ᠱᠠᠨ ᠰᠢ ᠮᠤᠵᠢ ᠶᠢᠨ ᠠᠮᠢ ᠠᠬᠤᠶ ᠣᠷᠴᠢᠨ ᠲᠣᠭᠤᠷᠢᠨ ᠤ ᠰᠢᠰᠲ᠋ᠧᠮ ᠠᠮᠢ ᠠᠬᠤᠶ ᠣᠷᠴᠢᠨ ᠲᠣᠭᠤᠷᠢᠨ ᠤ ᠬᠦᠷᠢᠶ᠎ᠡ ᠬᠡᠪᠴᠢᠶᠡᠨ ᠳᠠᠬᠢ ᠲᠦᠭᠰᠢᠭᠦᠷᠢᠲᠦ ᠬᠡᠮ ᠰᠣᠭᠤᠭ ᠤᠨ ᠶᠡᠭᠡ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2020/10/15
   10 ᠰᠠᠷ᠎ᠠ ᠶᠢᠨ 3 ᠤ ᠡᠳᠦᠷ᠂ ᠱᠠᠨ ᠰᠢ ᠮᠤᠵᠢ ᠶᠢᠨ ᠠᠮᠢ ᠠᠬᠤᠶ ᠣᠷᠴᠢᠨ ᠲᠣᠭᠤᠷᠢᠨ ᠤ ᠲᠢᠩᠬᠢᠮ ᠪᠠᠴᠢᠮ ᠬᠤᠷᠠᠯ ᠬᠤᠷᠠᠯᠳᠤᠭᠤᠯᠵᠤ᠂ ᠮᠤᠵᠢ ᠶᠢᠨ ᠵᠠᠰᠠᠭ ᠤᠨ ᠣᠷᠳᠣᠨ ᠤ ᠠᠶᠤᠯᠭᠦᠶ ᠦᠢᠯᠡᠳᠪᠤᠷᠢᠯᠡᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠨᠠᠶᠢᠳᠠᠪᠤᠷᠢᠵᠢᠭᠤᠯᠬᠤ ᠶᠢᠨ ᠬᠠᠮᠲᠤ ᠲᠤᠰ ᠡᠳᠦᠷ ᠠᠴᠠ ᠡᠬᠢᠯᠡᠨ᠂ ᠪᠥᠬᠦ ᠮᠤᠵᠢ ᠶᠢᠨ ᠠᠮᠢ ᠠᠬᠤᠶ ᠣᠷᠴᠢᠨ ᠲᠣᠭᠤᠷᠢᠨ ᠤ ᠰᠢᠰᠲ᠋ᠧᠮ ᠳᠤ ᠣᠷᠴᠢᠨ ᠲᠣᠭᠤᠷᠢᠨ ᠤ ᠠᠶᠤᠯᠭᠦᠶ  ᠦᠢᠯᠡᠳᠪᠤᠷᠢᠯᠡᠯ ᠤᠨ ᠲᠦᠭᠰᠢᠭᠦᠷᠢᠲᠦ ᠬᠡᠮ ᠰᠣᠭᠤᠭ ᠤᠨ ᠶᠡᠭᠡ ᠪᠠᠶᠢᠴᠠᠭᠠᠯᠲᠠ ᠥᠷᠨᠢᠭᠦᠯᠬᠦ ᠪᠠᠷ ᠲᠣᠭᠲᠠᠪᠠ᠃    ᠬᠤᠷᠠᠯ ᠠᠴᠠ᠂ ᠮᠣᠵᠢ᠂ ᠬᠤᠲᠠ᠂ ᠰᠢᠶᠠᠨ ᠭᠤᠷᠪᠠᠨ ᠱᠠᠲᠤᠨ ᠤ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ ᠮᠥᠴᠢᠷ ᠨᠢ ᠲᠤᠰᠬᠠᠶ ᠬᠦᠴᠦᠨ ᠢ ᠵᠣᠬᠢᠶᠠᠨ ᠪᠠᠶᠢᠭᠤᠯᠵᠤ᠂ ᠤᠳᠤᠷᠢᠳᠤᠯᠭ᠎ᠠ ᠠᠴᠠ ᠪᠦᠯᠬᠦᠮ ᠳᠠᠭᠠᠭᠤᠯᠤᠨ᠂ ᠠᠵᠢᠯ  ᠤᠨ ᠡᠮᠦᠨ᠎ᠡ ᠹᠷᠣᠨᠲ ᠲᠤ ᠭᠦᠨᠵᠡᠭᠡᠶᠢᠷᠡᠵᠦ᠂ ᠣᠷᠴᠢᠨ ᠲᠣᠭᠤᠷᠢᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠨᠠᠷᠢᠨ ᠬᠢᠨᠠᠮᠠᠭᠠᠶ ᠵᠢᠭᠰᠠᠭᠠᠨ ᠪᠠᠶᠢᠴᠠᠭᠠᠵᠤ᠂ ᠬᠡᠮ ᠰᠣᠭᠤᠭ ᠢ ᠶᠠᠭᠠᠬᠢᠭᠰᠠᠨ ᠴᠤ ᠣᠷᠬᠢᠭᠳᠠᠭᠤᠯᠵᠤ ᠪᠣᠯᠬᠤ ᠥᠬᠡᠶ︔ ᠠᠵᠤ ᠠᠬᠤᠶᠢᠯᠠᠯ ᠤᠨ ᠣᠷᠴᠢᠨ ᠲᠣᠭᠤᠷᠢᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠪᠣᠳᠠᠲᠠᠶᠢᠵᠢᠭᠤᠯᠵᠤ᠂ ᠠᠵᠤ ᠠᠬᠤᠶᠢᠯᠠᠯ ᠢ ᠱᠠᠭᠠᠷᠳᠠᠨ ᠪᠠᠷᠢᠮᠵᠢᠶᠠᠨ ᠳᠤ ᠬᠦᠷᠭᠡᠵᠦ᠂ ᠠᠰᠠᠭᠤᠳᠠᠯ ᠲᠠᠢ ᠠᠵᠤ ᠠᠬᠤᠶᠢᠯᠠᠯ ᠢ ᠡᠷᠡᠰ ᠴᠢᠩᠭ᠎ᠠ ᠪᠠᠶᠢᠴᠠᠭᠠᠨ ᠬᠦᠨᠳᠦ ᠪᠠᠷ ᠰᠢᠢᠳᠭᠡᠵᠦ᠂ ᠥᠴᠦᠬᠡᠨ ᠴᠦ ᠨᠠᠶᠢᠷ ᠲᠠᠯᠪᠢᠵᠤ ᠪᠣᠯᠬᠤ ᠦᠭᠡᠢ︔ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠵᠤ᠂ ᠣᠨᠴᠠᠭᠠᠶᠢᠯᠠᠨ ᠰᠢᠶᠠᠨ ᠤ ᠱᠠᠲᠤᠨ ᠤ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠪᠠᠨ ᠰᠠᠨᠠᠭᠠᠴᠢᠯᠠᠭ᠎ᠠ ᠠᠴᠠ ᠪᠠᠨ ᠬᠦᠢᠴᠡᠳᠭᠡᠵᠦ ᠠᠵᠢᠯ ᠤᠨ ᠠᠷᠭ᠎ᠠ ᠠᠪᠴᠠᠯ ᠢᠶᠠᠨ ᠨᠠᠷᠢᠯᠢᠭᠵᠢᠭᠤᠯᠤᠨ᠂ ᠣᠷᠴᠢᠨ ᠲᠣᠭᠤᠷᠢᠨ ᠤ ᠠᠮᠤᠷ ᠲᠦᠪᠰᠢᠨ ᠤ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠠᠳᠬᠤᠵᠤ᠂ ᠣᠷᠴᠢᠨ ᠲᠣᠭᠤᠷᠢᠨ ᠤ ᠠᠮᠤᠷ ᠲᠦᠪᠰᠢᠨ ᠤ ᠬᠡᠮ ᠰᠣᠭᠤᠭ ᠢ ᠡᠷᠳᠡᠨ ᠠᠴᠠ ᠨᠢ  ᠠᠷᠢᠯᠭᠠᠬᠤ ᠬᠡᠷᠡᠭᠲᠡᠶ︔ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠬᠢᠨᠠᠨ ᠪᠠᠶᠢᠴᠠᠭᠠᠬᠤ ᠲᠣᠭᠲᠠᠴᠠ ᠶᠢ ᠲᠡᠭᠦᠯᠳᠡᠷᠵᠢᠭᠦᠯᠦᠨ᠂ ᠪᠠᠶᠢᠩᠭᠤᠵᠢᠭᠰᠠᠨ᠂ ᠣᠷᠳᠣ ᠬᠤᠭᠤᠴᠠᠭᠠᠨ ᠤ ᠪᠦᠲᠦᠮᠵᠢᠲᠡᠶ ᠣᠷᠴᠢᠨ ᠲᠣᠭᠤᠷᠢᠨ ᠤ ᠠᠮᠤᠷ ᠲᠦᠪᠰᠢᠨ ᠤ ᠪᠠᠲᠤᠯᠠᠭ᠎ᠠ ᠶᠢᠨ ᠲᠣᠭᠲᠠᠴᠠ ᠶᠢ ᠬᠦᠴᠦᠯᠡᠨ ᠪᠠᠶᠢᠭᠤᠯᠬᠤ ᠬᠡᠷᠡᠭᠲᠡᠶ ᠭᠡᠵᠦ ᠱᠠᠭᠠᠷᠳᠠᠪᠠ᠃    ᠬᠤᠷᠠᠯ ᠤᠨ ᠳᠠᠷᠠᠭ᠎ᠠ᠂ ᠮᠤᠵᠢ ᠶᠢᠨ ᠲᠢᠩᠬᠢᠮ ᠤᠨ ᠡᠯ᠎ᠡ ᠰᠠᠯᠠᠭ᠎ᠠ ᠮᠥᠴᠢᠷ ᠳᠠᠷᠤᠶᠢᠬᠠᠨ ᠬᠥᠳᠡᠯᠦᠯᠴᠡᠵᠦ᠂ ᠠᠮᠢ ᠠᠬᠤᠢ ᠣᠷᠴᠢᠨ ᠲᠣᠭᠤᠷᠢᠨ ᠤ ᠬᠦᠷᠢᠶ᠎ᠡ ᠬᠡᠪᠴᠢᠶᠡᠨ ᠳᠠᠬᠢ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠤᠨ ᠳᠤᠭᠤᠶᠢᠯᠠᠩ ᠪᠠᠶᠢᠭᠤᠯᠬᠤ ᠲᠥᠰᠦᠯ ᠢ ᠲᠣᠭᠲᠠᠭᠠᠪᠠ᠃ ᠤᠯᠤᠰ ᠤᠨ ᠪᠠᠶᠠᠷ ᠤᠨ ᠬᠤᠭᠤᠴᠠᠭᠠᠨ ᠳᠤ᠂ ᠡᠳᠦᠷ ᠪᠦᠷᠢ ᠮᠤᠵᠢ ᠶᠢᠨ ᠲᠢᠩᠬᠢᠮ ᠤᠨ ᠨᠢᠭᠡ ᠤᠳᠤᠷᠢᠳᠤᠯᠭ᠎ᠠ ᠠᠴᠠ ᠠᠵᠢᠯ ᠤᠨ ᠪᠦᠯᠬᠦᠮ ᠳᠠᠭᠠᠭᠤᠯᠵᠤ᠂ ᠠᠮᠢ ᠠᠬᠤᠶ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠲᠣᠪᠴᠢᠶ᠎ᠠ ᠪᠠᠷ ᠭᠤᠣᠯ ᠪᠣᠯᠭᠠᠨ᠂ ᠡᠷᠭᠢᠨ ᠲᠣᠭᠤᠷᠢᠨ ᠤ ᠬᠤᠲᠠ᠂ ᠰᠢᠶᠠᠨ ᠳᠤ ᠭᠡᠨᠡᠳᠲᠡ ᠶᠢᠨ ᠪᠠᠶᠢᠴᠠᠭᠠᠯᠲᠠ ᠬᠢᠵᠦ᠂ ᠠᠶᠤᠯᠲᠠᠶ ᠬᠠᠶᠠᠭᠳᠠᠮᠠᠯ ᠪᠣᠳᠠᠰ ᠂ ᠬᠦᠨᠳᠦ ᠲᠡᠮᠦᠷᠯᠢᠭ᠂ ᠰᠠᠴᠤᠷᠠᠭ ᠲᠥᠬᠦᠭᠡᠷᠦᠮᠵᠢ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠤᠷᠢᠯᠡᠬᠦ ᠵᠡᠷᠭᠡ ᠣᠷᠴᠢᠨ ᠲᠣᠭᠤᠷᠢᠨ ᠤ ᠲᠦᠭᠰᠢᠭᠦᠷᠢ ᠨᠡᠯᠢᠶᠡᠳ ᠥᠨᠳᠥᠷ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷᠠᠭ᠎ᠠ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠵᠦ᠂ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠰᠢᠯᠵᠢᠭᠦᠯᠦᠨ ᠬᠦᠷᠭᠡᠬᠦ ᠶᠢᠨ ᠬᠠᠮᠲᠤ ᠬᠢᠨᠠᠯᠲᠠ ᠲᠠᠯᠪᠢᠵᠤ ᠴᠡᠭᠴᠡᠯᠡᠨ ᠰᠠᠶᠢᠵᠢᠷᠠᠭᠤᠯᠵᠠᠢ᠃ ᠡᠭᠦᠨ ᠤ ᠬᠠᠮᠲᠤ ᠬᠤᠲᠠ ᠂ ᠰᠢᠶᠠᠨ ᠤ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ ᠮᠥᠴᠢᠷ ᠤᠨ ᠭᠤᠣᠯ ᠤᠳᠤᠷᠢᠳᠤᠯᠭ᠎ᠠ ᠨᠢ ᠮᠦᠨ ᠴᠤ ᠮᠤᠵᠢ ᠶᠢᠨ ᠲᠢᠩᠬᠢᠮ ᠤᠨ ᠡᠨᠡᠬᠦ ᠠᠵᠢᠯ ᠤᠨ ᠠᠷᠭ᠎ᠠ ᠮᠠᠶ᠋ᠢᠭ ᠶᠤᠰᠤᠭᠠᠷ᠂ ᠠᠵᠢᠯ ᠲᠣᠬᠢᠷᠠᠭᠤᠯᠤᠨ᠂ ᠪᠡᠶ᠎ᠡ ᠪᠠᠷ ᠢᠶᠠᠨ ᠳᠠᠭᠠᠭᠤᠯᠵᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠲᠤᠬᠠᠶ ᠶᠢᠨ ᠭᠠᠵᠠᠷ ᠲᠤ ᠨᠢ ᠬᠦᠷᠴᠦ ᠪᠠᠶᠢᠴᠠᠭᠠᠯᠲᠠ ᠬᠢᠵᠦ᠂ ᠣᠷᠴᠢᠨ ᠲᠣᠭᠤᠷᠢᠨ ᠤ ᠲᠦᠭᠰᠢᠭᠦᠷᠢ ᠶᠢ ᠬᠢᠨᠠᠨ ᠬᠠᠮᠢᠶᠠᠷᠬᠤ ᠠᠵᠢᠯ ᠢ ᠦᠨᠡᠨᠬᠦ ᠰᠠᠶᠢᠲᠤᠷ ᠬᠢᠵᠦ᠂ ᠠᠵᠤ ᠠᠬᠤᠶᠢᠯᠠᠯ ᠤᠨ ᠣᠷᠴᠢᠨ ᠲᠣᠭᠤᠷᠢᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠴᠢᠩᠭᠠᠳᠬᠠᠵᠤ᠂ ᠠᠷᠠᠳ ᠣᠯᠠᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠵᠠᠢ᠃
   ᠲᠤᠰ ᠡᠳᠦᠷ ᠤᠨ ᠦᠳᠡ ᠶᠢᠨ ᠬᠤᠶᠢᠨ᠎ᠠ᠂ ᠮᠤᠵᠢ ᠶᠢᠨ ᠲᠢᠩᠬᠢᠮ ᠤᠨ ᠳᠡᠳ᠋ ᠲᠢᠩᠬᠢᠮ ᠤᠨ ᠲᠠᠰ ᠤᠨ ᠬᠢᠨᠠᠨ ᠪᠠᠶᠢᠴᠠᠭᠠᠬᠤ ᠲᠤᠰᠬᠠᠶ ᠲᠤᠰᠢᠶᠠᠯᠲᠠᠨ ᠯᠢ ᠯᠢᠩ ᠱᠧᠩ ᠮᠤᠵᠢ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠢ ᠳᠠᠭᠠᠭᠤᠯᠤᠨ᠂ ᠶᠠᠩ ᠴᠢᠦᠶ ᠰᠢᠶᠠᠨ ᠤ ᠬᠡᠰᠡᠭ ᠭᠤᠤᠯᠳᠠᠯᠭ᠎ᠠ ᠲᠠᠢ ᠠᠵᠤ ᠠᠬᠤᠶᠢᠯᠠᠯ ᠤᠨ ᠣᠷᠴᠢᠨ ᠲᠣᠭᠤᠷᠢᠨ ᠤ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠳᠤ ᠪᠠᠶᠢᠴᠠᠭᠠᠯᠲᠠ ᠬᠢᠪᠠ᠃ ᠪᠠᠶᠢᠴᠠᠭᠠᠬᠤ ᠠᠵᠢᠯᠲᠠᠳ ᠱᠠᠨ ᠰᠢ ᠮᠤᠵᠢ ᠶᠢᠨ ᠲᠠᠶᠢᠶᠤᠸᠠᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ  ᠰᠢᠢᠳᠪᠤᠷᠢᠯᠡᠬᠦ ᠲᠥᠪ᠂ ᠱᠠᠨ ᠰᠢ ᠮᠤᠵᠢ ᠶᠢᠨ ᠬᠤᠲᠠ ᠶᠢᠨ ᠰᠠᠴᠤᠷᠠᠭ ᠴᠢᠨᠠᠷᠲᠠᠶ ᠬᠠᠶᠠᠭᠳᠠᠮᠠᠯ ᠪᠣᠳᠠᠰ ᠤᠨ ᠬᠥᠮᠥᠷᠭᠡ᠂ ᠲᠠᠶᠢᠶᠤᠸᠠᠨ ᠬᠤᠲᠠ ᠶᠢᠨ ᠰᠠᠨ ᠰᠢᠩ ᠨᠡᠭᠦᠷᠡᠰᠦᠨ ᠤ ᠰᠢᠲᠠᠮᠠᠬᠠᠶ ᠬᠡᠢ ᠶᠢᠨ ᠬᠢᠮᠢ ᠶᠢᠨ ᠠᠵᠤ ᠦᠢᠯᠡᠳᠪᠤᠷᠢ ᠶᠢᠨ ᠬᠢᠵᠠᠭᠠᠷᠲᠤ ᠺᠣᠮᠫᠠᠨᠢ ᠵᠡᠷᠭᠡ ᠭᠤᠷᠪᠠᠨ ᠠᠵᠤ ᠠᠬᠤᠶᠢᠯᠠᠯ ᠢ ᠭᠤᠤᠯᠳᠠᠯᠭ᠎ᠠ ᠲᠠᠢ ᠪᠠᠶᠢᠴᠠᠭᠠᠪᠠ᠃ ᠲᠠᠶᠢᠶᠤᠸᠠᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠤᠷᠢᠯᠡᠬᠦ ᠲᠥᠪ ᠤᠨ ᠪᠠᠶᠢᠴᠠᠭᠠᠬᠤ ᠳᠤᠭᠤᠶᠢᠯᠠᠩ ᠳᠤ ᠠᠵᠤ ᠠᠬᠤᠶᠢᠯᠠᠯ ᠤᠨ ᠠᠶᠤᠯᠲᠠᠶ ᠬᠠᠶᠠᠭᠳᠠᠮᠠᠯ ᠪᠣᠳᠠᠰ ᠢ ᠲᠦᠷ ᠬᠠᠳᠠᠭᠠᠯᠠᠵᠤ ᠪᠠᠶᠢᠭ᠎ᠠ ᠪᠠᠶᠢᠳᠠᠯ ᠢ ᠨᠠᠷᠢᠨ ᠪᠠᠶᠢᠴᠠᠭᠠᠨ ᠦᠵᠡᠵᠦ᠂ ᠯᠢ ᠯᠢᠩ ᠱᠧᠩ ᠲᠤᠰᠬᠠᠶ ᠲᠤᠰᠢᠶᠠᠯᠲᠠᠨ ᠠᠵᠤ ᠠᠬᠤᠶᠢᠯᠠᠯ ᠤᠨ ᠠᠶᠤᠯᠲᠠᠶ ᠬᠠᠶᠠᠭᠳᠠᠮᠠᠯ ᠪᠣᠳᠠᠰ ᠢ ᠲᠦᠷ ᠬᠠᠳᠠᠭᠠᠯᠠᠬᠤ᠂ ᠰᠢᠢᠳᠪᠤᠷᠢᠯᠡᠬᠦ᠂ ᠪᠤᠯᠠᠬᠤ ᠵᠡᠷᠭᠡ ᠡᠯ᠎ᠡ ᠵᠠᠩᠭᠢᠯᠠᠭ᠎ᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ ᠬᠠᠤᠯᠢ ᠬᠡᠷᠡᠭᠵᠢᠭᠦᠯᠬᠦ ᠠᠵᠢᠯᠲᠠᠨ ᠨᠢ ᠦᠢᠯᠡᠳᠪᠤᠷᠢᠯᠡᠯ ᠤᠨ ᠡᠯ᠎ᠡ ᠭᠤᠭᠴᠤᠭ᠎ᠠ ᠳᠠᠬᠢ ᠠᠮᠤᠷ ᠲᠦᠪᠰᠢᠨ ᠤ ᠠᠶᠤᠯ ᠲᠦᠭᠰᠢᠭᠦᠷᠢ ᠡᠬᠦᠰᠴᠦ ᠮᠡᠳᠡᠬᠦ ᠵᠠᠩᠭᠢᠯᠠᠭ᠎ᠠ ᠶᠢᠨ ᠴᠡᠭ ᠤᠨ ᠲᠤᠬᠠᠶ ᠨᠢᠭᠡᠳ ᠨᠢᠭᠡ ᠪᠠᠷ ᠠᠰᠠᠭᠤᠨ ᠣᠶᠢᠯᠠᠭᠠᠪᠠ᠃ ᠱᠠᠨ ᠰᠢ ᠮᠤᠵᠢ ᠶᠢᠨ ᠬᠤᠲᠠ ᠶᠢᠨ ᠰᠠᠴᠤᠷᠠᠭ ᠴᠢᠨᠠᠷᠲᠠᠶ ᠬᠠᠶᠠᠭᠳᠠᠮᠠᠯ ᠪᠣᠳᠠᠰ ᠤᠨ ᠬᠥᠮᠥᠷᠭᠡ ᠳᠤ ᠪᠠᠶᠢᠴᠠᠭᠠᠯᠳᠠ ᠬᠢᠬᠦ ᠦᠶ᠎ᠡ ᠳᠤ᠂ ᠬᠥᠮᠥᠷᠭᠡ ᠳᠤ ᠬᠠᠳᠠᠭᠠᠯᠠᠵᠤ ᠪᠠᠶᠢᠭ᠎ᠠ ᠪᠠᠶᠢᠳᠠᠯ᠂ ᠬᠥᠮᠥᠷᠭᠡ ᠶᠢᠨ ᠬᠠᠮᠢᠶᠠᠷᠤᠯᠲᠠ ᠶᠢᠨ ᠳᠠᠩᠰᠠ ᠬᠠᠷ᠎ᠠ ᠶᠢ ᠨᠢ ᠪᠠᠶᠢᠴᠠᠭᠠᠨ ᠦᠵᠡᠵᠦ᠂ ᠮᠤᠵᠢ ᠶᠢᠨ ᠴᠥᠮ᠎ᠡ ᠪᠣᠯᠤᠨ ᠰᠠᠴᠤᠷᠠᠭ ᠤᠨ ᠠᠮᠤᠷ ᠲᠦᠪᠰᠢᠨ ᠤ ᠲᠥᠪ ᠤᠨ ᠤᠳᠤᠷᠢᠳᠤᠯᠭ᠎ᠠ ᠠᠴᠠ ᠮᠡᠳᠡᠭᠦᠯᠦᠭᠰᠡᠨ ᠨᠠᠷᠢᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠴᠠᠶ᠃ ᠯᠢ ᠯᠢᠩ ᠱᠧᠩ ᠲᠤᠰᠬᠠᠶ ᠲᠤᠰᠢᠶᠠᠯᠲᠠᠨ ᠵᠢᠭᠠᠵᠤ ᠭᠠᠷᠭᠠᠭᠰᠠᠨ ᠨᠢ᠂ ᠰᠠᠴᠤᠷᠠᠭ ᠤᠨ ᠡᠬᠢ ᠰᠤᠷᠪᠤᠯᠵᠢ ᠶᠢᠨ ᠬᠠᠮᠢᠶᠠᠷᠤᠯᠲᠠ ᠨᠢ ᠬᠥᠮᠦᠨ ᠨᠢᠭᠡᠪᠦᠷᠢ ᠶᠢᠨ ᠠᠮᠢ ᠨᠠᠰᠤᠨ ᠤ ᠠᠮᠤᠷ ᠲᠦᠪᠰᠢᠨ ᠲᠠᠢ ᠬᠤᠯᠪᠣᠭᠳᠠᠵᠤ ᠪᠠᠶᠢᠭ᠎ᠠ ᠪᠣᠯᠬᠤᠷ ᠰᠠᠴᠤᠷᠠᠭ ᠤᠨ ᠡᠬᠢ ᠰᠤᠷᠪᠤᠯᠵᠢ ᠶᠢ ᠬᠠᠳᠠᠭᠠᠯᠠᠬᠤ ᠠᠵᠢᠯ ᠢ ᠵᠠᠪᠠᠯ ᠰᠠᠶᠢᠲᠤᠷ ᠠᠩᠬᠠᠷᠴᠤ᠂ ᠪᠣᠳᠠᠲᠠᠶ ᠠᠳᠬᠤᠵᠤ᠂ ᠬᠦᠩᠭᠡᠨ ᠬᠠᠭᠤᠮᠠᠭᠠᠶ ᠪᠠᠷ ᠬᠠᠨᠳᠤᠵᠤ ᠪᠣᠯᠬᠤ ᠦᠭᠡᠢ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠦᠵᠡᠯ ᠰᠠᠨᠠᠭ᠎ᠠ ᠪᠠ ᠲᠠᠨᠢᠯᠲᠠ ᠪᠠᠨ  ᠪᠠᠳᠤᠳᠬᠠᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠶ᠃ ᠣᠷᠣᠢ ᠪᠤᠯᠬᠤ ᠦᠶ᠎ᠡ ᠳᠤ᠂ ᠪᠠᠶᠢᠴᠠᠭᠠᠬᠤ ᠠᠵᠢᠯᠲᠠᠳ ᠲᠠᠶᠢᠶᠤᠸᠠᠨ ᠬᠤᠲᠠ ᠶᠢᠨ ᠰᠠᠨ ᠰᠢᠩ ᠨᠡᠭᠦᠷᠡᠰᠦᠨ ᠤ ᠰᠢᠲᠠᠮᠠᠬᠠᠶ ᠬᠡᠢ ᠶᠢᠨ ᠬᠢᠮᠢ ᠶᠢᠨ ᠬᠢᠵᠠᠭᠠᠷᠲᠤ ᠺᠣᠮᠫᠠᠨᠢ ᠳᠤ ᠬᠦᠷᠴᠦ ᠪᠠᠶᠢᠴᠠᠭᠠᠪᠠ᠃᠂ ᠲᠤᠰ ᠺᠣᠮᠫᠠᠨᠢ ᠨᠢ ᠲᠠᠶᠢᠶᠤᠸᠠᠨ ᠬᠤᠲᠠ ᠶᠢᠨ ᠵᠠᠰᠠᠭ ᠤᠨ ᠣᠷᠳᠣᠨ ᠠᠴᠠ ᠡᠭᠦᠳᠡ ᠶᠢ ᠨᠢ ᠬᠠᠭᠠᠯᠭᠠᠭᠰᠠᠨ ᠺᠣᠮᠫᠠᠨᠢ ᠪᠤᠯᠤᠨ᠎ᠠ ᠃ 10 ᠰᠠᠷ᠎ᠠ ᠶᠢᠨ ᠰᠡᠭᠦᠯᠴᠢ ᠪᠠᠷ ᠪᠦᠬᠦᠨ ᠢᠶᠠᠷ ᠢᠶᠠᠨ ᠦᠢᠯᠡᠳᠪᠦᠷᠢᠯᠡᠯ ᠵᠣᠭᠰᠣᠵᠤ ᠡᠭᠦᠳᠡ ᠪᠠᠨ ᠬᠠᠭᠠᠬᠤ ᠪᠣᠯᠤᠨ᠎ᠠ ᠃ ᠡᠨᠡᠬᠦ ᠪᠠᠶᠢᠳᠠᠯ ᠳᠤ ᠴᠢᠭᠯᠡᠭᠦᠯᠦᠨ ᠬᠠᠤᠯᠢ ᠬᠡᠷᠡᠭᠵᠢᠭᠦᠯᠦᠭᠴᠢ ᠲᠤᠬᠠᠶ ᠶᠢᠨ ᠲᠠᠯᠠᠪᠠᠶ ᠳᠤ ᠬᠡᠤᠷᠰᠢᠭᠦᠯᠬᠦ ᠲᠣᠰᠣᠨ ᠤ ᠰᠠᠪᠠ ᠶᠢᠨ ᠣᠷᠣᠨ᠂ ᠰᠢᠪᠲᠣᠷ ᠠᠭᠤᠷᠰᠢᠭᠤᠯᠬᠤ ᠠᠵᠢᠯ ᠤᠨ ᠬᠡᠰᠡᠭ᠂ ᠠᠳᠡᠯ ᠡᠭᠦᠰᠦᠭᠰᠡᠨ ᠤᠰᠤᠨ ᠴᠥᠭᠦᠷᠥᠮ ᠵᠡᠷᠭᠡ ᠭᠤᠤᠯᠳᠠᠯᠭ᠎ᠠ ᠲᠠᠢ ᠦᠢᠯᠡᠳᠪᠤᠷᠢᠯᠡᠯ ᠤᠨ ᠭᠤᠭᠴᠤᠭ᠎ᠠ ᠳᠤ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠵᠦ᠂ ᠰᠠᠪᠠᠯᠠᠬᠤ ᠣᠷᠣᠨ ᠤ ᠨᠡᠪᠴᠢᠨ ᠭᠤᠭᠤᠵᠢᠭᠰᠠᠨ ᠠᠰᠠᠭᠤᠳᠠᠯ ᠳᠤ ᠴᠡᠭᠴᠡᠯᠡᠨ ᠵᠠᠰᠠᠬᠤ ᠱᠠᠭᠠᠷᠳᠠᠯᠭ᠎ᠠ ᠳᠤᠷᠠᠳᠴᠠᠶ᠃ ᠯᠢ ᠯᠢᠩ ᠱᠧᠩ ᠲᠤᠰᠬᠠᠶ ᠲᠤᠰᠢᠶᠠᠯᠲᠠᠨ ᠴᠢᠬᠤᠯᠠᠴᠢᠯᠠᠭᠰᠠᠨ ᠨᠢ᠂ ᠰᠠᠨ ᠰᠢᠩ ᠬᠡᠤᠷᠰᠢᠭᠦᠯᠬᠦ ᠺᠣᠮᠫᠠᠨᠢ ᠬᠡᠳᠦ᠋ᠢᠪᠡᠷ 10 ᠰᠠᠷ᠎ᠠ ᠶᠢᠨ ᠰᠡᠭᠦᠯᠴᠢ ᠪᠠᠷ ᠡᠭᠦᠳᠡ ᠪᠠᠨ ᠬᠠᠭᠠᠬᠤ ᠭᠡᠵᠦ ᠪᠠᠶᠢᠭ᠎ᠠ ᠪᠣᠯᠪᠠᠴᠤ ᠠᠵᠤ ᠠᠬᠤᠶᠢᠯᠠᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠶᠢ ᠶᠠᠭᠠᠬᠢᠭᠰᠠᠨ ᠴᠤ ᠪᠠᠭᠤᠷᠠᠭᠤᠯᠵᠤ ᠪᠣᠯᠬᠤ ᠦᠭᠡᠢ᠂ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠬᠢᠨᠠᠮᠠᠭᠠᠶ ᠰᠠᠶᠢᠲᠤᠷ ᠡᠭᠦᠷᠭᠡᠯᠡᠵᠦ᠂ ᠪᠣᠬᠢᠷᠲᠤᠯ ᠪᠣᠳᠠᠰ ᠢ ᠪᠠᠷᠢᠮᠵᠢᠶ᠎ᠠ ᠳᠤ ᠬᠦᠷᠭᠡᠵᠦ ᠭᠠᠳᠠᠭᠰᠢᠯᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ︔ ᠬᠡᠦᠷᠡᠰᠢᠭᠦᠯᠬᠦ ᠵᠤᠤᠬ᠎ᠠ ᠶᠢ ᠤᠷᠢᠳᠴᠢᠯᠠᠨ ᠬᠠᠭᠠᠬᠤ ᠡᠯ᠎ᠡ ᠵᠤᠶᠢᠯ ᠤᠨ ᠠᠮᠤᠷ ᠲᠦᠪᠰᠢᠨ ᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠶ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠤ ᠭᠡᠨᠡᠳᠲᠡ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠵᠢᠯ ᠢ ᠬᠢᠨᠠᠮᠠᠭᠠᠶ ᠰᠠᠶᠢᠲᠤᠷ ᠬᠢᠵᠦ᠂ ᠣᠷᠴᠢᠨ ᠲᠣᠭᠤᠷᠢᠨ ᠤ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃ ᠡᠭᠦᠨ ᠤ ᠬᠠᠮᠲᠤ ᠶᠠᠩ ᠴᠢᠦᠶ ᠰᠢᠶᠠᠨ ᠨᠢ ᠬᠠᠭᠠᠬᠤ ᠠᠴᠠ ᠡᠮᠦᠨᠡᠬᠢ ᠡᠯ᠎ᠡ ᠵᠤᠶᠢᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠨ᠂ ᠢᠯᠠᠩᠭᠤᠶ᠎ᠠ ᠣᠷᠴᠢᠨ ᠲᠣᠭᠤᠷᠢᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠳᠤ ᠠᠶᠤᠯ ᠲᠦᠭᠰᠢᠭᠦᠷᠢ ᠶᠢᠨ ᠤᠬᠠᠮᠰᠠᠷ ᠲᠠᠢ ᠪᠠᠶᠢᠬᠤ ᠬᠡᠷᠡᠭᠲᠡᠶ᠂ ᠤᠷᠢᠳᠴᠢᠯᠠᠨ ᠲᠥᠯᠥᠪᠵᠢᠭᠦᠯᠵᠦ᠂ ᠪᠦᠬᠦ ᠶᠠᠪᠤᠴᠠ ᠳᠤ ᠬᠢᠨᠠᠯᠲᠠ ᠲᠠᠯᠪᠢᠬᠤ ᠶᠢ ᠰᠠᠶᠢᠲᠤᠷ ᠠᠳᠬᠤᠬᠤ ᠬᠡᠷᠡᠭᠲᠡᠢ ᠭᠡᠵᠦ ᠱᠠᠭᠠᠷᠳᠠᠪᠠ᠃    10 ᠰᠠᠷ᠎ᠠ ᠶᠢᠨ 4 ᠤ ᠡᠳᠦᠷ᠂ ᠮᠤᠵᠢ ᠶᠢᠨ ᠠᠮᠢ ᠠᠬᠤᠶ ᠣᠷᠴᠢᠨ ᠲᠣᠭᠤᠷᠢᠨ ᠤ ᠲᠢᠩᠬᠢᠮ ᠤᠨ ᠳᠡᠳ᠋ ᠲᠢᠩᠬᠢᠮ ᠤᠨ ᠲᠠᠰ ᠤᠨ ᠬᠢᠨᠠᠨ ᠪᠠᠶᠢᠴᠠᠭᠠᠬᠤ ᠲᠤᠰᠬᠠᠶ ᠲᠤᠰᠢᠶᠠᠯᠲᠠᠨ ᠬᠤ᠋‌‍ᠴᠤᠸᠠᠩ ᠶᠧ ᠠᠮᠢ ᠠᠬᠤᠶ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠲᠣᠪᠴᠢᠶ ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠢ ᠳᠠᠭᠠᠭᠤᠯᠤᠨ᠂ ᠴᠢᠩ ᠰᠢᠤᠢ ᠰᠢᠶᠠᠨ ᠳᠤ ᠬᠦᠷᠴᠦ ᠠᠮᠢ ᠠᠬᠤᠶ ᠣᠷᠴᠢᠨ ᠲᠣᠭᠤᠷᠢᠨ ᠤ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠬᠡᠮ ᠢ  ᠵᠢᠭᠰᠠᠭᠠᠨ ᠪᠠᠶᠢᠴᠠᠭᠠᠬᠤ ᠠᠵᠢᠯ ᠢ ᠪᠠᠶᠢᠴᠠᠭᠠᠨ ᠵᠢᠯᠣᠭᠤᠳᠪᠠ᠃ ᠱᠠᠨ ᠰᠢ ᠶᠢᠨ ᠭᠧᠩ ᠶᠠᠩ ᠠᠵᠤ ᠦᠢᠯᠡᠰ ᠤᠨ ᠪᠦᠯᠦᠭᠯᠡᠯ ᠤᠨ ᠬᠡᠤᠷᠰᠢᠭᠦᠯᠬᠦ ᠺᠣᠮᠫᠠᠨᠢ᠂ ᠲᠠᠶᠢᠶᠤᠸᠠᠨ ᠬᠤᠲᠠ ᠶᠢᠨ ᠮᠧᠢ ᠶᠢᠨ ᠡᠨᠧᠷᠭᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠶᠠᠩ ᠮᠧᠢ ᠰᠢᠨ᠎ᠡ ᠡᠨᠧᠷᠭᠢ ᠶᠢᠨ ᠬᠦᠷᠢᠶᠡᠯᠡᠩ ᠵᠡᠷᠭᠡ ᠠᠵᠤ ᠠᠬᠤᠶᠢᠯᠠᠯ ᠤᠨ ᠣᠷᠴᠢᠨ ᠲᠣᠭᠤᠷᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠭᠤᠤᠯᠳᠠᠯᠭ᠎ᠠ ᠲᠠᠢ ᠪᠠᠶᠢᠴᠠᠭᠠᠪᠠ᠃ ᠪᠠᠶᠢᠴᠠᠭᠠᠭᠰᠠᠨ ᠪᠠᠶᠢᠳᠠᠯ ᠳᠤ ᠴᠢᠭᠯᠡᠭᠦᠯᠦᠨ᠂ ᠬᠤ᠋ ᠴᠤᠸᠠᠩ ᠶᠧ ᠲᠤᠰᠬᠠᠶ ᠲᠤᠰᠢᠶᠠᠯᠲᠠᠨ ᠲᠤᠬᠠᠶ ᠶᠢᠨ ᠲᠠᠯᠠᠪᠠᠢ ᠳᠤ ᠱᠠᠭᠠᠷᠳᠠᠯᠭ᠎ᠠ ᠳᠤᠷᠠᠳᠴᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠶᠢ ᠴᠢᠬᠤᠯᠠ ᠪᠠᠶᠢᠷᠢᠨ ᠳᠤ ᠲᠠᠯᠪᠢᠬᠤ ᠬᠡᠷᠡᠭᠲᠡᠶ︔ ᠬᠤᠲᠠ᠂ ᠰᠢᠶᠠᠨ ᠢᠯᠠᠩᠭᠤᠶ᠎ᠠ ᠰᠢᠶᠠᠨ ᠤ ᠱᠠᠲᠤ ᠨᠢ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠢ ᠱᠠᠭᠠᠷᠳᠠᠨ ᠵᠢᠯᠣᠭᠤᠳᠴᠤ ᠪᠠᠶᠢᠭᠠᠳ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠰᠣᠭᠤᠭ ᠢ ᠪᠠᠶᠢᠴᠠᠭᠠᠬᠤ ᠶᠢ ᠪᠣᠳᠠᠲᠠᠶ ᠨᠠᠶᠢᠳᠠᠪᠤᠷᠢᠵᠢᠭᠤᠯᠬᠤ ᠬᠡᠷᠡᠭᠲᠡᠶ︔ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠣᠨᠴᠠᠭᠠᠶᠢᠯᠠᠨ ᠬᠡᠦᠷᠰᠢᠭᠦᠯᠬᠦ ᠶᠢ ᠵᠣᠭᠰᠣᠭᠠᠬᠤ᠂ ᠰᠢᠨ᠎ᠡ ᠵᠤᠤᠬ᠎ᠠ ᠶᠢ ᠡᠬᠢᠯᠡᠨ ᠬᠡᠷᠡᠭᠯᠡᠬᠦ ᠶᠠᠪᠤᠴᠠ ᠳᠤ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠢ︔ ᠬᠡᠦᠷᠡᠰᠢᠭᠦᠯᠬᠦ ᠠᠵᠢᠯ ᠲᠥᠷᠥᠯ ᠢᠶᠠᠷ ᠭᠤᠤᠯᠳᠠᠯᠭ᠎ᠠ ᠪᠣᠯᠭᠠᠵᠤ᠂ ᠪᠤᠰᠤᠳ ᠠᠵᠢᠯ ᠲᠥᠷᠥᠯ ᠤᠨ ᠬᠢᠨ ᠨᠢᠭᠡ ᠠᠴᠠ ᠨᠥᠬᠦᠭᠡ ᠶᠢ ᠮᠡᠳᠡᠵᠦ᠂ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠠᠳᠬᠤᠬᠤ ᠬᠡᠷᠡᠭᠲᠡᠢ︔ ᠠᠮᠤᠷ ᠲᠦᠪᠰᠢᠨ ᠵᠢᠴᠢ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢᠨ ᠳᠠᠯᠳᠠ ᠭᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠨᠠᠷᠢᠯᠢᠭ ᠬᠢᠵᠦ᠂ ᠭᠤᠭᠴᠤᠭ᠎ᠠ ᠨᠢᠭᠡᠪᠦᠷᠢ ᠶᠢ ᠰᠠᠶᠢᠲᠤᠷ ᠠᠳᠬᠤᠵᠤ᠂ ᠳᠦᠷᠢᠮ ᠲᠣᠭᠲᠠᠭᠠᠯ ᠢ ᠴᠢᠩᠭ᠎ᠠ ᠵᠢᠷᠤᠮᠯᠠᠨ ᠬᠢᠬᠦ ᠬᠡᠷᠡᠭᠲᠡᠶ ᠭᠡᠰᠡᠨ ᠪᠠᠶᠢᠨ᠎ᠠ᠃
 
ᠢᠷᠡᠯᠲᠡ᠄ ᠱᠠᠨ ᠰᠢ ᠮᠤᠵᠢ ᠶᠢᠨ ᠠᠮᠢ ᠠᠬᠤᠶ ᠣᠷᠴᠢᠨ ᠲᠣᠭᠤᠷᠢᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号