︽ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠲᠥᠬᠦᠭᠡᠷᠦᠮᠵᠢ ᠶᠢᠨ ᠤᠰᠤᠨ ᠤ ᠪᠣᠬᠢᠷᠲᠤᠯ ᠪᠣᠳᠠᠰ ᠭᠠᠳᠠᠭᠰᠢᠯᠠᠭᠤᠯᠬᠤ ᠪᠠᠷᠢᠮᠵᠢᠶ᠎ᠠ ᠶᠢᠨ ᠰᠠᠨᠠᠯ ᠬᠤᠷᠢᠶᠠᠬᠤ ᠨᠤᠤᠷᠠᠭ ︵ᠲᠤᠷᠰᠢᠨ ᠬᠡᠷᠡᠭᠵᠢᠭᠦᠯᠬᠦ︶︾  ᠢ ᠨᠣᠤᠷᠠᠭᠯᠠᠵᠤ ᠳᠠᠭᠤᠰᠬᠠᠪᠠ
ᠨᠡᠶᠢᠲᠡᠯᠡᠭᠰᠡᠨ ᠴᠠᠭ᠄
2019/10/11
     ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠢᠨᠵᠧᠨᠧᠷᠢᠩ ᠤᠨ ᠦᠨᠡᠯᠡᠨ  ᠵᠢᠱᠢᠬᠦ ᠲᠥᠪ ᠨᠢ ᠬᠥᠷᠥᠰᠥ ᠰᠢᠷᠣᠶ ᠶᠢᠨ ᠠᠮᠢ ᠠᠬᠤᠶ ᠣᠷᠴᠢᠨ ᠲᠣᠭᠤᠷᠢᠨ ᠤ ᠭᠠᠵᠠᠷ ᠤᠨ ᠨᠠᠶᠢᠳᠠᠯᠭ᠎ᠠ ᠪᠠᠷ ᠲᠤᠭᠤᠷᠪᠢᠭᠰᠠᠨ ︽ᠥᠪᠥᠷ ᠮᠣᠩᠭᠤᠯ ᠤᠨ ᠣᠷᠣᠨ ᠨᠤᠲᠤᠭ ᠤᠨ ᠪᠠᠷᠢᠮᠵᠢᠶᠠᠲᠤ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ  ᠰᠢᠢᠳᠪᠦᠷᠢᠯᠡᠬᠦ ᠲᠦᠬᠦᠭᠡᠷᠦᠮᠵᠢ ᠶᠢᠨ ᠤᠰᠤᠨ ᠤ ᠪᠣᠬᠢᠷᠲᠤᠯ ᠪᠣᠳᠠᠰ ᠭᠠᠳᠠᠭᠰᠢᠯᠠᠭᠤᠯᠬᠤ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶ ᠶᠢᠨ ᠰᠠᠨᠠᠯ ᠬᠤᠷᠢᠶᠠᠬᠤ ᠨᠣᠣᠷᠠᠭ︾  ᠨᠢ ᠨᠢᠭᠡᠨᠲᠡ ᠲᠢᠩᠬᠢᠮ ᠤᠨ ᠠᠵᠢᠯ  ᠤᠨ ᠬᠤᠷᠠᠯ ᠤᠨ ᠬᠢᠨᠠᠨ ᠪᠠᠶᠢᠴᠠᠭᠠᠯᠲᠠ ᠶᠢ ᠥᠩᠭᠡᠷᠡᠭᠡᠵᠡᠶ᠃      ᠠᠮᠢ ᠠᠬᠤᠶ ᠣᠷᠴᠢᠨ ᠲᠣᠭᠤᠷᠢᠨ ᠤ ᠶᠠᠮᠤᠨ ᠤ ︽ᠣᠷᠣᠨ ᠨᠤᠲᠤᠭ ᠤᠨ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠪᠠᠷᠢᠮᠵᠢᠶ᠎ᠠ ᠶᠢ ᠲᠦᠷᠭᠡᠳᠬᠡᠨ ᠲᠣᠭᠲᠠᠭᠠᠬᠤ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠰᠤᠳᠤᠯᠭᠠᠨ ᠤ ᠲᠤᠭᠤᠶᠢᠯᠠᠩ ᠤᠨ ᠬᠢᠨ ᠤᠷᠢᠳ ᠬᠤᠵᠢᠳ ᠮᠠᠨ ᠤ ᠣᠷᠣᠨ ᠤ ᠬᠡᠰᠡᠭ ᠬᠥᠳᠡᠭᠡ ᠲᠣᠰᠬᠤᠨ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠵᠤ ᠥᠷᠭᠡᠨ ᠢᠶᠠᠷ ᠰᠠᠨᠠᠯ ᠬᠤᠷᠢᠶᠠᠨ᠂ ᠮᠠᠨ ᠤ ᠣᠷᠣᠨ ᠤ ᠪᠣᠳᠠᠲᠠᠶ ᠲᠠᠢ ᠤᠶᠠᠯᠳᠣᠭᠤᠯᠵᠤ ︽ᠥᠪᠥᠷ ᠮᠣᠩᠭᠤᠯ ᠤᠨ ᠣᠷᠣᠨ ᠨᠤᠲᠤᠭ ᠤᠨ ᠪᠠᠷᠢᠮᠵᠢᠶᠠᠲᠤ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠲᠦᠬᠦᠭᠡᠷᠦᠮᠵᠢ ᠶᠢᠨ ᠤᠰᠤᠨ ᠤ ᠪᠣᠬᠢᠷᠲᠤᠯ ᠪᠣᠳᠠᠰ ᠭᠠᠳᠠᠭᠰᠢᠯᠠᠭᠤᠯᠬᠤ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶ ᠶᠢᠨ ᠰᠠᠨᠠᠯ ᠬᠤᠷᠢᠶᠠᠬᠤ ᠨᠣᠣᠷᠠᠭ︾   ︵ᠳᠣᠷᠣᠭᠰᠢ ︽ᠪᠠᠷᠢᠮᠵᠢᠶ᠎ᠠ︾ ᠭᠡᠵᠦ ᠳᠥᠭᠦᠮᠴᠢᠯᠡᠨ᠎ᠡ︶ ᠢ ᠲᠤᠭᠤᠷᠪᠢᠵᠤ ᠳᠠᠭᠤᠰᠬᠠᠪᠠ᠃ ︽ᠪᠠᠷᠢᠮᠵᠢᠶ᠎ᠠ︾ ᠳᠤ ᠤᠰᠤᠨ ᠤ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠱᠠᠭᠠᠷᠳᠠᠯᠭ᠎ᠠ᠂ ᠤᠰᠤᠨ ᠤ ᠪᠣᠬᠢᠷᠲᠤᠯ ᠪᠣᠳᠠᠰ ᠢ ᠬᠢᠨᠠᠨ ᠬᠡᠮᠵᠢᠬᠦ ᠱᠠᠭᠠᠷᠳᠠᠯᠭ᠎ᠠ᠂ ᠬᠡᠷᠡᠭᠵᠢᠭᠦᠯᠬᠦ ᠪᠠ ᠬᠢᠨᠠᠯᠲᠠ ᠲᠠᠯᠪᠢᠬᠤ ᠵᠡᠷᠭᠡ ᠲᠠᠯ᠎ᠠ ᠪᠠᠷ ᠪᠣᠳᠠᠲᠠᠶ ᠱᠠᠭᠠᠷᠳᠠᠯᠭ᠎ᠠ ᠳᠤᠷᠠᠳᠤᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠ ᠪᠠᠶᠢᠭᠤᠯᠭ᠎ᠠ ᠶᠢᠨ ᠭᠠᠵᠠᠷ᠂ ᠠᠯᠪᠠᠨ ᠭᠡᠷ᠂ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠰᠠᠨᠠᠯ ᠢ ᠬᠤᠷᠢᠶᠠᠪᠠ᠃      ︽ᠪᠠᠷᠢᠮᠵᠢᠶ᠎ᠠ︾ ᠶᠢ ᠳᠡᠰ ᠳᠠᠷᠠᠭᠠᠯᠠᠯ ᠤᠨ ᠶᠣᠰᠣᠭᠠᠷ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠭᠰᠡᠨ ᠤ ᠳᠠᠷᠠᠭ᠎ᠠ᠂ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠯᠬᠤᠮ ᠠᠯᠬᠤᠮ ᠢᠶᠠᠷ ᠲᠦᠷᠢᠮᠵᠢᠬᠦᠯᠦᠨ᠂ ᠮᠠᠨ ᠤ ᠣᠷᠣᠨ ᠤ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ  ᠲᠦᠬᠦᠭᠡᠷᠦᠮᠵᠢ ᠶᠢᠨ ᠤᠰᠤᠨ ᠤ ᠪᠣᠬᠢᠷᠲᠤᠯ ᠡᠳ᠋ ᠢ ᠭᠠᠳᠠᠭᠰᠢᠯᠠᠭᠤᠯᠬᠤ ᠳᠤ ᠦᠨᠳᠦᠰᠦᠯᠡᠯ  ᠬᠠᠩᠭᠠᠬᠤ ᠪᠣᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号