ᠦᠬᠠᠢ ᠬᠤᠲᠠ ᠵᠢᠴᠢ ᠡᠷᠭᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠬᠠᠮᠲᠤᠷᠠᠨ ᠵᠠᠰᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019/2/6
     2018 ᠣᠨ ᠤ 12 ᠰᠠᠷ᠎ᠠ ᠶᠢᠨ 27 ᠤ ᠡᠳᠦᠷ᠂ ᠦᠬᠠᠢ ᠬᠤᠲᠠ ᠵᠢᠴᠢ ᠡᠷᠭᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠬᠠᠮᠳᠤᠷᠠᠨ ᠵᠠᠰᠠᠬᠤ ᠠᠵᠢᠯ ᠢ ᠠᠬᠢᠭᠤᠯᠬᠤ ᠬᠤᠷᠠᠯ ᠦᠬᠠᠢ ᠬᠤᠲᠠ ᠳᠤ ᠬᠤᠷᠠᠯᠳᠤᠪᠠ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠤᠤ ᠭᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠪᠤᠤ ᠭᠠᠩ ᠵᠢᠭᠠᠵᠤ ᠭᠠᠷᠭᠠᠭᠰᠠᠨ ᠨᠢ᠂ ᠦᠬᠠᠢ ᠵᠢᠴᠢ ᠡᠷᠭᠢᠨ ᠲᠣᠭᠤᠷᠢᠨ ᠤ ᠭᠠᠵᠠᠷ ᠣᠷᠣᠨ ᠪᠣᠯ ᠪᠦᠬᠦ ᠣᠷᠣᠨ ᠤ ᠬᠥᠬᠡ ᠣᠭᠲᠠᠷᠭᠤᠢ ᠶᠢ ᠬᠠᠮᠠᠭᠠᠯᠠᠬᠤ ᠲᠠᠶᠢᠯᠠᠯᠳᠤᠭᠠᠨ ᠤ ᠢᠯᠠᠯᠲᠠ ᠶᠢ ᠣᠯᠬᠤ ᠭᠤᠣᠯᠳᠠᠯᠭ᠎ᠠ ᠲᠠᠢ ᠣᠷᠣᠨ ᠪᠦᠰᠡ ᠪᠣᠯᠤᠨ᠎ᠠ᠂ ᠣᠶᠢᠷ᠎ᠠ ᠶᠢᠨ ᠬᠡᠳᠦᠨ ᠵᠢᠯ ᠤᠨ ᠦᠷᠭᠦᠯᠵᠢᠯᠡᠨ ᠵᠠᠰᠠᠬᠤ ᠪᠠᠷ ᠳᠠᠮᠵᠢᠭᠠᠳ᠂ ᠣᠷᠣᠨ ᠪᠦᠰᠡ ᠶᠢᠨ ᠣᠷᠴᠢᠨ ᠲᠣᠭᠤᠷᠢᠨ ᠤ ᠶᠠᠰᠤ ᠴᠢᠨᠠᠷ ᠨᠡᠯᠢᠶᠡᠳ ᠶᠡᠭᠡ ᠰᠠᠶᠢᠵᠢᠷᠠᠵᠠᠢ᠃ ᠤᠯᠤᠰ ᠲᠥᠷᠥ ᠶᠢᠨ ᠵᠤᠭᠰᠤᠴᠠ ᠪᠠᠨ ᠦᠨᠡᠨᠬᠦ ᠳᠡᠭᠡᠭᠰᠢᠯᠡᠭᠦᠯᠵᠦ᠂ ᠣᠷᠣᠰᠢᠵᠤ ᠪᠠᠶᠢᠭ᠎ᠠ ᠳᠣᠪᠤᠶᠢᠮ᠎ᠠ ᠠᠰᠠᠭᠤᠳᠠᠯ ᠢ ᠲᠣᠳᠣᠷᠬᠠᠢ ᠲᠠᠨᠢᠵᠤ ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠠᠵᠢᠯ ᠤᠨ ᠪᠠᠴᠢᠮ ᠲᠤᠯᠭᠠᠮ᠎ᠠ ᠰᠡᠳᠬᠢᠯᠭᠡ ᠪᠠᠷ ᠡᠨᠡ ᠤᠳᠠᠭᠠᠨ ᠤ ᠳᠠᠶᠢᠯᠠᠯᠳᠤᠭᠠᠨ ᠳᠤ ᠢᠯᠠᠯᠲᠠ ᠣᠯᠬᠤ ᠬᠡᠷᠡᠭᠲᠡᠢ ᠭᠡᠪᠡ᠃      ᠪᠤᠤ ᠭᠠᠩ ᠴᠢᠬᠤᠯᠠᠴᠢᠯᠠᠭᠰᠠᠨ ᠨᠢ᠂ ᠦᠬᠠᠢ ᠵᠢᠴᠢ ᠡᠷᠭᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠵᠠᠰᠠᠬᠤ ᠪᠣᠯ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ ᠪᠠᠶᠢᠵᠤ᠂ ᠭᠠᠵᠠᠷ ᠣᠷᠣᠨ᠂ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠤᠳ ᠨᠢᠭᠡᠳᠦᠯᠲᠡᠢ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ᠂ ᠵᠣᠬᠢᠴᠠᠯᠳᠤᠨ ᠬᠠᠮᠲᠤᠷᠠᠨ ᠬᠥᠳᠡᠯᠦᠯᠴᠡᠵᠦ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠠᠵᠢᠯ ᠤᠨ ᠭᠤᠣᠯᠳᠠᠯᠭ᠎ᠠ ᠪᠠᠨ ᠳᠣᠪᠤᠶᠢᠯᠭᠠᠵᠤ᠂ ᠠᠭᠤᠷᠬᠠᠢ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠤᠭᠳᠠᠭᠰᠠᠨ ᠪᠠᠷᠢᠮᠵᠢᠶ᠎ᠠ ᠳᠤ ᠬᠦᠷᠬᠡᠨ ᠭᠠᠳᠠᠭᠰᠢᠯᠠᠭᠤᠯᠬᠤ ᠶᠢ ᠦᠨᠡᠨᠬᠦ ᠪᠠᠲᠤᠯᠠᠵᠤ᠂ ᠡᠪᠦᠯ ᠤᠨ ᠤᠯᠠᠷᠢᠯ ᠤᠨ ᠨᠡᠬᠦᠷᠡᠰᠦᠨ ᠤ ᠰᠢᠳᠠᠭᠠᠯᠭ᠎ᠠ ᠶᠢ ᠵᠠᠰᠠᠬᠤ ᠶᠢ ᠲᠦᠯᠬᠢᠨ ᠠᠬᠢᠭᠤᠯᠵᠤ᠂ ᠰᠢᠯᠵᠢᠮᠡᠯ ᠪᠣᠬᠢᠷᠲᠤᠯ ᠤᠨ ᠰᠤᠷᠪᠤᠯᠵᠢ ᠶᠢ ᠵᠠᠰᠠᠬᠤ ᠶᠢ ᠴᠢᠩᠭᠠᠳᠬᠠᠨ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠪᠠ ᠪᠣᠬᠢᠷᠲᠤᠯ ᠥᠬᠡᠢ ᠬᠥᠭᠵᠢᠬᠦ ᠶᠢ ᠲᠦᠷᠭᠡᠳᠬᠡᠵᠦ᠂ ᠵᠠᠷᠯᠠᠨ ᠮᠡᠳᠡᠭᠳᠡᠵᠦ ᠬᠠᠷᠢᠭᠤᠴᠠᠯᠭ᠎ᠠ ᠬᠡᠯᠡᠯᠴᠡᠬᠦ ᠡᠷᠴᠢᠮ ᠢ ᠴᠢᠩᠭᠠᠷᠠᠭᠤᠯᠤᠨ᠂ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠬᠠᠮᠳᠤᠷᠠᠨ ᠵᠠᠰᠠᠬᠤ  ᠡᠯ᠎ᠡ ᠵᠦᠢᠯ ᠤᠨ ᠠᠵᠢᠯ ᠢ ᠦᠨᠡᠨᠬᠦ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠦᠬᠠᠢ ᠵᠢᠴᠢ ᠡᠷᠭᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠨ ᠱᠠᠭᠠᠷᠳᠠᠨ ᠪᠠᠶᠢᠴᠠᠭᠠᠭᠰᠠᠨ ᠪᠠᠶᠢᠳᠠᠯ ᠢ ᠮᠡᠳᠡᠭᠳᠡᠵᠦ᠂ ᠦᠬᠠᠢ ᠬᠤᠲᠠ᠂ ᠣᠷᠳᠣᠰ ᠬᠤᠲᠠ᠂ ᠠᠯᠠᠱᠠ ᠠᠶᠢᠮᠠᠭ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠪᠣᠯᠤᠨ ᠬᠡᠰᠡᠭ ᠠᠵᠤ ᠠᠬᠤᠶᠢᠯᠠᠯ ᠤᠨ ᠣᠪᠣᠷ ᠢᠶᠠᠨ ᠢᠯᠡᠳᠭᠡᠭᠰᠡᠨ ᠶᠠᠷᠢᠶ᠎ᠠ ᠶᠢ ᠰᠣᠨᠣᠰᠪᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号