ᠮᠣᠵᠢ ᠠᠯᠤᠰᠯᠠᠨ ᠬᠠᠮᠳᠤᠷᠠᠨ ᠠᠵᠢᠯᠯᠠᠵᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ - ᠦᠬᠠᠶ ᠬᠤᠲᠠ ᠪᠠ ᠱᠢ ᠽᠦᠶ ᠱᠠᠨ ᠬᠤᠲᠠ ᠠᠭᠠᠷ ᠮᠠᠨᠳᠠᠯ ᠤᠨ ᠪᠣᠬᠢᠷᠲᠤᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠬᠠᠮᠳᠤᠷᠠᠨ ᠠᠵᠢᠯᠯᠠᠬᠤ ᠬᠡᠯᠡᠯᠴᠡᠭᠡᠷ ᠲᠤ ᠭᠠᠷ ᠤᠨ ᠦᠰᠦᠭ ᠵᠢᠷᠤᠪᠠ
ᠨᠡᠶᠢᠲᠡᠯᠡᠭᠰᠡᠨ ᠴᠠᠭ᠄
2020/10/17
   ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠷᠣᠨ ᠪᠦᠰᠡ ᠶᠢᠨ ᠠᠭᠠᠷ ᠮᠠᠨᠳᠠᠯ ᠤᠨ ᠣᠷᠴᠢᠨ ᠲᠣᠭᠤᠷᠢᠨ ᠢ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠣᠷᠣᠨ ᠪᠦᠰᠡ ᠶᠢᠨ ᠪᠣᠬᠢᠷᠲᠤᠯ ᠢ ᠵᠠᠰᠠᠬᠤ ᠨᠡᠶᠢᠯᠡᠮᠡᠯ ᠬᠦᠴᠦᠨ ᠢ ᠴᠢᠩᠭᠠᠷᠠᠭᠤᠯᠤᠨ᠂ ᠣᠷᠣᠨ ᠪᠦᠰᠡ ᠶᠢᠨ ᠠᠭᠠᠷ ᠮᠠᠨᠳᠠᠯ ᠤᠨ ᠪᠣᠬᠢᠷᠲᠤᠯ ᠤᠨ ᠠᠰᠠᠭᠤᠳᠠᠯ ᠢ ᠬᠦᠴᠦᠯᠡᠨ ᠰᠢᠢᠳᠪᠤᠷᠢᠯᠡᠵᠦ᠂ ᠣᠷᠣᠨ ᠪᠦᠰᠡ ᠶᠢᠨ ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠲᠦᠯᠬᠢᠨ ᠠᠬᠢᠭᠤᠯᠬᠤ ᠶᠢᠨ ᠲᠦᠯᠦᠭᠡ᠂ 2020 ᠣᠨ ᠤ 9 ᠰᠠᠷ᠎ᠠ ᠶᠢᠨ 7 ᠤ ᠡᠳᠦᠷ᠂ ᠦᠬᠠᠶ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠰᠦᠨ ᠬᠤᠤ ᠦᠬᠠᠶ ᠶᠢᠨ ᠲᠥᠯᠥᠭᠡᠯᠡᠭᠴᠢᠳ ᠤᠨ ᠪᠦᠯᠬᠦᠮ ᠢ ᠳᠠᠭᠠᠭᠤᠯᠤᠨ ᠱᠢ ᠽᠦᠶ ᠱᠠᠨ ᠬᠤᠲᠠ ᠳᠤ ᠬᠦᠷᠴᠦ ︽ᠱᠢ ᠽᠦᠶ ᠱᠠᠨ ᠬᠤᠲᠠ᠂ ᠦᠬᠠᠶ ᠬᠤᠲᠠ ᠶᠢᠨ ᠠᠭᠠᠷ ᠮᠠᠨᠳᠠᠯ ᠤᠨ ᠪᠣᠬᠢᠷᠲᠤᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠬᠠᠮᠳᠤᠷᠠᠨ ᠠᠵᠢᠯᠯᠠᠬᠤ ᠬᠡᠯᠡᠯᠴᠡᠭᠡᠷ︾ ᠲᠣᠭᠲᠠᠵᠤ᠂ ᠱᠢ ᠽᠦᠶ ᠱᠠᠨ ᠬᠤᠲᠠ ᠶᠢᠨ ᠳᠡᠳ᠋ ᠳᠠᠷᠤᠭ᠎ᠠ ᠯᠢ ᠭᠤᠸᠠᠩ ᠶᠦᠨ ᠭᠠᠷ ᠤᠨ ᠥᠰᠥᠭ ᠵᠢᠷᠤᠬᠤ ᠶᠣᠰᠣᠯᠠᠯ ᠢ ᠡᠷᠭᠢᠯᠡᠪᠡ᠃    ᠬᠡᠯᠡᠯᠴᠡᠭᠡᠷ ᠢ ᠦᠨᠳᠦᠰᠦᠯᠡᠪᠡᠯ᠂ ᠬᠤᠶᠠᠷ ᠬᠤᠲᠠ ᠵᠠᠰᠠᠭ ᠵᠠᠬᠢᠷᠭᠠᠨ ᠤ ᠣᠷᠣᠨ ᠠᠯᠤᠰᠯᠠᠭᠰᠠᠨ ᠬᠠᠮᠲᠤᠷᠠᠯᠴᠠᠭᠠᠨ ᠤ ᠨᠢᠭᠡᠳᠦᠯᠲᠡᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠶᠢ ᠥᠷᠨᠢᠭᠦᠯᠵᠦ᠂ ᠬᠤᠶᠠᠷ ᠭᠠᠵᠠᠷ ᠬᠤᠯᠪᠣᠭᠠᠯᠠᠨ ᠬᠥᠳᠡᠯᠦᠯᠴᠡᠵᠦ ᠬᠠᠤᠯᠢ ᠬᠡᠷᠡᠭᠵᠢᠭᠦᠯᠬᠦ ᠲᠣᠭᠲᠠᠴᠠ ᠶᠢ ᠪᠠᠶᠢᠭᠤᠯᠵᠤ᠂ ᠣᠷᠣᠨ ᠪᠦᠰᠡ ᠠᠯᠤᠰᠯᠠᠭᠰᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠯᠪᠣᠭᠠᠯᠠᠨ ᠬᠠᠤᠯᠢ ᠬᠡᠷᠡᠭᠵᠢᠭᠦᠯᠬᠦ ᠶᠢ ᠴᠢᠩᠭᠠᠳᠬᠠᠬᠤ᠂ ᠬᠤᠶᠠᠷ ᠬᠤᠲᠠ ᠶᠢᠨ ᠣᠷᠴᠢᠨ ᠲᠣᠭᠤᠷᠢᠨ ᠤ ᠮᠡᠳᠡᠭᠡ ᠵᠠᠩᠭᠢ ᠶᠢ ᠬᠠᠮᠲᠤ ᠪᠠᠷ ᠬᠤᠪᠢᠶᠠᠯᠴᠠᠬᠤ ᠶᠢ ᠪᠡᠶᠡᠯᠡᠭᠦᠯᠵᠦ᠂ ᠪᠣᠬᠢᠷᠲᠤᠯ ᠢ ᠨᠠᠷᠢᠯᠢᠭ ᠤᠨᠤᠪᠴᠢᠳᠠᠢ ᠪᠠᠷ ᠵᠠᠰᠠᠬᠤ ᠶᠢ ᠬᠠᠮᠲᠤ ᠪᠠᠷ ᠠᠬᠢᠭᠤᠯᠤᠨ᠂ ᠣᠷᠴᠢᠨ ᠲᠣᠭᠤᠷᠢᠨ ᠤ ᠪᠠᠴᠢᠮ ᠪᠠᠶᠢᠳᠠᠯ ᠢ ᠠᠷᠭᠠᠴᠠᠵᠤ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠬᠢᠯᠢ ᠠᠯᠤᠰᠯᠠᠭᠰᠠᠨ ᠣᠷᠴᠢᠨ ᠲᠣᠭᠤᠷᠢᠨ ᠤ ᠪᠣᠬᠢᠷᠲᠤᠯ ᠤᠨ ᠵᠢᠭᠤᠷᠠᠯᠳᠤᠭᠠᠨ ᠪᠠ ᠭᠡᠨᠡᠳᠲᠡ ᠡᠭᠦᠰᠬᠦ ᠣᠷᠴᠢᠨ ᠲᠣᠭᠤᠷᠢᠨ ᠤ ᠬᠡᠷᠡᠭ ᠢ ᠬᠠᠮᠲᠤ ᠪᠠᠷ  ᠰᠢᠢᠳᠪᠤᠷᠢᠯᠡᠬᠦ ᠵᠡᠷᠭᠡ ᠳᠥᠷᠪᠡᠨ ᠵᠤᠶᠢᠯ ᠤᠨ ᠠᠵᠢᠯ ᠤᠨ ᠲᠣᠭᠲᠠᠴᠠ ᠶᠢ ᠪᠠᠶᠢᠭᠤᠯᠤᠨ᠎ᠠ᠃ ᠬᠡᠯᠡᠯᠴᠡᠭᠡᠷ ᠲᠤ ᠭᠠᠷ ᠤᠨ ᠦᠰᠦᠭ ᠵᠢᠷᠤᠭᠰᠠᠨ ᠨᠢ ᠬᠤᠶᠠᠷ ᠬᠤᠲᠠ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠠᠵᠢᠯ ᠬᠦᠭᠵᠢᠯᠲᠡ ᠶᠢᠨ ᠵᠠᠮ ᠳᠤ ᠣᠷᠣᠵᠤ᠂ ᠬᠠᠮᠳᠤᠷᠠᠨ ᠠᠵᠢᠯᠯᠠᠬᠤ ᠠᠵᠢᠯ ᠴᠤ ᠨᠠᠩ ᠪᠣᠳᠠᠲᠠᠶ ᠪᠣᠯᠬᠤ ᠶᠢ ᠬᠠᠷᠠᠭᠤᠯᠵᠤ ᠪᠠᠶᠢᠨ᠎ᠠ᠃ ᠦᠬᠠᠶ ᠬᠤᠲᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠵᠦ ᠱᠤ᠋ ᠱᠧᠩ᠂ ᠱᠢ ᠽᠦᠶ ᠱᠠᠨ ᠬᠤᠲᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠬᠥ᠋ ᠰᠢᠤᠸᠠᠢ ᠳ᠋ᠦᠩ᠂ ᠦᠬᠠᠶ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶᠠᠨ ᠳᠠᠷᠤᠭ᠎ᠠ ᠸᠠᠩ ᠵᠢᠶ ᠫᠢᠩ᠂ ᠱᠢ ᠽᠦᠶ ᠱᠠᠨ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶᠠᠨ ᠳᠠᠷᠤᠭ᠎ᠠ  ᠹᠧᠩ ᠵᠢᠶᠠᠨ ᠭᠦᠸᠧ ᠵᠢᠴᠢ ᠬᠤᠶᠠᠷ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠠᠵᠤ ᠦᠢᠯᠡᠳᠪᠤᠷᠢ ᠪᠠ ᠮᠡᠳᠡᠭᠡ ᠵᠠᠩᠬᠢᠴᠢᠯᠠᠯᠳᠠ ᠶᠢᠨ ᠲᠣᠪᠴᠢᠶᠠᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠦᠬᠦᠳ ᠪᠣᠯᠤᠨ  ᠠᠵᠢᠯᠳᠠᠳ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠣᠷᠴᠢᠨ ᠲᠤᠭᠤᠷᠢᠨ ᠤ ᠬᠠᠮᠠᠭᠠᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号