ᠮᠠᠨ ᠤ ᠣᠷᠣᠨ ᠡᠨᠧᠷᠭᠢ ᠠᠷᠪᠢᠯᠠᠬᠤ ᠵᠤᠤᠬᠠᠨ ᠬᠡᠷᠡᠭᠰᠡᠯ ᠤᠨ ᠲᠤᠬᠠᠢ ᠶᠢᠨ ᠭᠠᠵᠠᠷ ᠤᠨ ᠦᠵᠡᠭᠦᠯᠭᠡ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2018/11/2
     ᠴᠡᠪᠡᠷ ᠲᠦᠯᠡᠰᠢ ᠶᠢᠨ ᠮᠠᠲ᠋ᠧᠷᠢᠶᠠᠯ ᠢ ᠳᠡᠯᠭᠡᠷᠡᠭᠦᠯᠬᠦ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠤᠤᠬᠠᠨ ᠬᠡᠷᠡᠭᠰᠡᠯ ᠢᠶᠠᠷ ᠣᠷᠣᠯᠠᠭᠤᠯᠵᠤ᠂ ᠪᠦᠬᠦ ᠣᠷᠣᠨ ᠤ ᠲᠠᠷᠠᠬᠠᠢ ᠪᠤᠲᠠᠷᠬᠠᠢ ᠨᠡᠭᠦᠷᠡᠰᠦ ᠳᠤ ᠵᠠᠰᠠᠯᠲᠠ ᠬᠢᠬᠦ ᠠᠵᠢᠯ ᠢ ᠠᠬᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ ᠠᠴᠠ ᠭᠤᠣᠯᠯᠠᠨ ᠡᠷᠬᠢᠯᠡᠭᠰᠡᠨ ᠪᠦᠬᠦ ᠣᠷᠣᠨ ᠤ ᠡᠨᠧᠷᠭᠢ ᠠᠷᠪᠢᠯᠠᠬᠤ ᠵᠤᠤᠬᠠᠨ ᠬᠡᠷᠡᠭᠰᠡᠯ ᠤᠨ ᠲᠤᠬᠠᠢ ᠶᠢᠨ ᠭᠠᠵᠠᠷ ᠤᠨ ᠦᠵᠡᠭᠦᠯᠭᠡ ᠶᠢᠨ ᠬᠤᠷᠠᠯ 9 ᠳ᠋ᠦ᠋ᠭᠡᠷ ᠰᠠᠷ᠎ᠠ ᠶᠢᠨ 12 ᠤᠨ  ᠡᠳᠦᠷ  ᠣᠷᠳᠣᠰ  ᠬᠤᠲᠠ  ᠳᠤ ᠬᠤᠷᠠᠯᠳᠤᠪᠠ᠃     ᠦᠵᠡᠭᠦᠯᠭᠡ ᠶᠢᠨ ᠬᠤᠷᠠᠯ ᠳᠡᠭᠡᠷ᠎ᠡ᠂ ᠡᠨᠧᠷᠭᠢ ᠠᠷᠪᠢᠯᠠᠬᠤ ᠵᠤᠤᠬᠠᠨ ᠬᠡᠷᠡᠭᠰᠡᠯ ᠤᠨ ᠦᠢᠯᠡᠳᠪᠦᠷᠢ ᠠᠴᠠ ᠦᠢᠯᠡᠳᠬᠦᠨ ᠳᠤ ᠪᠠᠨ ᠲᠤᠬᠠᠢ ᠶᠢᠨ ᠭᠠᠵᠠᠷ ᠤᠨ ᠲᠠᠨᠢᠯᠴᠠᠭᠤᠯᠭ᠎ᠠ ᠵᠢᠴᠢ ᠲᠠᠶᠢᠯᠤᠮᠵᠢ ᠬᠢᠵᠦ᠂ ᠡᠨᠧᠷᠭᠢ ᠠᠷᠪᠢᠯᠠᠬᠤ ᠵᠤᠤᠬᠠᠨ ᠬᠡᠷᠡᠭᠰᠡᠯ ᠤᠨ ᠢᠶᠠᠨ ᠰᠢᠨᠵᠢ ᠴᠢᠳᠠᠮᠵᠢ ᠶᠢ ᠰᠢᠭᠤᠳ ᠦᠵᠡᠭᠦᠯᠬᠦ ᠶᠢᠨ ᠲᠥᠯᠥᠭᠡ᠂ ᠲᠤᠬᠠᠢ ᠶᠢᠨ ᠭᠠᠵᠠᠷ ᠲᠤ ᠪᠠᠰᠠ ᠵᠤᠤᠬᠠᠨ ᠬᠡᠷᠡᠭᠰᠡᠯ ᠳᠤ ᠪᠠᠨ ᠬᠠᠷᠢᠴᠠᠭᠤᠯᠤᠨ ᠦᠵᠡᠭᠦᠯᠬᠦ ᠬᠡᠮᠵᠢᠨ ᠲᠤᠷᠰᠢᠯᠲᠠ ᠬᠢᠪᠡ᠃ ᠣᠶᠢᠷ᠎ᠠ ᠶᠢᠨ ᠵᠢᠯ ᠤᠳ ᠠᠴᠠ ᠨᠠᠭᠠᠰᠢ᠂ ᠮᠠᠨ ᠤ ᠣᠷᠣᠨ ᠡᠨᠧᠷᠭᠢ ᠠᠷᠪᠢᠯᠠᠬᠤ ᠵᠤᠤᠬᠠᠨ ᠬᠡᠷᠡᠭᠰᠡᠯ ᠤᠨ ᠥᠭᠡᠷᠡᠴᠢᠯᠡᠨ ᠵᠠᠰᠠᠬᠤ ᠠᠵᠢᠯ ᠢ ᠲᠦᠷᠭᠡᠳᠬᠡᠨ ᠠᠬᠢᠭᠤᠯᠵᠤ᠂ 2018 ᠣᠨ ᠤ 7 ᠳ᠋ᠤᠭᠠᠷ ᠰᠠᠷ᠎ᠠ ᠪᠣᠯᠲᠠᠯ᠎ᠠ᠂ ᠪᠦᠬᠦ ᠣᠷᠣᠨ ᠳᠤ ᠡᠨᠧᠷᠭᠢ ᠠᠷᠪᠢᠯᠠᠨ ᠣᠷᠴᠢᠨ ᠲᠣᠭᠤᠷᠢᠨ ᠢ ᠬᠠᠮᠠᠭᠠᠯᠠᠬᠤ ᠨᠡᠶᠢᠲᠡ  8.20 ᠲᠦᠮᠡᠨ ᠵᠤᠤᠬᠠᠨ ᠬᠡᠷᠡᠭᠰᠡᠯ ᠰᠣᠯᠢᠵᠤ᠂ 11.71 ᠲᠦᠮᠡᠨ ᠲᠣᠨ ᠴᠡᠪᠡᠷ ᠨᠡᠭᠦᠷᠡᠰᠦ ᠶᠢ ᠲᠣᠬᠢᠷᠠᠭᠤᠯᠤᠨ ᠬᠦᠷᠭᠡᠵᠦ ᠲᠠᠷᠬᠠᠭᠠᠪᠠ᠃ ᠲᠤᠰ ᠤᠳᠠᠭᠠᠨ ᠤ ᠦᠵᠡᠭᠦᠯᠭᠡ ᠪᠠᠷ ᠳᠠᠮᠵᠢᠭᠤᠯᠤᠨ᠂ ᠪᠦᠬᠦ ᠣᠷᠣᠨ ᠤ ᠪᠦᠲᠦᠮᠵᠢ ᠰᠠᠶᠢᠲᠠᠢ ᠴᠡᠪᠡᠷ ᠰᠢᠲᠠᠭᠠᠯᠭ᠎ᠠ ᠶᠢᠨ ᠵᠤᠤᠬᠠᠨ ᠬᠡᠷᠡᠭᠰᠡᠯ ᠢ ᠲᠦᠷᠭᠡᠳᠬᠡᠨ ᠲᠦᠭᠡᠮᠡᠯᠵᠢᠭᠦᠯᠬᠦ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠵᠦ᠂ ᠪᠦᠬᠦ ᠣᠷᠣᠨ  ᠤ 8 ᠠᠶᠢᠮᠠᠭ ᠬᠤᠲᠠ ᠶᠢᠨ ᠪᠠᠷᠤᠭ 60 ᠭᠠᠷᠤᠢ ᠬᠥᠮᠥᠨ ᠲᠤᠰ ᠤᠳᠠᠭᠠᠨ ᠤ ᠦᠵᠡᠭᠦᠯᠭᠡ ᠶᠢᠨ ᠬᠥᠳᠡᠯᠭᠡᠭᠡᠨ ᠳᠤ ᠣᠷᠣᠯᠴᠠᠵᠠᠢ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠣᠷᠴᠢᠨ ᠲᠤᠭᠤᠷᠢᠨ ᠤ ᠬᠠᠮᠠᠭᠠᠯᠠᠯᠲᠠ ᠶᠢᠨ ᠲᠠᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号