ᠠᠮᠢ ᠠᠬᠤᠢ ᠶᠢᠨ ᠣᠷᠴᠢᠨ ᠲᠤᠭᠤᠷᠢᠨ ᠤ ᠶᠠᠮᠤᠨ 2019 ᠤᠨ 10 ᠰᠠᠷ᠎ᠠ ᠶᠢᠨ ᠲᠣᠭᠲᠠᠮᠠᠯ ᠬᠤᠭᠤᠴᠠᠭᠠᠲᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2019/11/13
     10 ᠰᠠᠷ᠎ᠠ ᠶᠢᠨ 29 ᠤ ᠡᠳᠦᠷ᠂ ᠠᠮᠢ ᠠᠬᠤᠶ ᠣᠷᠴᠢᠨ ᠲᠣᠭᠤᠷᠢᠨ ᠤ ᠶᠠᠮᠤᠨ 2019 ᠤᠨ 10 ᠰᠠᠷ᠎ᠠ ᠶᠢᠨ ᠲᠣᠭᠲᠠᠮᠠᠯ ᠬᠤᠭᠤᠴᠠᠭᠠᠲᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ᠃ ᠠᠮᠢ ᠠᠬᠤᠶ ᠣᠷᠴᠢᠨ ᠲᠣᠭᠤᠷᠢᠨ ᠤ ᠶᠠᠮᠤᠨ ᠤ ᠰᠣᠨᠢᠨ ᠮᠡᠳᠡᠭᠡ ᠨᠡᠶᠢᠳᠡᠯᠡᠭᠴᠢ ᠯᠢᠦ ᠶᠢᠦ ᠪᠢᠨ  ᠨᠦᠬᠦᠷ ᠤᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ  ᠠᠵᠢᠯ ᠤᠨ  ᠠᠬᠢᠴᠠ ᠶᠢᠨ ᠪᠠᠶᠢᠳᠠᠯ ᠢ ᠨᠡᠶᠢᠳᠡᠯᠡᠨ ᠮᠡᠳᠡᠭᠳᠡᠪᠡ᠃      ᠯᠢᠦ ᠶᠢᠦ ᠪᠢᠨ ᠨᠦᠬᠦᠷ ᠠᠴᠠ  ᠂ 2020  ᠣᠨ ᠪᠣᠯ ᠬᠥᠬᠡ ᠣᠭᠲᠠᠷᠭᠤᠶ ᠶᠢ ᠬᠠᠮᠠᠭᠠᠯᠠᠬᠤ ᠳᠠᠶᠢᠯᠠᠯᠳᠤᠭᠠᠨ ᠤ ᠭᠤᠷᠪᠠᠨ  ᠵᠢᠯ ᠤᠨ ᠠᠵᠢᠯᠯᠠᠭᠠᠨ ᠤ ᠲᠥᠯᠥᠪᠯᠡᠭᠡ ᠶᠢᠨ ᠬᠠᠷᠠᠯᠲᠠ ᠶᠢᠨ  ᠵᠢᠯ᠂ ᠵᠠᠩᠭᠢᠯᠠᠭ᠎ᠠ ᠶᠢᠨ ᠵᠢᠯ ᠪᠣᠯᠤᠨ᠎ᠠ᠂ 2019 — 2020  ᠣᠨ ᠤ ᠨᠠᠮᠤᠷ ᠡᠪᠦᠯ ᠤᠨ ᠤᠯᠠᠷᠢᠯ ᠤᠨ ᠪᠣᠭᠤᠮᠲᠠ ᠰᠢᠪᠲᠤᠯᠬᠤ ᠦᠷ᠎ᠡ ᠪᠦᠲᠦᠮᠵᠢ  ᠨᠢ 2020  ᠣᠨ ᠤ ᠬᠠᠷᠠᠯᠲᠠ ᠶᠢ ᠪᠡᠶᠡᠯᠡᠭᠦᠯᠬᠦ ᠶᠢ ᠰᠢᠭᠤᠳ ᠨᠥᠯᠥᠭᠡᠯᠡᠨ᠎ᠡ᠃ ᠵᠢᠱᠢᠯᠲᠡ ᠶᠢ ᠦᠨᠳᠦᠰᠦᠯᠡᠪᠡᠯ᠂ ᠡᠸ᠋ᠯᠨᠢᠨᠤ᠋ ᠶᠢᠨ ᠨᠥᠯᠥᠭᠡ ᠪᠠᠷ᠂ 2019 — 2020  ᠤᠨ ᠤ ᠨᠠᠮᠤᠷ ᠡᠪᠦᠯ ᠤᠨ ᠤᠯᠠᠷᠢᠯ ᠤᠨ ᠴᠠᠭ ᠠᠭᠤᠷ ᠤᠨ ᠨᠥᠬᠦᠴᠡᠯ ᠤᠨ ᠪᠦᠬᠦᠯᠢ ᠴᠣᠭᠴᠠ ᠶᠢᠨ ᠵᠥᠷᠢᠶ᠎ᠡ ᠨᠢ ᠠᠭᠠᠷ ᠮᠠᠨᠳᠠᠯ ᠤᠨ ᠪᠣᠬᠢᠷᠲᠤᠯ ᠪᠣᠳᠠᠰ ᠤᠨ ᠲᠠᠷᠬᠠᠯᠲᠠ ᠳᠤ ᠠᠰᠢᠭ ᠥᠬᠡᠶ ᠪᠠᠶᠢᠵᠤ᠂ ᠠᠭᠠᠷ ᠮᠠᠨᠳᠠᠯ ᠤᠨ ᠪᠣᠬᠢᠷᠲᠤᠯ ᠢ ᠵᠠᠰᠠᠬᠤ ᠳᠠᠷᠤᠯᠲᠠ ᠶᠢ ᠤᠯᠠᠮ ᠨᠢᠭᠡ ᠠᠯᠬᠤᠮ ᠨᠡᠮᠡᠭᠳᠡᠭᠦᠯᠦᠭᠰᠡᠨ ᠪᠠᠶᠢᠨ᠎ᠠ᠂ ᠡᠶᠢᠮᠦ ᠠᠴᠠ ᠡᠷᠬᠡᠪᠰᠢ ᠨᠠᠩ ᠶᠡᠭᠡ  ᠬᠦᠴᠦᠨ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠠᠰᠢᠭ ᠥᠬᠡᠶ ᠴᠠᠭ ᠠᠭᠤᠷ ᠤᠨ ᠨᠥᠬᠦᠴᠡᠯ ᠠᠴᠠ ᠪᠣᠯᠤᠭᠰᠠᠨ ᠨᠠᠵᠠᠭᠠᠶ ᠨᠥᠯᠥᠭᠡ ᠶᠢ ᠠᠷᠢᠯᠭᠠᠬᠤ ᠬᠡᠷᠡᠭᠲᠡᠶ  ᠃      ᠤᠶᠢᠷ᠎ᠠ ᠳᠤ᠂ ᠠᠮᠢ ᠠᠬᠤᠶ ᠣᠷᠴᠢᠨ  ᠲᠤᠭᠤᠷᠢᠨ ᠤ ᠶᠠᠮᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ︽ᠪᠡᠭᠡᠵᠢᠩ ᠲᠢᠶᠠᠨᠵᠢᠨ ᠾᠧᠪᠧᠢ ᠵᠢᠴᠢ ᠡᠷᠭᠢᠨ ᠲᠣᠭᠤᠷᠢᠨ ᠤ ᠭᠠᠵᠠᠷ ᠣᠷᠣᠨ ᠤ 2019 — 2020 ᠤᠨ ᠤ ᠨᠠᠮᠤᠷ ᠡᠪᠦᠯ ᠤᠨ ᠤᠯᠠᠷᠢᠯ ᠤᠨ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ  ᠬᠦᠴᠢᠷ ᠰᠡᠳᠦᠪ ᠢ  ᠰᠢᠢᠳᠪᠦᠷᠢᠯᠡᠬᠦ ᠠᠵᠢᠯᠯᠠᠭ᠎ᠠ ᠶᠢᠨ ᠲᠥᠰᠦᠯ︾ ᠢ ᠨᠡᠶᠢᠲᠡᠯᠡᠵᠦ᠂ ᠡᠨᠡ ᠵᠢᠯ ᠤᠨ ᠪᠡᠭᠡᠵᠢᠩ ᠲᠢᠶᠠᠨᠵᠢᠨ ᠾᠧᠪᠧᠢ ᠵᠢᠴᠢ ᠡᠷᠭᠢᠨ ᠲᠣᠭᠤᠷᠢᠨ ᠤ ᠭᠠᠵᠠᠷ ᠣᠷᠣᠨ ᠤ ᠨᠠᠮᠤᠷ ᠡᠪᠦᠯ ᠤᠨ ᠤᠯᠠᠷᠢᠯ ᠤᠨ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠠᠵᠢᠯ ᠳᠤ ᠪᠥᠬᠦ ᠲᠠᠯ᠎ᠠ ᠶᠢᠨ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠵᠦ ᠂ ᠪᠡᠭᠡᠵᠢᠩ ᠲᠢᠶᠠᠨᠵᠢᠨ ᠾᠧᠪᠧᠢ  ᠵᠢᠴᠢ ᠡᠷᠭᠢᠨ ᠲᠣᠭᠤᠷᠢᠨ ᠤ ᠭᠠᠵᠠᠷ ᠣᠷᠣᠨ ᠤ 2019  ᠤᠨ ᠤ ᠣᠷᠴᠢᠨ  ᠲᠤᠭᠤᠷᠢᠨ ᠢ  ᠰᠠᠢᠵᠢᠷᠠᠭᠤᠯᠬᠤ ᠬᠠᠷᠠᠯᠲᠠ ᠶᠢ ᠪᠥᠬᠦ ᠲᠠᠯ᠎ᠠ ᠪᠠᠷ ᠪᠡᠶᠡᠯᠡᠭᠦᠯᠵᠦ᠂ ᠨᠠᠮᠤᠷ ᠡᠪᠦᠯ ᠤᠨ ᠤᠯᠠᠷᠢᠯ ᠤᠨ ᠬᠤᠭᠤᠴᠠᠭᠠᠨ ᠤ P M 2.5 ᠶᠢᠨ ᠳᠤᠮᠳᠠᠴᠢ ᠥᠳᠬᠡᠴᠡ ᠶᠢ ᠠᠳᠠᠯᠢ ᠬᠤᠭᠤᠴᠠᠭᠠᠨ ᠤ ᠬᠢ ᠠᠴᠠ 4 % ᠪᠠᠷ ᠪᠠᠭᠤᠷᠠᠭᠤᠯᠵᠤ᠂ ᠡᠭᠦᠨ ᠠᠴᠠ ᠳᠡᠭᠡᠭᠰᠢᠬᠢ ᠪᠣᠬᠢᠷᠲᠤᠯ ᠤᠨ ᠡᠳᠦᠷ ᠤᠨ ᠲᠤᠭ᠎ᠠ ᠶᠢ ᠠᠳᠠᠯᠢ ᠬᠤᠭᠤᠴᠠᠭᠠᠨ ᠤ ᠬᠢ ᠠᠴᠠ 6 % ᠪᠠᠷ ᠪᠠᠭᠠᠰᠬᠠᠬᠤ ᠬᠡᠷᠡᠭᠲᠡᠶ ᠭᠡᠵᠦ ᠳᠤᠷᠠᠳᠤᠨ ᠭᠠᠷᠭᠠᠪᠠ᠃      ᠦᠨᠦ ᠵᠢᠯ ᠤᠨ ᠨᠠᠮᠤᠷ ᠡᠪᠦᠯ ᠤᠨ ᠤᠯᠠᠷᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠥᠩᠭᠡᠷᠡᠭᠡᠭᠰᠡᠨ   ᠤ  ᠰᠠᠶᠢᠨ ᠲᠤᠷᠰᠢᠯᠭ᠎ᠠ ᠪᠠ ᠠᠷᠭ᠎ᠠ ᠪᠠᠷᠢᠯ ᠢ ᠦᠷᠭᠦᠯᠵᠢᠯᠡᠨ ᠠᠬᠢᠭᠤᠯᠪᠠ᠃ ᠠᠵᠢᠯ ᠤᠨ ᠦᠷᠭᠦᠯᠵᠢᠯᠡᠬᠦ ᠴᠢᠨᠠᠷ   ᠢ ᠪᠠᠲᠤᠯᠠᠭᠰᠠᠨ ᠰᠠᠭᠤᠷᠢᠨ ᠳᠡᠭᠡᠷ᠎ᠡ᠂  ᠦᠨᠦ ᠵᠢᠯ ᠤᠨ ᠨᠠᠮᠤᠷ ᠡᠪᠦᠯ ᠤᠨ ᠤᠯᠠᠷᠢᠯ ᠤᠨ ᠬᠦᠴᠢᠷ ᠰᠡᠳᠦᠪ ᠢ ᠰᠢᠢᠳᠪᠦᠷᠢᠯᠡᠬᠦ ᠠᠵᠢᠯᠯᠠᠭ᠎ᠠ ᠨᠢ ᠬᠠᠤᠯᠢ ᠶᠣᠰᠣᠨ ᠤ ᠴᠢᠨᠠᠷ᠂ ᠰᠢᠨᠵᠢᠯᠡᠬᠦ ᠤᠬᠠᠭᠠᠨᠴᠢ ᠴᠢᠨᠠᠷ᠂ ᠬᠠᠨᠳᠤᠯᠭᠠᠲᠤ ᠴᠢᠨᠠᠷ ᠪᠠ ᠦᠢᠯᠡᠳᠬᠦᠶᠢᠴᠢ ᠴᠢᠨᠠᠷ  ᠢ ᠨᠠᠩ ᠢᠯᠡᠭᠦᠤ ᠴᠢᠬᠤᠯᠠᠴᠢᠯᠠᠵᠠᠶ᠃      ᠨᠢᠭᠡ ᠳᠤ᠂ ᠬᠠᠤᠯᠢ ᠴᠠᠭᠠᠵᠠ ᠳᠦᠷᠢᠮ ᠲᠣᠭᠲᠠᠭᠠᠯ   ᠢ ᠨᠠᠩ ᠴᠢᠩᠭᠠᠳᠬᠠᠨ᠎ᠠ᠃ ︽ᠪᠦᠬᠦᠨ ᠢ ᠠᠳᠠᠯᠢ ᠪᠠᠷ ᠱᠠᠭᠠᠷᠳᠠᠬᠤ︾  ᠶᠢ ᠡᠷᠡᠰ ᠡᠰᠡᠷᠭᠦᠴᠡᠵᠦ᠂ ᠡᠨᠡ  ᠵᠢᠯ ᠤᠨ ᠨᠠᠮᠤᠷ ᠡᠪᠦᠯ ᠤᠨ ᠤᠯᠠᠷᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠲᠥᠰᠦᠯ ᠳᠤ ᠠᠯᠪᠠᠳᠠᠯᠭ᠎ᠠ ᠶᠢᠨ ᠴᠢᠨᠠᠷᠲᠠᠶ ᠣᠷᠭᠢᠯ ᠦᠶ᠎ᠡ ᠳᠤ ᠵᠦᠷᠢᠬᠦᠯᠦᠨ  ᠦᠢᠯᠡᠳᠪᠦᠷᠢᠯᠡᠬᠦ  ᠂ ᠶᠡᠭᠡ ᠬᠡᠪᠴᠢᠶ᠎ᠡ ᠪᠠᠷ ᠦᠢᠯᠡᠳᠪᠦᠷᠢᠯᠡᠯ ᠢ ᠵᠣᠭᠰᠣᠭᠠᠬᠤ ᠵᠡᠷᠭᠡ ᠱᠠᠭᠠᠷᠳᠠᠯᠭ᠎ᠠ ᠲᠠᠢ ᠤᠭᠲᠤ ᠬᠤᠯᠪᠣᠭᠳᠠᠭᠰᠠᠨ ᠥᠬᠡᠶ᠂ ︽ᠪᠦᠬᠦᠨ ᠢ ᠬᠠᠭᠠᠵᠤ ᠵᠣᠭᠰᠣᠭᠠᠬᠤ︾᠂ ︽ᠤᠷᠢᠳᠠᠪᠠᠷ ᠵᠣᠭᠰᠣᠭᠠᠵᠤ ᠳᠠᠷᠠᠭ᠎ᠠ ᠨᠢ  ᠰᠢᠢᠳᠪᠦᠷᠢᠯᠡᠬᠦ︾ ᠵᠡᠷᠭᠡ ᠠᠷᠭᠠᠴᠠᠬᠤ ᠠᠷᠭ᠎ᠠ ᠶᠢ ᠡᠷᠡᠰ ᠡᠰᠡᠷᠭᠦᠴᠡᠵᠦ᠂ ᠬᠠᠤᠯᠢ ᠲᠣᠭᠲᠠᠭᠠᠯ   ᠢ ᠴᠢᠩᠭ᠎ᠠ ᠵᠢᠷᠤᠮᠯᠠᠨ ᠨᠠᠮᠤᠷ ᠡᠪᠦᠯ ᠤᠨ ᠤᠯᠠᠷᠢᠯ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠡᠯ᠎ᠡ  ᠵᠦᠢᠯ ᠤᠨ ᠠᠵᠢᠯ ᠢ ᠰᠠᠶᠢᠲᠤᠷ ᠬᠢᠨ᠎ᠡ᠃      ᠬᠤᠶᠠᠷ ᠲᠤ᠂ ᠰᠢᠨᠵᠢᠯᠡᠬᠦ ᠤᠬᠠᠭᠠᠨᠴᠢ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠨᠠᠩ ᠳᠣᠪᠤᠶᠢᠯᠭᠠᠨ᠎ᠠ᠃ ᠵᠥᠷᠢᠶ᠎ᠡ ᠲᠠᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠬᠡᠷᠡᠭᠵᠢᠭᠦᠯᠵᠦ᠂ ᠬᠦᠨᠳᠦ ᠪᠣᠬᠢᠷᠲᠤᠯ ᠲᠠᠢ ᠴᠠᠭ ᠠᠭᠤᠷ ᠢ ᠪᠦᠲᠦᠮᠵᠢᠲᠡᠶ ᠠᠷᠭᠠᠴᠠᠬᠤ ᠬᠡᠷᠡᠭᠲᠡᠶ᠃ ᠡᠯ᠎ᠡ ᠭᠠᠵᠠᠷ ᠤᠨ ᠬᠢᠨ ︽ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠪᠠᠲᠤᠳᠬᠠᠬᠤ ᠲᠤᠬᠠᠢ ᠵᠢᠯᠣᠭᠤᠳᠬᠤ ᠰᠠᠨᠠᠯ︾ ᠢ ᠦᠨᠳᠦᠰᠦᠯᠡᠨ᠂ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ  ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠪᠠᠲᠤᠳᠬᠠᠨ᠂ ᠠᠵᠤ ᠠᠬᠤᠶᠢᠯᠠᠯ ᠢ ᠲᠥᠷᠥᠯ  ᠠᠩᠭᠢᠯᠠᠨ ᠱᠠᠲᠤ ᠬᠤᠪᠢᠶᠠᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠵᠦ᠂ A ᠲᠡᠰ ᠤᠨ ᠠᠵᠤ ᠠᠬᠤᠶᠢᠯᠠᠯ  ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠬᠤᠭᠤᠴᠠᠭᠠᠨ ᠳᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠠᠪᠬᠤ ᠥᠬᠡᠶ ᠪᠠᠶᠢᠵᠤ ᠪᠣᠯᠬᠤ ᠥᠬᠡᠶ᠂ B ᠲᠡᠰ ᠤᠨ ᠠᠵᠤ ᠠᠬᠤᠶᠢᠯᠠᠯ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠵᠣᠬᠢᠰᠲᠠᠶ ᠪᠠᠷ ᠪᠠᠭᠠᠰᠬᠠᠬᠤ ᠬᠡᠷᠡᠭᠲᠡᠶ ᠭᠡᠵᠦ ᠱᠠᠭᠠᠷᠳᠠᠪᠠ᠃      ᠭᠤᠷᠪᠠ ᠳᠤ᠂  ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ ᠶᠢ ᠨᠠᠩ ᠴᠢᠬᠤᠯᠠᠴᠢᠯᠠᠨ᠎ᠠ᠃ 2019 — 2020  ᠤᠨ ᠤ ᠨᠠᠮᠤᠷ ᠡᠪᠦᠯ ᠤᠨ ᠤᠯᠠᠷᠢᠯ ᠤᠨ ᠬᠤᠲᠠ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠬᠠᠷᠠᠯᠲᠠ ᠶᠢ ᠲᠣᠭᠲᠠᠭᠠᠬᠤ ᠳᠠᠭᠠᠨ᠂ ᠡᠯ᠎ᠡ ᠭᠠᠵᠠᠷ ᠤᠨ ᠠᠵᠢᠯ ᠤᠨ ᠪᠣᠳᠠᠲᠤ  ᠪᠠᠶᠢᠳᠠᠯ ᠪᠠ ᠦᠢᠯᠡᠳᠬᠦᠶᠢᠴᠢ ᠴᠢᠨᠠᠷ  ᠢ  ᠭᠦᠢᠴᠡᠳ ᠪᠣᠳᠣᠯᠬᠢᠯᠠᠵᠤ᠂ ᠡᠯ᠎ᠡ ᠬᠤᠲᠠ ᠶᠢᠨ ᠳᠡᠭᠡᠷ᠎ᠡ ᠨᠢᠭᠡ ᠨᠠᠮᠤᠷ ᠡᠪᠦᠯ ᠤᠨ ᠤᠯᠠᠷᠢᠯ ᠤᠨ P M 2.5 ᠶᠢᠨ ᠥᠳᠬᠡᠴᠡ ᠶᠢᠨ ᠬᠡᠮᠵᠢᠭᠳᠡᠯ ᠬᠢᠭᠡᠳ ᠥᠩᠭᠡᠷᠡᠭᠡᠭᠰᠡᠨ ᠬᠤᠶᠠᠷ ᠨᠠᠮᠤᠷ ᠡᠪᠦᠯ ᠤᠨ ᠤᠯᠠᠷᠢᠯ ᠤᠨ ᠨᠡᠶᠢᠲᠡ ᠪᠠᠭᠤᠷᠠᠯᠲᠠ ᠶᠢᠨ ᠬᠡᠮᠵᠢᠶ᠎ᠡ ᠶᠢ ᠦᠨᠳᠦᠰᠦᠯᠡᠨ ᠲᠤᠰ ᠲᠤᠰ ᠳᠡᠰ ᠬᠤᠪᠢᠶᠠᠵᠤ᠂ ᠡᠯ᠎ᠡ ᠲᠡᠰ ᠤᠨ ᠰᠠᠶᠢᠵᠢᠷᠠᠭᠤᠯᠬᠤ ᠬᠠᠷᠠᠯᠲᠠ ᠶᠢ ᠲᠣᠭᠲᠠᠭᠠᠨ᠂ ᠳᠡᠭᠡᠷ᠎ᠡ ᠨᠢᠭᠡ ᠨᠠᠮᠤᠷ ᠡᠪᠦᠯ ᠤᠨ ᠤᠯᠠᠷᠢᠯ ᠤᠨ P M 2.5 ᠶᠢᠨ ᠥᠳᠬᠡᠴᠡ ᠨᠢ ᠤᠯᠠᠮ ᠦᠨᠳᠦᠷ᠂ ᠨᠡᠶᠢᠳᠡ ᠪᠠᠭᠤᠷᠠᠯᠳᠠ ᠶᠢᠨ ᠬᠡᠮᠵᠢᠶ᠎ᠡ ᠨᠢ ᠤᠯᠠᠮ ᠲᠤᠤᠷ᠎ᠠ ᠪᠠᠶᠢᠪᠠᠯ᠂ ᠲᠤᠰ ᠨᠠᠮᠤᠷ ᠡᠪᠦᠯ ᠤᠨ ᠤᠯᠠᠷᠢᠯ ᠤᠨ ᠬᠠᠷᠠᠯᠲᠠ ᠶᠢ  ᠤᠯᠠᠮ ᠥᠨᠳᠥᠷ ᠪᠣᠯᠭᠠᠨ᠎ᠠ᠃      ᠳᠠᠷᠠᠭᠠᠴᠢ ᠶᠢᠨ ᠠᠯᠬᠤᠮ ᠳᠤ᠂ ᠠᠮᠢ ᠠᠬᠤᠶ ᠣᠷᠴᠢᠨ ᠲᠣᠭᠤᠷᠢᠨ ᠤ ᠶᠠᠮᠤᠨ ᠨᠢ ᠨᠠᠮ ᠤᠨ ᠲᠥᠪ ᠬᠤᠷᠢᠶ᠎ᠠ᠂ ᠲᠥᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠣᠷᠣᠨ ᠨᠤᠲᠤᠭ ᠲᠠᠢ ᠬᠤᠯᠪᠣᠭᠠᠯᠠᠨ ᠡᠯ᠎ᠡ ᠵᠦᠢᠯ ᠤᠨ ᠡᠭᠦᠷᠭᠡ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠶ ᠠᠬᠢᠭᠤᠯᠵᠤ᠂ ᠬᠥᠬᠡ ᠣᠭᠲᠠᠷᠭᠤᠶ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠣᠯᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠴᠤᠭᠴᠠᠯᠠᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号