︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠭᠤᠷᠪᠠᠨ ᠵᠢᠯ ᠤᠨ ᠰᠢᠪᠲᠤᠯᠤᠯᠲᠠ ᠶᠢᠨ ᠲᠥᠯᠥᠪᠯᠡᠭᠡ︾ ᠶᠢ ᠨᠠᠶᠢᠷᠠᠭᠤᠯᠤᠨ ᠵᠣᠬᠢᠶᠠᠬᠤ ᠠᠵᠢᠯ ᠢ ᠨᠠᠷᠢᠯᠢᠭ ᠵᠣᠬᠢᠶᠠᠨ ᠪᠠᠶᠢᠭᠤᠯᠵᠤ ᠰᠢᠪᠲᠤᠯᠤᠯᠲᠠ ᠬᠢᠵᠦ ᠬᠦᠴᠢᠷ ᠢ ᠲᠡᠪᠴᠢᠨ ᠬᠢᠨᠠᠮᠠᠭᠠᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2018/11/2
     ᠣᠶᠢᠷ᠎ᠠ ᠳᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ ᠤᠨ ᠠᠭᠠᠷ ᠮᠠᠨᠳᠠᠯ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠭᠠᠵᠠᠷ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠭᠤᠷᠪᠠᠨ ᠵᠢᠯ ᠤᠨ ᠰᠢᠪᠲᠤᠯᠤᠯᠲᠠ ᠶᠢᠨ ᠲᠥᠯᠥᠪᠯᠡᠭᠡ︾ ᠶᠢ ᠨᠠᠶᠢᠷᠠᠭᠤᠯᠤᠨ ᠵᠣᠬᠢᠶᠠᠬᠤ ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠣᠶᠢᠷ᠎ᠠ ᠶᠢᠨ ᠭᠤᠷᠪᠠᠨ ᠵᠢᠯ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠭᠤᠣᠯᠳᠠᠯᠭ᠎ᠠ ᠶᠢ ᠲᠣᠬᠢᠷᠠᠭᠤᠯᠤᠨ ᠪᠠᠶᠢᠷᠢᠯᠠᠭᠤᠯᠪᠠ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ ᠤᠨ ᠠᠭᠠᠷ ᠮᠠᠨᠳᠠᠯ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠢᠨᠠᠨ ᠰᠢᠨᠵᠢᠬᠦ ᠲᠥᠪ ᠥᠷᠲᠡᠭᠡ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠠᠵᠢᠯᠲᠠᠳ ᠬᠤᠷᠠᠯ ᠳᠤ ᠣᠷᠣᠯᠴᠠᠪᠠ᠃      ᠬᠤᠷᠠᠯ ᠠᠴᠠ᠂ ᠲᠥᠯᠥᠪᠯᠡᠭᠡ ᠲᠥᠰᠥᠯ ᠢ ᠨᠠᠶᠢᠷᠠᠭᠤᠯᠤᠨ ᠵᠣᠬᠢᠶᠠᠬᠤ ᠡᠯ᠎ᠡ ᠵᠦᠢᠯ ᠤᠨ ᠠᠵᠢᠯ ᠢ ᠬᠢᠨᠠᠮᠠᠭᠠᠢ ᠪᠠᠷ ᠰᠠᠶᠢᠲᠤᠷ ᠠᠳᠬᠤᠵᠤ᠂ 2020 ᠣᠨ ᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠬᠦ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠠᠴᠠ ᠡᠭᠦᠰᠦᠨ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠭᠤᠷᠪᠠᠨ ᠵᠢᠯ ᠤᠨ ᠰᠢᠪᠲᠤᠯᠤᠯᠲᠠ ᠶᠢᠨ ᠲᠥᠯᠥᠪᠯᠡᠭᠡ ᠪᠠ 2018 ᠣᠨ ᠤ ᠬᠡᠷᠡᠭᠵᠢᠭᠦᠯᠬᠦ ᠲᠥᠰᠥᠯ ᠢ ᠰᠢᠨᠵᠢᠯᠡᠬᠦ ᠤᠬᠠᠭᠠᠴᠢ ᠪᠠᠷ ᠨᠠᠶᠢᠷᠠᠭᠤᠯᠤᠨ ᠵᠣᠬᠢᠶᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠬᠦ ᠳᠤ ᠬᠥᠲᠥᠯᠥᠭᠴᠢ ᠪᠠ ᠵᠢᠷᠤᠮᠵᠢᠯ ᠬᠠᠩᠭᠠᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠪᠠᠶᠢᠴᠠᠭᠠᠯᠲᠠ ᠰᠤᠳᠤᠯᠤᠯᠲᠠ ᠶᠢ ᠭᠦᠨᠵᠡᠭᠡᠢ ᠥᠷᠨᠢᠭᠦᠯᠵᠦ᠂ ᠪᠦᠬᠦ ᠣᠷᠣᠨ ᠤ ᠠᠭᠠᠷ ᠮᠠᠨᠳᠠᠯ ᠤᠨ ᠣᠷᠴᠢᠨ ᠲᠣᠭᠤᠷᠢᠨ ᠳᠤ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠪᠦᠬᠦ ᠲᠠᠯ᠎ᠠ ᠪᠠᠷ ᠣᠶᠢᠯᠭᠠᠨ ᠲᠣᠳᠣᠯᠠᠵᠤ᠂ ᠣᠷᠴᠢᠨ ᠲᠣᠭᠤᠷᠢᠨ ᠤ ᠶᠠᠰᠤ ᠴᠢᠨᠠᠷ ᠤᠨ ᠰᠠᠶᠢᠵᠢᠷᠠᠯᠲᠠ ᠶᠢ ᠬᠢᠵᠠᠭᠠᠷᠯᠠᠵᠤ ᠪᠠᠶᠢᠭ᠎ᠠ ᠲᠣᠪᠣᠶᠢᠮ᠎ᠠ ᠵᠥᠷᠢᠴᠡᠯ ᠢ ᠣᠨᠣᠪᠴᠢᠲᠠᠢ ᠠᠳᠬᠤᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠳᠤ ᠬᠠᠷᠠᠯᠲᠠ ᠲᠠᠢ ᠪᠠᠷ ᠠᠵᠢᠯᠯᠠᠵᠤ᠂ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ᠃ ᠭᠤᠣᠯᠳᠠᠯᠭ᠎ᠠ ᠲᠠᠢ ᠡᠭᠦᠷᠭᠡ ᠶᠢ ᠠᠳᠬᠤᠨ᠂ ᠤᠯᠤᠰ ᠤᠨ ︽︿2018 ᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠷᠦᠩᠬᠡᠢ ᠰᠡᠳᠬᠢᠴᠡ ᠪᠠ ᠶᠡᠷᠦᠩᠬᠡᠢ ᠠᠵᠢᠯ ᠤᠨ ᠲᠣᠬᠢᠷᠠᠭᠤᠯᠤᠯᠲᠠ ᠶᠢᠨ ᠠᠩᠬ᠎ᠠ ᠠᠯᠬᠤᠮ ᠤᠨ ᠪᠣᠳᠣᠯᠬᠢᠯᠠᠯ﹀ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠣᠷᠴᠢᠨ ᠠᠯᠪᠠᠨ ᠲᠢᠩᠬᠢᠮ ﹇2018﹈ 1 ᠳ᠋ᠦ᠋ᠭᠡᠷ ᠲᠣᠭᠠᠲᠤ︶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢᠨ ᠲᠣᠭᠤᠷᠢᠨ ᠳᠤ ᠴᠢᠩᠭ᠎ᠠ ᠨᠢᠭᠲᠠᠷᠠᠵᠤ᠂ ᠪᠣᠳᠠᠲᠠᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠡᠯ᠎ᠡ ᠵᠦᠢᠯ ᠤᠨ ᠠᠵᠢᠯ ᠤᠨ ᠴᠠᠭ ᠪᠠ ᠵᠠᠩᠭᠢᠯᠠᠭ᠎ᠠ ᠶᠢ ᠲᠣᠳᠣᠷᠬᠠᠶᠢᠯᠠᠨ᠂ ᠤᠯᠤᠰ᠂ ᠥᠪᠡᠷᠲᠡᠭᠡᠨ ᠵᠠᠰᠠᠬᠤ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠤᠬᠠᠢ ᠲᠣᠭᠲᠠᠭᠠᠯ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠣᠷᠴᠢᠨ ᠲᠤᠭᠤᠷᠢᠨ ᠤ ᠬᠠᠮᠠᠭᠠᠯᠠᠯᠲᠠ ᠶᠢᠨ ᠲᠠᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号