢᠲᠡᠯᠡᠭᠰᠡᠨ ᠦᠭᠡᠢ᠃