︽ᠠᠭᠠᠷ ᠮᠠᠨᠳᠠᠯ ᠤᠨ ᠪᠣᠬᠢᠷᠲᠤᠯ︾ ᠢ ᠰᠡᠷᠭᠡᠶᠢᠯᠡᠨ ᠵᠠᠰᠠᠬᠤ ᠳᠤ ᠲᠠ ᠡᠳᠡᠭᠡᠷ ᠢ ᠣᠶᠢᠯᠠᠭᠠᠬᠤ ᠴᠢᠬᠤᠯᠠᠳᠠᠢ ᠁
ᠨᠡᠶᠢᠲᠡᠯᠡᠭᠰᠡᠨ ᠴᠠᠭ᠄
2019/12/29
     ᠴᠡᠪᠡᠷ ᠠᠭᠠᠷ ᠮᠠᠨᠳᠠᠯ ᠤᠨ ᠪᠦᠷᠢᠯᠳᠦᠬᠦᠨ
     ᠠᠭᠠᠷ ᠮᠠᠨᠳᠠᠯ ᠪᠣᠯ ᠬᠤᠯᠢᠮᠠᠭ ᠬᠡᠢ ᠪᠡᠶᠡᠲᠦ᠂ ᠤᠰᠤᠨ ᠠᠭᠤᠷ ᠪᠠ ᠬᠤᠯᠢᠮᠠᠭ ᠪᠤᠳᠠᠰ ᠢᠶᠠᠷ ᠪᠦᠷᠢᠯᠳᠦᠭᠰᠡᠨ ᠶᠤᠮ᠃ ᠴᠡᠪᠡᠷ ᠠᠭᠠᠷ ᠮᠠᠨᠳᠠᠯ ᠨᠢ ᠭᠤᠣᠯᠳᠠᠭᠤ 78% ᠶᠢᠨ ᠠᠽᠣᠲ ᠬᠡᠢ᠂ 21% ᠶᠢᠨ ᠬᠦᠴᠢᠯᠲᠥ᠋ᠷᠦᠭᠴᠢ᠂ 0.93% ᠶᠢᠨ ᠬᠤᠪᠣᠷ ᠬᠡᠢ᠂ 0.04% ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠵᠢᠴᠢ 0.03% ᠶᠢᠨ ᠪᠤᠰᠤᠳ ᠪᠣᠳᠠᠰ ᠢᠶᠠᠷ ᠪᠦᠷᠢᠯᠳᠦᠳᠡᠭ᠃      ᠠᠭᠠᠷ ᠮᠠᠨᠳᠠᠯ ᠤᠨ ᠪᠣᠬᠢᠷᠲᠤᠯ ᠭᠡᠵᠦ ᠶᠠᠭᠤ ᠶᠢ ᠬᠡᠯᠡᠳᠡᠭ ᠪᠤᠢ
     ᠬᠦᠮᠦᠨ ᠲᠥᠷᠦᠯᠬᠢᠲᠡᠨ ᠤ ᠠᠵᠢᠯᠯᠠᠭ᠎ᠠ ᠪᠤᠶᠤ ᠪᠠᠶᠢᠭᠠᠯᠢ ᠶᠢᠨ ᠶᠠᠪᠤᠴᠠ ᠠᠴᠠ ᠪᠣᠯᠵᠤ ᠵᠠᠷᠢᠮ ᠪᠣᠳᠠᠰ ᠠᠭᠠᠷ ᠮᠠᠨᠳᠠᠯ ᠳᠤ ᠣᠷᠣᠳᠠᠭ᠂ ᠵᠢᠱᠢᠶᠡᠯᠡᠪᠡᠯ ᠨᠡᠭᠦᠷᠡᠰᠦ ᠵᠡᠷᠭᠡ ᠡᠨᠧᠷᠭᠢ ᠶᠢᠨ ᠰᠢᠲᠠᠯᠲᠠ᠂ ᠠᠵᠤ ᠦᠢᠯᠡᠳᠪᠦᠷᠢ ᠶᠢᠨ ᠦᠢᠯᠡᠳᠪᠦᠷᠢᠯᠡᠯ᠂ ᠵᠠᠮ ᠬᠠᠷᠢᠯᠴᠠᠭ᠎ᠠ ᠲᠡᠭᠡᠭᠡᠪᠦᠷᠢ᠂ ᠪᠠᠷᠢᠯᠭ᠎ᠠ ᠶᠢᠨ ᠠᠵᠢᠯ ᠬᠢᠬᠦ᠂ ᠡᠰᠢ ᠰᠦᠷᠡᠯ ᠢ ᠵᠠᠳᠠᠭᠠᠶ ᠰᠢᠲᠠᠭᠠᠬᠤ᠂ ᠫᠤᠤᠵᠢᠩ ᠲᠠᠯᠪᠢᠬᠤ ᠵᠡᠷᠭᠡ ᠶᠠᠪᠤᠴᠠ ᠳᠠᠬᠢ ᠬᠦᠬᠦᠷ ᠤᠨ ᠳᠠᠪᠬᠤᠷ ᠢᠰᠦᠯ ᠭᠠᠳᠠᠭᠰᠢᠯᠠᠭᠤᠯᠬᠤ᠂ ᠠᠽᠣᠲ ᠤᠨ ᠢᠰᠦᠯ ᠭᠠᠳᠠᠭᠰᠢᠯᠠᠭᠤᠯᠬᠤ᠂ ᠠᠭᠤᠷᠰᠢᠬᠤ ᠰᠢᠨᠵᠢ ᠲᠠᠢ ᠣᠷᠭᠠᠨᠢᠭ ᠪᠣᠳᠠᠰ᠂ ᠠᠮᠢᠨᠣ᠋᠂ ᠲᠣᠭᠤᠰᠤ᠂ ᠨᠤᠨᠲᠠᠭ ᠲᠣᠭᠤᠰᠤ ᠵᠡᠷᠭᠡ ᠠᠭᠠᠷ ᠮᠠᠨᠳᠠᠯ ᠤᠨ ᠪᠣᠬᠢᠷᠲᠤᠯ ᠪᠣᠳᠠᠰ ᠠᠭᠠᠷ ᠮᠠᠨᠳᠠᠯ ᠤᠨ ᠣᠷᠴᠢᠨ ᠲᠣᠭᠤᠷᠢᠨ ᠳᠤ ᠣᠷᠤᠳᠠᠭ᠃ ᠡᠳᠡᠭᠡᠷ ᠪᠣᠳᠠᠰ ᠤᠨ ᠥᠳᠭᠡᠴᠡ ᠨᠢ ᠬᠤᠣᠷᠲᠠᠢ ᠬᠡᠮᠵᠢᠶᠡᠨ ᠳᠤ ᠬᠦᠷᠴᠦ᠂ ᠲᠡᠷᠡᠴᠢᠯᠡᠨ ᠠᠮᠢ ᠠᠬᠤᠢ ᠶᠢᠨ ᠰᠢᠰᠲ᠋ᠧᠮ᠂ ᠬᠥᠮᠦᠨ ᠲᠥᠷᠦᠯᠬᠢᠲᠡᠨ ᠤ ᠬᠡᠪ ᠤᠨ ᠣᠷᠤᠰᠢᠨ ᠲᠣᠭᠲᠠᠨᠢᠬᠤ ᠪᠠ ᠬᠥᠭᠵᠢᠬᠦ ᠨᠥᠬᠦᠴᠡᠯ ᠢ ᠡᠪᠳᠡᠬᠦ᠂ ᠬᠥᠮᠦᠨ ᠪᠤᠶᠤ ᠪᠣᠳᠠᠰ ᠲᠤ ᠬᠤᠣᠷ ᠬᠥᠨᠦᠭᠡᠯ ᠤᠴᠠᠷᠠᠭᠤᠯᠬᠤ ᠦᠵᠡᠭᠳᠡᠯ ᠢ ᠠᠭᠠᠷ ᠮᠠᠨᠳᠠᠯ ᠤᠨ ᠪᠣᠬᠢᠷᠲᠤᠯ ᠭᠡᠳᠡᠭ᠃      ᠠᠭᠠᠷ ᠮᠠᠨᠳᠠᠯ ᠤᠨ ᠣᠷᠴᠢᠨ ᠲᠣᠭᠤᠷᠢᠨ ᠨᠢ ᠦᠪᠡᠷ ᠢ ᠪᠠᠨ ᠦᠪᠡᠷᠲᠡᠭᠡᠨ ᠴᠡᠪᠡᠷᠰᠢᠭᠦᠯᠬᠦ ᠴᠢᠳᠠᠪᠤᠷᠢ ᠲᠠᠢ
     ᠠᠭᠠᠷ ᠮᠠᠨᠳᠠᠯ ᠤᠨ ᠣᠷᠴᠢᠨ ᠲᠣᠭᠤᠷᠢᠨ ᠤ ᠲᠤᠰ ᠪᠡᠶ᠎ᠡ ᠨᠢ ᠦᠪᠡᠷ ᠢᠶᠠᠨ ᠥᠪᠡᠷ ᠢ ᠪᠠᠨ  ᠴᠡᠪᠡᠷᠰᠢᠭᠦᠯᠬᠦ ᠴᠢᠳᠠᠪᠤᠷᠢ ᠲᠠᠢ ᠪᠠᠶᠢᠵᠤ᠂ ᠠᠭᠠᠷ ᠮᠠᠨᠳᠠᠯ ᠤᠨ ᠪᠣᠬᠢᠷᠲᠤᠭᠤᠯᠤᠭᠴᠢ ᠪᠣᠳᠠᠰ ᠢ ᠰᠢᠩᠭᠡᠷᠡᠭᠦᠯᠦᠨ ᠠᠷᠢᠯᠭᠠᠬᠤ ᠪᠠ ᠴᠡᠪᠡᠷᠯᠡᠨ ᠬᠠᠶᠠᠵᠤ ᠪᠣᠯᠤᠨ᠎ᠠ᠃ ᠠᠭᠠᠷ ᠮᠠᠨᠳᠠᠯ ᠤᠨ ᠣᠷᠴᠢᠨ ᠲᠣᠭᠤᠷᠢᠨ ᠤ ᠦᠪᠡᠷ ᠢ ᠪᠠᠨ ᠴᠡᠪᠡᠷᠰᠢᠭᠦᠯᠬᠦ ᠴᠢᠳᠠᠪᠤᠷᠢ ᠨᠢ ᠳᠤᠯᠠᠭᠠᠨ ᠤ ᠬᠡᠮᠵᠢᠶᠡᠨ ᠤ ᠳᠠᠪᠬᠤᠷᠭ᠎ᠠ᠂ ᠰᠠᠯᠬᠢᠨ ᠤ ᠴᠢᠭᠯᠡᠯ᠂ ᠰᠠᠯᠬᠢᠨ ᠤ ᠬᠤᠷᠳᠤᠴᠠ᠂ ᠴᠢᠭᠢᠭ ᠤᠨ ᠬᠡᠮᠵᠢᠶ᠎ᠡ᠂ ᠬᠥᠷᠦᠰᠦᠨ ᠤ ᠰᠢᠨᠵᠢ ᠴᠢᠨᠠᠷ ᠵᠡᠷᠭᠡ ᠳᠤ ᠨᠥᠯᠦᠭᠡᠯᠡᠭᠳᠡᠳᠡᠭ᠃
     ᠰᠥᠷᠭᠡᠦ ᠳᠤᠯᠠᠭᠠᠨ ᠤ ᠦᠵᠡᠭᠳᠡᠯ ᠡᠭᠦᠰᠬᠦ ᠦᠶᠡᠰ ᠠᠭᠠᠷ ᠤᠨ ᠡᠭᠴᠡ ᠰᠣᠯᠢᠯᠴᠠᠭ᠎ᠠ ᠰᠠᠭᠠᠳ ᠲᠤ ᠤᠴᠠᠷᠠᠨ ᠂ ᠪᠣᠬᠢᠷ ᠪᠣᠳᠠᠰ ᠨᠢ ᠵᠥᠪᠬᠡᠨ ᠰᠥᠷᠭᠡᠦ ᠳᠤᠯᠠᠭᠠᠨ ᠤ ᠳᠠᠪᠬᠤᠷᠭ᠎ᠠ ᠠᠴᠠ ᠳᠣᠷᠤᠭᠰᠢᠬᠢ ᠠᠭᠠᠷ ᠤᠨ ᠣᠷᠴᠢᠨ ᠲᠣᠭᠤᠷᠢᠨ ᠳᠤ ᠰᠢᠩᠭᠡᠷᠡᠨ ᠬᠤᠯᠢᠯᠳᠤᠵᠤ᠂ ᠰᠥᠷᠭᠡᠦ ᠳᠤᠯᠠᠭᠠᠨ ᠤ ᠳᠠᠪᠬᠤᠷᠭ᠎ᠠ ᠨᠢ ᠤᠯᠠᠮ ᠳᠣᠣᠷ᠎ᠠ  ᠪᠣᠯ ᠪᠣᠬᠢᠷ ᠪᠣᠳᠠᠰ ᠤᠨ ᠰᠢᠩᠭᠡᠷᠡᠨ ᠬᠤᠯᠢᠯᠳᠣᠬᠤ ᠣᠷᠤᠨ ᠵᠠᠢ ᠨᠢ ᠲᠡᠳᠦᠢ ᠪᠠᠭ᠎ᠠ ᠪᠣᠯᠵᠤ᠂ ᠠᠭᠠᠷ ᠤᠨ ᠪᠣᠬᠢᠷᠲᠤᠯ ᠬᠦᠨᠳᠦ ᠨᠣᠴᠢᠲᠠᠢ ᠪᠣᠯᠳᠠᠭ᠃      ᠠᠭᠠᠷ ᠮᠠᠨᠳᠠᠯ ᠤᠨ ᠪᠣᠬᠢᠷᠲᠤᠯ ᠤᠨ ᠪᠦᠷᠢᠯᠳᠦᠯ
     ᠰᠠᠯᠬᠢᠨ ᠤ ᠬᠤᠷᠳᠤᠴᠠ ᠪᠠᠭᠠᠰᠬᠤ ᠶᠢ ᠳᠠᠭᠠᠯᠳᠤᠨ᠂ ᠪᠣᠬᠢᠷᠲᠤᠯ ᠪᠣᠳᠠᠰ ᠤᠨ ᠬᠡᠪᠲᠡᠭᠡ ᠴᠢᠭᠯᠡᠯ ᠤᠨ ᠵᠥᠭᠡᠭᠡᠪᠦᠷᠢᠯᠡᠯᠲᠡ ᠤᠳᠠᠭᠠᠰᠢᠷᠠᠵᠤ᠂ ᠡᠭᠦᠨ ᠤ ᠳᠡᠭᠡᠷ᠎ᠡ ᠠᠰᠢᠭ ᠦᠭᠡᠢ ᠭᠠᠵᠠᠷ ᠤᠨ ᠪᠠᠶᠢᠴᠠ ᠲᠠᠢ ᠠᠭᠤᠯᠠ ᠶᠢᠨ ᠤᠷᠢᠳᠤ ᠲᠠᠯ᠎ᠠ ᠶᠢᠨ ᠬᠤᠷᠢᠭᠯᠠᠯᠲᠠ ᠵᠡᠷᠭᠡ ᠰᠢᠯᠲᠠᠭᠠᠨ ᠠᠴᠠ  ᠪᠣᠬᠢᠷᠲᠤᠯ ᠪᠣᠳᠠᠰ ᠴᠠᠭ ᠲᠤᠬᠠᠢ ᠳᠤ ᠪᠠᠨ ᠰᠠᠷᠨᠢᠵᠤ ᠴᠢᠳᠠᠬᠤ ᠦᠭᠡᠢ᠂ ᠪᠣᠬᠢᠷᠲᠤᠯ ᠢ ᠤᠯᠠᠮ ᠠᠴᠠ ᠤᠯᠠᠮ ᠬᠦᠨᠳᠦ ᠨᠣᠴᠢᠲᠠᠢ ᠪᠣᠯᠭᠠᠳᠠᠭ᠃  
     ᠠᠰᠢᠭ ᠦᠭᠡᠶ ᠴᠠᠭ ᠠᠭᠤᠷ ᠤᠨ ᠨᠥᠬᠦᠴᠡᠯ ᠡᠭᠦᠰᠬᠦ ᠦᠶ᠎ᠡ ᠳᠤ ᠬᠡᠷᠪᠡ ᠬᠥᠮᠦᠨ ᠤ ᠵᠣᠷᠢᠭᠤᠳᠠ ᠶᠢᠨ ᠦᠢᠯᠡᠳᠪᠦᠷᠢᠯᠡᠯ ᠪᠠ ᠠᠮᠢᠳᠤᠷᠠᠯ ᠤᠨ ᠠᠵᠢᠯᠯᠠᠭ᠎ᠠ ᠥᠩᠭᠡᠷᠡᠭᠰᠡᠨ ᠤ ᠬᠢ ᠲᠠᠢ ᠪᠠᠨ ᠠᠳᠠᠯᠢ ᠪᠠᠷ ᠪᠣᠬᠢᠷᠲᠤᠯ ᠪᠣᠳᠠᠰ ᠢ ᠠᠭᠠᠷ ᠤᠨ ᠣᠷᠴᠢᠨ ᠲᠣᠭᠤᠷᠢᠨ ᠳᠤ ᠭᠠᠳᠠᠭᠰᠢᠯᠠᠭᠤᠯᠬᠤ ᠳᠤ ᠬᠦᠷᠪᠡᠯ᠂ ᠪᠣᠬᠢᠷᠲᠤᠯ ᠨᠢ ᠦᠷᠭᠦᠯᠵᠢᠯᠡᠨ ᠬᠤᠷᠠᠮᠳᠤᠵᠤ ᠬᠡᠴᠡᠭᠦᠳᠡᠬᠦ ᠶᠢᠨ ᠬᠠᠮᠲᠤ ᠶᠡᠬᠡᠲᠦᠨ᠂ ᠪᠣᠬᠢᠷᠲᠤᠯ ᠨᠢ ᠵᠠᠯᠭᠠᠯᠳᠤᠭᠰᠠᠨ ᠬᠡᠰᠡᠭ ᠪᠣᠯᠵᠤ᠂ ᠪᠤᠬᠢᠷᠳᠤᠯᠲᠤ ᠠᠭᠠᠷ ᠤᠨ ᠪᠦᠭᠡᠮ ᠰᠠᠯᠬᠢᠨ ᠤ ᠤᠷᠤᠰᠬᠠᠯ ᠢ ᠳᠠᠭᠠᠯᠳᠤᠨ᠂ ᠶᠡᠭᠡ ᠬᠡᠪᠴᠢᠶᠡᠨ ᠤ ᠣᠷᠣᠨ ᠪᠦᠰᠡ ᠶᠢᠨ ᠴᠢᠨᠠᠷᠲᠠᠶ  ᠬᠦᠨᠳᠦ ᠨᠣᠴᠢᠲᠠᠢ ᠠᠭᠠᠷ ᠤᠨ ᠪᠣᠬᠢᠷᠲᠤᠯ ᠢ ᠪᠤᠢ ᠪᠣᠯᠭᠠᠨ᠎ᠠ᠃      ᠮᠠᠨ ᠤ ᠤᠯᠤᠰ ᠤᠨ ᠠᠭᠠᠷ ᠮᠠᠨᠳᠠᠯ ᠤᠨ ᠪᠤᠬᠢᠷᠲᠤᠯ ᠢ ᠰᠡᠷᠭᠡᠶᠢᠯᠡᠨ ᠵᠠᠰᠠᠬᠤ
     ᠮᠠᠨ ᠤ ᠤᠯᠤᠰ ᠬᠠᠤᠯᠢ ᠲᠣᠭᠲᠠᠭᠠᠬᠤ᠂ ᠰᠢᠷᠢᠰ ᠪᠠᠷᠢᠮᠵᠢᠶ᠎ᠠ ᠲᠣᠭᠲᠠᠭᠠᠬᠤ ᠪᠠ ᠲᠥᠯᠥᠪᠵᠢᠭᠦᠯᠭᠡ ᠪᠠᠷ ᠳᠠᠮᠵᠢᠭᠤᠯᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠨ᠎ᠠ᠃ ᠡᠭᠦᠨ ᠤ ᠵᠣᠷᠢᠯᠭ᠎ᠠ ᠨᠢ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠰᠠᠶᠢᠵᠢᠷᠠᠭᠤᠯᠵᠤ᠂ ᠣᠯᠠᠨ ᠨᠡᠶᠢᠲᠡ ᠶᠢᠨ ᠡᠷᠡᠭᠦᠯ ᠮᠡᠨᠳᠦ ᠶᠢ ᠬᠠᠮᠠᠭᠠᠯᠠᠬᠤ ᠶᠢᠨ ᠲᠥᠯᠦᠭᠡ ᠶᠤᠮ᠃
     ᠠᠵᠤ ᠦᠢᠯᠡᠰ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠬᠡᠷᠡᠭᠲᠡᠶ᠃ ︽ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠦᠭᠡᠢ᠂ ᠪᠣᠬᠢᠷᠲᠤᠯ ᠶᠡᠬᠡᠲᠡᠶ︾ ᠠᠵᠤ ᠠᠬᠤᠶᠢᠯᠠᠯ ᠢ ᠴᠡᠭᠴᠡᠯᠡᠨ ᠵᠠᠰᠠᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠭᠠᠳᠠᠭᠰᠢᠯᠠᠭᠤᠯᠬᠤ ᠶᠢ ᠪᠠᠷᠢᠮᠵᠢᠶ᠎ᠠ ᠳᠤ ᠬᠦᠷᠦᠭᠦᠯᠦᠨ᠎ᠡ᠃ ᠡᠨᠧᠷᠭᠢ ᠶᠢᠨ ᠰᠤᠷᠪᠤᠯᠵᠢ ᠶᠢᠨ ᠪᠦᠲᠦᠴᠡ ᠶᠢ ᠰᠢᠯᠢᠳᠡᠭᠵᠢᠭᠦᠯᠦᠨ᠎ᠡ᠃ ᠨᠡᠭᠦᠷᠡᠰᠦ ᠰᠢᠲᠠᠭᠠᠬᠤ ᠵᠢᠵᠢᠭ ᠵᠤᠤᠬ᠎ᠠ ᠶᠢ ᠰᠢᠭᠰᠢᠭᠳᠡᠭᠦᠯᠦᠨ ᠥᠭᠡᠷᠡᠴᠢᠯᠡᠬᠦ ᠶᠢ ᠲᠦᠯᠬᠢᠨ ᠠᠬᠢᠭᠤᠯᠬᠤ ᠬᠡᠷᠡᠭᠲᠡᠶ᠃ ᠴᠡᠪᠡᠷ ᠡᠨᠧᠷᠭᠢ ᠶᠢᠨ ᠰᠤᠷᠪᠤᠯᠵᠢ ᠶᠢ ᠬᠦᠴᠦᠯᠡᠨ ᠬᠥᠭᠵᠢᠭᠦᠯᠬᠦ ᠬᠡᠷᠡᠭᠲᠡᠶ᠃
     ᠲᠡᠭᠡᠭᠡᠪᠦᠷᠢ ᠶᠢᠨ ᠪᠦᠲᠦᠴᠡ ᠶᠢ ᠰᠢᠯᠢᠳᠡᠭᠵᠢᠭᠦᠯᠬᠦ ᠬᠡᠷᠡᠭᠲᠡᠶ᠃ ᠴᠠᠶᠢᠶ᠋ᠢᠤ ᠲᠣᠰᠣᠨ ᠤ ᠪᠠᠷᠠᠭᠠᠨ ᠤ ᠲᠡᠷᠭᠡ ᠪᠠᠷᠢᠮᠵᠢᠶ᠎ᠠ ᠠᠴᠠ ᠬᠡᠲᠦᠷᠡᠭᠦᠯᠦᠨ ᠭᠠᠳᠠᠭᠰᠢᠯᠠᠭᠤᠯᠬᠤ ᠲᠤᠰᠬᠠᠶ ᠵᠦᠢᠯ ᠤᠨ ᠴᠡᠭᠴᠡᠯᠡᠨ ᠵᠠᠰᠠᠯᠲᠠ ᠶᠢ ᠥᠷᠨᠢᠭᠦᠯᠬᠦ ᠬᠡᠷᠡᠭᠲᠡᠶ᠃ ᠭᠠᠵᠠᠷ ᠰᠢᠷᠣᠶ ᠬᠡᠷᠡᠭᠯᠡᠬᠦ ᠪᠦᠲᠦᠴᠡ ᠶᠢ ᠰᠢᠯᠢᠳᠡᠭᠵᠢᠭᠦᠯᠬᠦ ᠬᠡᠷᠡᠭᠲᠡᠶ᠃ ᠬᠤᠲᠠ ᠶᠢᠨ ᠮᠠᠨᠠᠷᠠᠬᠤ ᠲᠣᠭᠤᠰᠣ ᠶᠢ ᠶᠡᠷᠦᠩᠬᠡᠶᠢᠯᠡᠨ ᠵᠠᠰᠠᠬᠤ ᠬᠡᠷᠡᠭᠲᠡᠶ᠃
     ᠬᠢᠨᠠᠨ ᠪᠠᠶᠢᠴᠠᠭᠠᠵᠤ ᠲᠣᠭᠤᠷᠢᠨ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠶ᠃ ᠬᠠᠤᠯᠢ ᠶᠣᠰᠣᠭᠠᠷ ᠬᠢᠨᠠᠯᠲᠠ ᠲᠠᠯᠪᠢᠵᠤ ᠬᠠᠮᠢᠶᠠᠷᠬᠤ ᠶᠢ ᠴᠢᠩᠳᠠᠯᠠᠬᠤ ᠬᠡᠷᠡᠭᠲᠡᠶ᠃     ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠭᠰᠠᠨ ᠦᠷ᠎ᠡ ᠪᠦᠲᠦᠮᠵᠢ
     ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠤᠭᠰᠠᠨ ᠪᠠᠢᠨ᠎ᠠ᠃ 2013 ᠣᠨ ᠯᠤᠭ᠎ᠠ ᠬᠠᠷᠢᠴᠠᠭᠤᠯᠪᠠᠯ᠂ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ ᠤ ᠭᠤᠷᠪᠠᠯᠵᠢᠨ ᠬᠤᠶᠢᠭ ᠪᠣᠯᠤᠨ ᠵᠦᠵᠢᠶᠠᠩ ᠮᠥᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠤ ᠠᠭᠠᠷ ᠮᠠᠨᠳᠠᠯ ᠤᠨ P M 2.5 ᠵᠢᠯ ᠤᠨ ᠳᠤᠮᠳᠠᠴᠢ ᠦᠳᠬᠡᠴᠡ ᠶᠢᠨ ᠬᠡᠮᠵᠢᠶ᠎ᠡ ᠲᠤᠰ ᠪᠦᠷᠢ 39.6 %᠂ 34.3 % ᠪᠠ 27.7 % ᠪᠠᠭᠤᠷᠠᠵᠠᠶ᠃
     ᠪᠦᠬᠦ ᠤᠯᠤᠰ ᠤᠨ 74 ᠭᠤᠤᠯᠳᠠᠯᠭ᠎ᠠ ᠲᠠᠢ ᠬᠤᠳᠠ ᠶᠢᠨ ᠬᠦᠨᠳᠦ ᠪᠣᠬᠢᠷᠲᠤᠯ ᠲᠠᠢ ᠡᠳᠦᠷ ᠤᠨ ᠲᠤᠭ᠎ᠠ 51.8 % ᠪᠠᠷ ᠪᠠᠭᠠᠰᠪᠠ᠃ ᠲᠡᠭᠡᠪᠡᠯ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ‌ᠵᠠᠰᠠᠬᠤ ᠳᠤ ᠪᠢᠳᠡ ᠶᠠᠭᠤ ᠬᠢᠵᠦ ᠴᠢᠳᠠᠬᠤ ᠪᠤᠢ  ︖
     ᠰᠠᠶᠢᠨ  ᠰᠠᠶᠢᠬᠠᠨ ᠠᠮᠢ ᠠᠬᠤᠢ ᠣᠷᠴᠢᠨ ᠲᠣᠭᠤᠷᠢᠨ ᠪᠣᠯ ᠠᠷᠠᠳ ᠤᠨ ᠠᠮᠢᠳᠤᠷᠠᠯ ᠤᠨ ᠬᠠᠮᠤᠭ ᠤᠨ ᠲᠥᠭᠡᠮᠡᠯ ᠪᠤᠶᠠᠨ ᠬᠡᠰᠢᠭ ᠮᠦᠨ᠃ ᠠᠭᠠᠷ ᠤᠨ ᠴᠢᠨᠠᠷ ᠴᠢᠨᠰᠠᠭ᠎ᠠ ᠶᠢ ᠠᠩᠬᠠᠷᠬᠤ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠳᠤ ᠬᠥᠮᠦᠨ ᠪᠦᠬᠦᠨ ᠬᠠᠷᠢᠭᠤᠴᠠᠯᠭ᠎ᠠ ᠲᠠᠢ᠃
     ᠪᠣᠬᠢᠷᠲᠤᠯ ᠦᠭᠡᠶ ᠶᠠᠪᠤᠵᠤ ᠰᠠᠭᠤᠬᠤ ᠶᠢ ᠰᠠᠨᠠᠭᠠᠴᠢᠯᠠᠨ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠡᠷᠡᠭᠲᠡᠶ᠃
     ᠠᠷᠪᠢᠴᠢ ᠭᠠᠮᠳᠠᠢ ᠠᠮᠢᠳᠤᠷᠠᠯ ᠢ ᠤᠷᠢᠶᠠᠯᠠᠵᠤ᠂ ᠴᠠᠬᠢᠯᠭᠠᠨ ᠢ ᠠᠷᠪᠢᠯᠠᠬᠤ ᠳᠠᠳᠬᠠᠯ ᠢ ᠬᠦᠮᠦᠵᠢᠭᠦᠯᠬᠦ ᠬᠡᠷᠡᠭᠳᠡᠢ
     ᠪᠣᠬᠢᠷᠲᠤᠯ ᠤᠨ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠁ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠬᠠᠮᠲᠤᠪᠠᠷ ᠪᠠᠶᠢᠭᠤᠯᠤᠨ᠎ᠠ᠃
     ᠪᠢᠳᠡ ᠭᠠᠷ ᠭᠠᠷ ᠢᠶᠠᠨ ᠬᠤᠯᠪᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠢᠯᠡᠨ ᠵᠠᠰᠠᠬᠤ ᠠᠵᠢᠯ ᠢ ᠣᠶᠢᠯᠠᠭᠠᠨ ᠲᠡᠮᠵᠢᠵᠦ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠳᠤ ᠣᠷᠣᠯᠴᠠᠶ᠎ᠠ᠂ ᠴᠡᠯᠮᠡᠭ ᠬᠥᠬᠡ ᠣᠭᠲᠠᠷᠭᠤᠶ ᠲᠠ ᠪᠢᠳᠡᠨ ᠤ ᠴᠢᠷᠮᠠᠶᠢᠯᠭ᠎ᠠ ᠳᠤ ᠲᠦᠰᠢᠭᠯᠡᠨ᠎ᠡ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号