ᠮᠠᠨ ᠤ ᠲᠢᠩᠬᠢᠮ ᠥᠪᠡᠷᠲᠡᠭᠡᠨ ᠵᠠᠰᠠᠬᠤ ᠣᠷᠣᠨ ᠤ  ᠮᠠᠰᠢᠨ ᠲᠡᠷᠭᠡᠨ ᠤ ︽ᠤᠯᠤᠰ ᠤᠨ ᠲᠠᠪᠤᠳᠤᠭᠠᠷ︾ ︽ᠤᠯᠤᠰ  ᠤᠨ ᠵᠢᠷᠭᠤᠳᠤᠭᠠᠷ︾ ᠤᠨ ᠪᠠᠷᠢᠮᠵᠢᠶ᠎ᠠ ᠶᠢ ᠬᠡᠷᠡᠭᠵᠢᠭᠦᠯᠦᠭᠰᠡᠨ ᠪᠠᠶᠢᠳᠠᠯ ᠵᠢᠴᠢ ᠴᠠᠶᠢᠶ᠋ᠢᠦ ᠪᠠᠷᠠᠭ᠎ᠠ ᠲᠡᠭᠡᠭᠡᠪᠦᠷᠢ ᠶᠢᠨ ᠲᠡᠷᠭᠡ ᠶᠢᠨ ᠲᠤᠰᠬᠠᠶ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠢ ᠲᠣᠬᠢᠷᠠᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2019/10/18
     ᠤᠶᠢᠷ᠎ᠠ ᠶᠢᠨ ᠬᠤᠭᠤᠴᠠᠭᠠᠨ ᠳᠤ᠂ ᠮᠠᠨ ᠤ ᠲᠢᠩᠬᠢᠮ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ  ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠵᠠᠮ ᠬᠠᠷᠢᠯᠴᠠᠭᠠᠨ ᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ᠂  ᠮᠠᠰᠢᠨ ᠲᠡᠷᠭᠡᠨ ᠤ ︽ᠤᠯᠤᠰ  ᠤᠨ ᠲᠠᠪᠤᠳᠤᠭᠠᠷ︾᠂ ︽ᠤᠯᠤᠰ  ᠤᠨ ᠵᠢᠷᠭᠤᠳᠤᠭᠠᠷ︾ ᠤᠨ ᠪᠠᠷᠢᠮᠵᠢᠶ᠎ᠠ ᠶᠢ ᠬᠡᠷᠡᠭᠵᠢᠭᠦᠯᠦᠭᠰᠡᠨ ᠪᠠᠶᠢᠳᠠᠯ ᠵᠢᠴᠢ ᠴᠠᠶᠢᠶ᠋ᠢᠦ ᠪᠠᠷᠠᠭ᠎ᠠ ᠲᠡᠭᠡᠭᠡᠪᠦᠷᠢ ᠶᠢᠨ ᠲᠡᠷᠭᠡ ᠶᠢᠨ ᠲᠤᠰᠬᠠᠶ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠢ ᠲᠣᠬᠢᠷᠠᠭᠤᠯᠬᠤ ᠬᠤᠷᠠᠯ ᠬᠤᠷᠠᠯᠳᠤᠭᠤᠯᠪᠠ᠃ ᠬᠤᠷᠠᠯ ᠠᠴᠠ ᠮᠠᠨ ᠤ ᠣᠷᠣᠨ ᠤ ︽ᠤᠯᠤᠰ  ᠤᠨ ᠲᠠᠪᠤᠳᠤᠭᠠᠷ︾  ᠂ ︽ᠤᠯᠤᠰ  ᠤᠨ ᠵᠢᠷᠭᠤᠳᠤᠭᠠᠷ︾ ᠤᠨ ᠪᠠᠷᠢᠮᠵᠢᠶ᠎ᠠ ᠶᠢ ᠬᠡᠷᠡᠭᠵᠢᠭᠦᠯᠦᠭᠰᠡᠨ ᠪᠠᠶᠢᠳᠠᠯ ᠢ ᠶᠠᠷᠢᠯᠴᠠᠵᠤ᠂ ᠡᠯ᠎ᠡ ᠬᠠᠮᠢᠶ᠎ᠠ ᠪᠦᠬᠦᠢ ᠵᠥᠪᠯᠡᠯ ᠠᠯᠪᠠᠨ ᠭᠡᠷ ᠲᠢᠩᠬᠢᠮ ᠲᠣᠪᠴᠢᠶ᠎ᠠ ᠶᠢᠨ ᠴᠠᠶᠢᠶ᠋ᠢᠦ ᠪᠠᠷᠠᠭ᠎ᠠ ᠲᠡᠷᠭᠡ ᠶᠢᠨ ᠮᠠᠰᠢᠨ ᠲᠡᠷᠭᠡ ᠶᠢᠨ ᠲᠤᠰᠬᠠᠶ ᠠᠵᠢᠯᠯᠠᠭ᠎ᠠ ᠶᠢᠨ ᠳᠤᠮᠳᠠᠬᠢ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠤᠷᠠᠯ ᠳᠤ ᠤᠷᠤᠯᠴᠠᠭᠰᠠᠨ ᠡᠯ᠎ᠡ  ᠵᠥᠪᠯᠡᠯ ᠂ ᠠᠯᠪᠠᠨ ᠭᠡᠷ᠂ ᠲᠢᠩᠬᠢᠮ᠂ ᠲᠣᠪᠴᠢᠶ᠎ᠠ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠶᠢᠶ᠋ᠢᠦ ᠪᠠᠷᠠᠭᠠᠨ ᠤ ᠲᠡᠷᠭᠡ ᠶᠢᠨ ᠪᠣᠬᠢᠷᠲᠤᠯ ᠢ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠳᠦᠷᠢᠮ ︵ᠰᠠᠨᠠᠯ ᠬᠤᠷᠢᠶᠠᠬᠤ ᠨᠣᠣᠷᠠᠭ︶︾ ᠤᠨ ᠲᠤᠬᠠᠶ ᠵᠠᠰᠠᠪᠤᠷᠢ ᠣᠷᠣᠭᠤᠯᠬᠤ ᠰᠠᠨᠠᠯ ᠳᠤᠷᠠᠳᠪᠠ᠃ ᠬᠤᠷᠠᠯ ᠠᠴᠠ᠂ ᠬᠤᠶᠢᠰᠢᠳᠠ ᠡᠯ᠎ᠡ ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠶᠢᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠪᠠ ᠬᠠᠷᠢᠯᠴᠠᠨ ᠬᠠᠮᠵᠢᠯᠴᠠᠬᠤ ᠪᠠᠨ ᠴᠢᠩᠭᠠᠳᠬᠠᠵᠤ᠂ ᠮᠠᠰᠢᠨ ᠲᠡᠷᠭᠡᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠲᠦᠷᠭᠡᠳᠬᠡᠨ ᠠᠬᠢᠭᠤᠯᠵᠤ᠂ ᠲᠤᠯᠤᠭᠠᠨ  ᠶᠡᠭᠡ ᠭᠤᠤᠯᠳᠠᠯᠭ᠎ᠠ ᠲᠠᠢ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠳᠤᠮᠳᠠᠬᠢ  ᠴᠠᠶᠢᠶ᠋ᠢᠦ  ᠪᠠᠷᠠᠭᠠᠨ ᠤ ᠲᠡᠷᠭᠡ ᠶᠢᠨ ᠪᠣᠬᠢᠷᠲᠤᠯ ᠢ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠬᠤ ᠬᠡᠷᠡᠭᠲᠡᠶ  ᠭᠡᠵᠦ ᠴᠢᠬᠤᠯᠠᠴᠢᠯᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号