︽ᠰᠢᠨ᠎ᠡ  ᠳᠤᠮᠳᠠᠳᠤ ᠤᠯᠤᠰ ᠢᠶᠠᠨ ᠮᠠᠭᠲᠠᠨ  ᠲᠠᠭᠤᠯᠠᠵᠤ᠂ ᠰᠢᠨ᠎ᠡ ᠴᠠᠭ ᠦᠶ᠎ᠡ ᠳᠤ  ᠡᠷᠡᠯᠬᠡᠭᠯᠡᠨ ᠤᠷᠤᠭᠰᠢᠯᠠᠶ᠎ᠠ︾ — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠤᠨ ᠤᠰᠤᠨ ᠤ ᠣᠷᠴᠢᠨ ᠲᠣᠭᠤᠷᠢᠨ ᠤ ᠬᠠᠮᠢᠶᠠᠷᠤᠯᠲᠠ ᠶᠢᠨ ᠭᠠᠵᠠᠷ ᠤᠨ ᠨᠠᠮ ᠤᠨ ᠡᠭᠦᠷ᠂ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠬᠢᠭᠡᠳ ᠭᠠᠳᠠᠭᠰᠢᠯᠠᠭᠤᠯᠬᠤ ᠶᠢ ᠬᠠᠮᠢᠶᠠᠷᠬᠤ ᠭᠠᠵᠠᠷ ᠤᠨ ᠨᠠᠮ ᠤᠨ ᠡᠭᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠢᠨᠵᠧᠨᠧᠷᠢᠩ ᠢ ᠦᠨᠡᠯᠡᠨ ᠵᠢᠱᠢᠬᠦ ᠲᠥᠪ ᠤᠨ ᠨᠠᠮ ᠤᠨ ᠡᠭᠦᠷ  ‍ᠤᠨ‌ᠭᠤᠤᠯ ᠰᠡᠳᠦᠪᠲᠦ  ᠨᠠᠮ ᠤᠨ ᠡᠳᠦᠷ ᠤᠨ ᠠᠵᠢᠯᠯᠠᠭ᠎ᠠ
ᠨᠡᠶᠢᠲᠡᠯᠡᠭᠰᠡᠨ ᠴᠠᠭ᠄
2019/11/15
     ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ  ᠪᠠᠶᠢᠭᠤᠯᠤᠭᠳᠠᠭᠰᠠᠨ 70  ᠵᠢᠯ ᠤᠨ ᠣᠢ ᠶᠢ ᠦᠪᠡᠳᠡᠭᠰᠢ ᠶᠡᠬᠡᠪᠡᠷ ᠪᠡᠯᠭᠡᠯᠡᠵᠦ᠂  ᠤᠯᠠᠨ ᠤ ᠰᠡᠳᠬᠢᠯ ᠢ  ᠤᠯᠠᠮ ᠨᠢᠭᠡ ᠠᠯᠬᠤᠮ ᠨᠢᠭᠳᠠᠷᠭᠤᠯᠤᠨ᠂ ᠵᠤᠷᠢᠭ ᠢ ᠨᠢ ᠬᠦᠪᠴᠢᠯᠡᠵᠦ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠭᠦᠨᠵᠡᠭᠡᠶ ᠠᠬᠢᠭᠤᠯᠬᠤ ᠶᠢᠨ ᠲᠥᠯᠥᠭᠡ᠂ 2019 ᠤᠨ 10 ᠰᠠᠷ᠎ᠠ ᠶᠢᠨ 12 ᠤᠨ ᠦᠳᠡ ᠶᠢᠨ ᠬᠤᠶᠢᠨ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠤᠨ  ᠣᠰᠣᠨ ᠤ ᠠᠮᠢ ᠠᠬᠤᠶ ᠣᠷᠴᠢᠨ ᠲᠣᠭᠤᠷᠢᠨ ᠤ ᠭᠠᠵᠠᠷ᠂ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠪᠠ ᠭᠠᠳᠠᠭᠰᠢᠯᠠᠭᠤᠯᠬᠤ ᠶᠢ ᠬᠠᠮᠢᠶᠠᠷᠬᠤ ᠭᠠᠵᠠᠷ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠢᠨᠵᠧᠨᠧᠷᠢᠩ ᠤᠨ ᠦᠨᠡᠯᠡᠨ ᠵᠢᠱᠢᠬᠦ ᠲᠥᠪ ᠤᠨ ᠨᠠᠮ ᠤᠨ ᠡᠭᠦᠷ ᠬᠠᠮᠲᠤᠷᠠᠨ     ︽ᠰᠢᠨ᠎ᠡ ᠳᠤᠮᠳᠠᠳᠤ ᠤᠯᠤᠰ  ᠢᠶᠠᠨ ᠮᠠᠭᠲᠠᠨ ᠲᠠᠭᠤᠯᠠᠵᠤ᠂ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠪᠦᠬᠦ ᠨᠠᠮ ᠤᠨ ᠭᠡᠰᠢᠭᠦᠨ᠂ ᠺᠠᠳ᠋ᠷ᠂ ᠠᠵᠢᠯᠲᠠᠨ  ᠢ ᠵᠣᠬᠢᠶᠠᠨ  ᠪᠠᠶᠢᠭᠤᠯᠤᠨ ︽ᠪᠢ  ᠡᠬᠡ ᠤᠯᠤᠰ ᠲᠠᠢ ᠪᠠᠨ︾  ᠬᠡᠭᠦ ᠺᠢᠨᠣ᠋  ᠶᠢ ᠬᠠᠮᠲᠤᠪᠠᠷ          ᠰᠣᠨᠢᠷᠬᠠᠪᠠ᠃
     ᠺᠢᠨᠣ᠋ ᠨᠢ ᠥᠩᠭᠡᠷᠡᠭᠰᠡᠨ ᠰᠥᠨᠢ᠂ ᠤᠴᠠᠷᠠᠯ᠂  ᠮᠠᠩᠯᠠᠢ ᠲᠡᠮᠡᠴᠡᠬᠦ᠂  ᠪᠤᠴᠠᠭᠰᠠᠨ ᠨᠢ᠂ ᠪᠡᠭᠡᠵᠢᠩ ᠲᠠ ᠰᠠᠶᠢᠨ ᠤᠤ᠂ ᠡᠳᠦᠷ ᠰᠥᠨᠢ ᠶᠢᠨ ᠰᠣᠯᠢᠷ ᠣᠳᠣ᠂  ᠠᠶᠠᠯᠠᠯ ᠢ ᠬᠠᠮᠠᠭᠠᠯᠠᠭᠰᠠᠨ ᠨᠢ ᠬᠡᠬᠦ ᠳᠣᠯᠣᠭᠠᠨ ᠪᠦᠯᠦᠭ ᠠᠴᠠ ᠪᠦᠷᠢᠯᠳᠦᠨ᠂ ᠲᠤᠯᠤᠭᠠᠨ ᠥᠪᠡᠷᠮᠢᠴᠡ ᠣᠨᠴᠠᠯᠢᠭ ᠲᠠᠢ ᠠᠮᠢ ᠨᠠᠰᠤᠨ ᠤ ᠣᠶᠢᠯᠠᠭᠠᠯᠲᠠ ᠪᠠᠷ ᠢᠷᠡᠵᠦ᠂ ᠲᠡᠤᠬᠡ ᠶᠢ  ᠲᠠᠪᠠᠭᠤᠯᠤᠨ᠂ ᠡᠬᠡ ᠤᠯᠤᠰ  ᠤᠨ 70  ᠵᠢᠯ  ᠤᠨ ᠬᠥᠭᠵᠢᠯᠲᠡ ᠬᠤᠪᠢᠷᠠᠯᠳᠠ ᠶᠢ ᠲᠡᠮᠳᠡᠭᠯᠡᠵᠦ᠂ ᠪᠦᠬᠦ ᠠᠷᠠᠳ ᠤᠨ ᠬᠠᠮᠲᠤ ᠶᠢᠨ ᠤᠯᠤᠰ ᠢᠶᠠᠨ ᠬᠠᠶᠢᠷᠠᠯᠠᠬᠤ ᠳᠤᠷᠠᠰᠤᠮᠵᠢ ᠶᠢ ᠬᠤᠯᠪᠣᠭᠰᠠᠨ ᠪᠠᠶᠢᠨ᠎ᠠ᠃ ᠲᠣᠮᠣ ᠬᠡᠷᠡᠭ ᠶᠠᠪᠤᠳᠠᠯ ᠤᠨ ᠠᠷᠤ ᠳᠠᠬᠢ ᠬᠥᠮᠦᠨ ᠪᠦᠬᠦᠨ ᠤ ᠮᠡᠳᠡᠳᠡᠭ ᠡᠭᠡᠯ ᠬᠥᠮᠦᠰ ᠤᠨ ᠴᠢᠷᠮᠠᠶᠢᠯᠭ᠎ᠠ ᠪᠠ ᠬᠤᠪᠢ ᠨᠡᠮᠡᠷᠢ ᠶᠢ  ᠵᠢᠷᠤᠭᠯᠠᠬᠤ ᠪᠠᠷ ᠳᠠᠮᠵᠢᠨ᠂ 7 ᠪᠦᠯᠦᠭ ᠡᠭᠡᠯ ᠵᠢᠷ ᠤᠨ ᠬᠥᠮᠦᠨ ᠡᠬᠡ ᠤᠯᠤᠰ  ᠤᠨ ᠶᠡᠭᠡ ᠶᠠᠪᠤᠳᠠᠯ ᠲᠠᠢ ᠰᠠᠯᠵᠤ ᠪᠣᠯᠤᠰᠢ ᠦᠭᠡᠢ ᠨᠢᠭᠲᠠ ᠬᠤᠯᠪᠣᠭ᠎ᠠ ᠲᠠᠢ ᠦᠯᠢᠭᠡᠷ ᠢ ᠠᠮᠢᠳᠤᠯᠢᠭ ᠢᠶᠠᠷ ᠲᠣᠭᠯᠠᠵᠤ᠂  ᠵᠢᠵᠢᠭ ᠳᠦᠷᠢ ᠪᠠᠷ ᠲᠤᠮᠤ ᠴᠠᠭ ᠦᠶ᠎ᠡ ᠶᠢ ᠭᠡᠷᠡᠴᠢᠯᠡᠭᠦᠯᠵᠦ᠂ ᠡᠭᠡᠯ ᠶᠡᠷᠦᠮᠳᠡᠭ ᠪᠠᠶᠢᠳᠠᠯ ᠢᠶᠠᠷ ᠠᠭᠤᠤ ᠶᠡᠭᠡ ᠪᠣᠯᠬᠤ ᠶᠢ ᠢᠯᠡᠷᠡᠭᠦᠯᠵᠦ᠂ ᠰᠢᠨ᠎ᠡ ᠳᠤᠮᠳᠠᠳᠤ ᠤᠯᠤᠰ  ᠪᠠᠶᠢᠭᠤᠯᠤᠭᠳᠠᠭᠰᠠᠨ 70  ᠵᠢᠯ ᠤᠨ ᠤᠢ ᠳᠤ ᠪᠡᠯᠡᠭ ᠬᠦᠷᠭᠡᠪᠡ᠃
     ᠺᠢᠨᠣ᠋ ᠦᠵᠡᠬᠦ ᠶᠠᠪᠤᠴᠠ ᠳᠤ᠂ ᠰᠡᠳᠬᠢᠯ ᠤᠶᠠᠷᠠᠬᠤ᠂ ᠣᠮᠣᠭᠰᠢᠬᠤ᠂ ᠳᠣᠭᠳᠣᠯᠬᠤ᠂ ᠪᠡᠶ᠎ᠡ ᠪᠠᠷ ᠢᠶᠠᠨ ᠥᠩᠭᠡᠷᠡᠭᠦᠯᠦᠭᠰᠡᠨ ᠮᠡᠲᠦ ᠰᠠᠨᠠᠭᠳᠠᠬᠤ ᠰᠡᠳᠬᠢᠭᠳᠡᠯ ᠲᠦᠷᠦᠭᠳᠡᠯ ᠡᠬᠦᠰᠴᠦ ᠦᠪᠡᠷ ᠤᠨ ᠡᠷᠬᠡ ᠦᠭᠡᠢ ᠨᠢᠯᠪᠤᠰᠤ ᠤᠨᠠᠭᠠᠨ᠂  ᠺᠢᠨᠤ᠋ ᠶᠢᠨ ᠦᠯᠢᠭᠡᠷ ᠦᠢᠯᠡ ᠶᠠᠪᠤᠳᠠᠯ ᠤᠨ ᠲᠠᠰᠤᠷᠠᠯᠲᠠ ᠦᠭᠡᠢ ᠠᠬᠢᠬᠤ ᠶᠢ ᠳᠠᠭᠠᠯᠳᠤᠨ᠂  ᠤᠯᠠᠨ   ᠤ ᠤᠯᠤᠰ ᠢᠶᠠᠨ ᠬᠠᠶᠢᠷᠠᠯᠠᠬᠤ ᠰᠡᠳᠬᠢᠯᠭᠡ ᠴᠦ ᠤᠯᠠᠮ ᠠᠴᠠ ᠤᠯᠠᠮ ᠣᠷᠭᠢᠯᠤᠨ  ᠪᠠᠳᠠᠷᠠᠭᠰᠠᠨ ᠪᠠᠶᠢᠨ᠎ᠠ᠃ ᠡᠳᠦᠷ ᠢᠷᠡᠬᠦᠶ᠎ᠡ ᠬᠦᠴᠦᠷᠬᠡᠭᠵᠢᠵᠦ ᠪᠠᠶᠢᠭ᠎ᠠ ᠡᠬᠡ ᠤᠯᠤᠰ ᠢᠶᠠᠨ ᠬᠠᠷᠠᠭᠠᠳ᠂ ᠣᠯᠠᠨ ᠢᠶᠠᠷ ᠢᠶᠠᠨ ᠣᠮᠤᠭ ᠪᠠᠭ᠋ᠠᠳᠤᠯᠲᠤ ᠰᠡᠳᠬᠢᠯᠭᠡ ᠪᠠ ᠤᠯᠤᠰ ᠲᠠᠭᠠᠨ ᠬᠠᠷᠢᠶᠠᠯᠠᠭᠳᠠᠬᠤ ᠰᠡᠳᠬᠢᠯᠭᠡ ᠲᠠᠢ ᠪᠣᠯᠵᠤ᠂ ᠪᠢᠳᠡ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠬᠦᠯᠬᠦ  ᠳᠤᠮᠳᠠᠳᠤ ᠶᠢᠨ ᠬᠦᠰᠡᠯ ᠢᠶᠠᠨ ᠪᠡᠶᠡᠯᠡᠬᠦᠯᠬᠦ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号