︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠠᠭᠤᠷ ᠠᠮᠢᠰᠬᠤᠯ ᠤᠨ ᠬᠤᠪᠢᠷᠠᠯᠲᠠ ᠬᠢᠭᠡᠳ ᠪᠣᠬᠢᠷᠲᠤᠯ ᠪᠤᠳᠠᠰ ᠭᠠᠳᠠᠭᠰᠢᠯᠠᠭᠤᠯᠬᠤ ᠬᠡᠮᠵᠢᠶ ᠎ᠡ ᠶᠢ ᠪᠠᠭᠠᠰᠬᠠᠬᠤ ᠲᠤᠬᠠᠢ ᠲᠤᠰᠬᠠᠶ ᠠᠵᠢᠯ ᠤᠨ ᠲᠢᠩᠬᠢᠮ ᠤᠨ ᠬᠤᠭᠤᠷᠣᠨᠳᠣᠬᠢ ᠬᠤᠯᠪᠣᠭᠠᠲᠤ ᠬᠤᠷᠠᠯ ᠤᠨ ᠲᠦᠷᠢᠮ︾  ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2020/4/14
     ᠨᠢᠭᠡ᠂ ᠲᠤᠭᠤᠷᠪᠢᠭᠰᠠᠨ ᠠᠬᠤᠶ ᠪᠠᠶᠢᠳᠠᠯ      2018 ᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠠᠷᠠᠭ᠎ᠠ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠡᠭᠦᠷᠭᠡ ᠴᠢᠳᠠᠪᠬᠢ ᠶᠢ ᠬᠥᠭᠵᠢᠭᠦᠯᠦᠯᠲᠡ ᠥᠭᠡᠷᠡᠴᠢᠯᠡᠯᠲᠡ ᠶᠢᠨ ᠰᠢᠰᠲ᠋ᠧᠮ ᠠᠴᠠ ᠠᠮᠢ ᠠᠬᠤᠢ ᠣᠷᠴᠢᠨ ᠲᠣᠭᠤᠷᠢᠨ ᠤ ᠰᠢᠰᠲ᠋ᠧᠮ ᠳᠤ ᠬᠤᠪᠢᠶᠠᠷᠢᠯᠠᠨ ᠰᠢᠯᠵᠢᠭᠦᠯᠪᠡ᠃ ᠡᠭᠦᠨ ᠤ ᠬᠠᠮᠲᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠵᠡᠷᠭᠡ ᠬᠦᠯᠡᠮᠵᠢ ᠶᠢᠨ ᠬᠡᠢ ᠪᠡᠶᠡᠲᠦ ᠶᠢᠨ ᠪᠣᠬᠢᠷᠲᠤᠯ ᠪᠤᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ︵ᠳᠣᠷᠣᠭᠰᠢ ᠨᠡᠭᠦᠷᠡᠰᠦᠲᠥ᠋ᠷᠥᠭᠴᠢ ᠶᠢᠨ ᠬᠦᠴᠦᠯᠡᠴᠡ ᠶᠢ ᠡᠵᠡᠮᠰᠢᠬᠦ ᠭᠡᠵᠦ ᠨᠡᠷᠡᠯᠡᠨ᠎ᠡ︶ ᠶᠢ ᠡᠨᠧᠷᠭᠢ ᠶᠢᠨ ᠬᠤᠷᠣᠭᠳᠠᠭᠤᠯᠤᠯ ᠢ ᠡᠵᠡᠮᠳᠡᠬᠦ ᠯᠦᠭᠡ ᠬᠠᠷᠢᠴᠠᠭ᠎ᠠ ᠪᠠᠨ ᠰᠠᠯᠭᠠᠬᠤ ᠶᠢ ᠪᠣᠬᠢᠷᠲᠣᠯ ᠭᠠᠳᠠᠭᠰᠢᠯᠠᠭᠤᠯᠬᠤ ᠬᠡᠪᠴᠢᠶᠡᠨ ᠳᠤ ᠣᠷᠣᠭᠤᠯᠵᠤ ᠤᠯᠠᠮᠵᠢᠯᠠᠯᠲᠤ ᠪᠣᠬᠢᠷᠲᠤᠯ ᠪᠣᠳᠠᠰ ᠲᠠᠢ ᠵᠡᠷᠭᠡ ᠪᠠᠷ ᠬᠠᠮᠢᠶᠠᠷᠤᠨ᠎ᠠ᠃ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠪᠣᠯ ᠨᠢᠭᠡᠨ ᠰᠢᠨ᠎ᠡ ᠪᠠᠷ ᠡᠬᠢᠯᠡᠬᠦᠯᠵᠦ ᠪᠠᠶᠢᠭ᠎ᠠ ᠠᠵᠢᠯ ᠶᠤᠮ᠂ ᠲᠡᠷᠡ ᠨᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠤᠯᠠᠨ ᠲᠠᠯ᠎ᠠ ᠳᠤ ᠬᠤᠯᠪᠣᠭᠳᠠᠵᠤ ᠪᠠᠶᠢᠳᠠᠭ᠃ ᠨᠡᠭᠦᠷᠡᠰᠦᠲᠥ᠋ᠷᠥᠭᠴᠢ ᠶᠢᠨ ᠬᠦᠴᠦᠯᠡᠴᠡ ᠶᠢ ᠡᠵᠡᠮᠳᠡᠬᠦ ᠪᠣᠯ ᠴᠢᠨᠠᠷ ᠰᠠᠶᠢᠲᠠᠢ ᠬᠥᠭᠵᠢᠯᠲᠡ ᠶᠢ ᠬᠡᠮᠵᠢᠬᠦ ᠬᠡᠮᠵᠢᠭᠦᠷ ᠮᠥᠨ᠂ ᠪᠠᠰᠠ ᠴᠤ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠠᠵᠢᠯ ᠤᠨ ᠴᠢᠬᠤᠯᠠ ᠭᠠᠷᠤᠭ᠎ᠠ ᠮᠥᠨ᠃ ᠣᠳᠣᠬᠠᠨ ᠳᠤ ᠮᠠᠨ ᠤ ᠣᠷᠣᠨ ᠤ ᠨᠡᠭᠦᠷᠡᠰᠦᠲᠥ᠋ᠷᠥᠭᠴᠢ ᠶᠢᠨ ᠬᠦᠴᠦᠯᠡᠴᠡ ᠶᠢ ᠡᠵᠡᠮᠳᠡᠬᠦ ᠪᠠᠶᠢᠳᠠᠯ ᠲᠡᠶᠢᠮᠦ ᠰᠠᠶᠢᠨ ᠪᠢᠰᠢ᠂ ᠳᠠᠬᠢᠨ ᠡᠭᠦᠰᠴᠦ ᠪᠣᠯᠬᠤ ᠡᠨᠧᠷᠭᠢ ᠶᠢᠨ ᠬᠥᠭᠵᠢᠯᠲᠡ᠂ ᠡᠨᠧᠷᠭᠢ ᠶᠢᠨ ᠬᠤᠷᠣᠭᠳᠠᠯ ᠬᠦᠴᠦᠯᠡᠴᠡ ᠶᠢ ᠪᠠᠭᠤᠷᠠᠭᠤᠯᠬᠤ᠂ ᠪᠠᠷᠢᠯᠭ᠎ᠠ ᠶᠢᠨ ᠡᠨᠧᠷᠭᠢ ᠠᠷᠪᠢᠯᠠᠬᠤ᠂ ᠵᠠᠮ ᠬᠠᠷᠢᠯᠴᠠᠭᠠᠨ ᠤ ᠡᠨᠧᠷᠭᠢ ᠠᠷᠪᠢᠯᠠᠬᠤ᠂ ᠣᠶ ᠰᠢᠭᠤᠶ ᠶᠢᠨ ᠨᠡᠭᠦᠷᠡᠰᠦᠲᠥ᠋ᠷᠥᠭᠴᠢ ᠶᠢᠨ ᠬᠤᠷᠠᠮᠠᠯ ᠵᠡᠷᠭᠡ ᠲᠠᠢ ᠮᠠᠰᠢ ᠶᠡᠭᠡ ᠬᠤᠯᠪᠣᠭᠳᠠᠯ ᠴᠢᠨᠠᠷᠲᠠᠢ ᠲᠠᠢ ᠪᠠᠶᠢᠵᠤ᠂ ᠲᠥᠯᠥᠪᠵᠢᠭᠦᠯᠭᠡ ᠶᠢᠨ ᠬᠠᠷᠠᠯᠲᠠ ᠶᠢ ᠪᠠᠢᠷᠢᠯᠠᠭᠤᠯᠬᠤ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠲᠠᠯ᠎ᠠ ᠪᠠᠷ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠠᠯᠬᠤᠮ ᠢᠶᠠᠨ ᠨᠢᠭᠡᠳᠦᠯᠲᠡᠶ ᠪᠠᠶᠢᠯᠭᠠᠬᠤ ᠶᠢ ᠪᠠᠲᠤᠯᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠴᠢᠬᠤᠯᠠᠲᠠᠶ ᠪᠠᠶᠢᠨ᠎ᠠ᠃ ᠡᠭᠦᠨ ᠤ ᠲᠤᠯᠠᠳᠠ ᠮᠠᠨ ᠤ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠪᠠ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠤᠬᠠᠢ ᠲᠤᠰᠬᠠᠶ ᠠᠵᠢᠯ ᠤᠨ ᠬᠤᠯᠪᠤᠭᠠᠲᠤ ᠬᠤᠷᠠᠯ ᠤᠨ ᠲᠦᠷᠢᠮ ︵ᠬᠦᠷᠭᠡᠨ ᠬᠢᠨᠠᠭᠤᠯᠬᠤ ᠨᠣᠤᠷᠠᠭ︶︾ ᠢ ᠰᠤᠳᠤᠯᠤᠨ ᠲᠤᠭᠤᠷᠪᠢᠵᠤ᠂ ᠰᠠᠯᠠᠭ᠎ᠠ ᠮᠥᠴᠢᠷ ᠤᠳ ᠢ ᠤᠯᠠᠮ ᠨᠢᠭᠡ ᠠᠯᠬᠤᠮ ᠲᠣᠳᠣᠷᠠᠭᠤᠯᠤᠨ᠂ ᠡᠭᠦᠷᠭᠡ ᠬᠠᠷᠢᠭᠤᠴᠠᠯᠭ᠎ᠠ ᠶᠢ ᠨᠢ ᠲᠣᠳᠣᠷᠬᠠᠶᠢᠯᠠᠵᠤ᠂ ᠲᠣᠭᠲᠠᠴᠠ ᠪᠠᠶᠢᠭᠤᠯᠤᠨ᠎ᠠ᠃ ᠡᠨᠡ ᠬᠦ ᠠᠵᠢᠯ ᠢ ᠬᠠᠮᠵᠢᠯᠴᠠᠨ ᠠᠬᠢᠭᠤᠯᠵᠤ ᠳᠦᠷᠢᠮᠵᠢᠭᠦᠯᠦᠭᠰᠡᠨ ᠪᠠᠶᠢᠳᠠᠯ ᠢ ᠪᠤᠢ ᠪᠣᠯᠭᠠᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠳᠤᠯᠠᠭᠠᠨ ᠢ ᠡᠵᠡᠮᠰᠢᠨ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠬᠠᠷᠠᠯᠲᠠ ᠶᠢ ᠴᠢᠷᠮᠠᠶᠢᠨ ᠪᠡᠶᠡᠯᠡᠭᠦᠯᠦᠨ᠎ᠡ᠃      ᠬᠤᠶᠠᠷ᠂ ᠲᠤᠭᠤᠷᠪᠢᠭᠰᠠᠨ ᠶᠠᠪᠤᠴᠠ      2019 ᠣᠨ ᠤ 10 ᠰᠠᠷ᠎ᠠ ᠶᠢᠨ ᠰᠡᠭᠦᠯᠴᠢ ᠪᠠᠷ᠂ ᠠᠮᠢ ᠠᠬᠤᠶ ᠣᠷᠴᠢᠨ ᠲᠣᠭᠤᠷᠢᠨ ᠤ ᠶᠠᠮᠤᠨ ᠪᠡᠭᠡᠵᠢᠩ ᠳᠤ ᠯᠢᠶᠣᠤᠨᠢᠩ᠂ ᠴᠦᠩᠴᠢᠩ᠂ ᠭᠤᠸᠠᠩᠰᠢ᠂ ᠨᠢᠩᠰᠢᠶᠠ᠂ ᠲᠥᠪᠡᠳ᠂ ᠥᠪᠥᠷ ᠮᠣᠩᠭᠤᠯ ᠵᠡᠷᠭᠡ ᠮᠤᠵᠢ ᠣᠷᠣᠨ ᠢ ᠳᠠᠭᠤᠳᠠᠨ ᠴᠤᠭᠯᠠᠭᠤᠯᠵᠤ ᠬᠦᠯᠡᠮᠵᠢ ᠶᠢᠨ ᠬᠡᠶ ᠶᠢᠨ ᠭᠠᠳᠠᠭᠰᠢᠯᠠᠭᠤᠯᠤᠯᠲᠠ ᠶᠢ ᠡᠵᠡᠮᠰᠢᠬᠦ ᠬᠠᠷᠠᠯᠲᠠ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠶᠠᠷᠢᠯᠴᠠᠨ᠂ ᠮᠠᠨ ᠤ ᠣᠷᠣᠨ ᠤ ᠭᠤᠤᠯᠳᠠᠯᠭ᠎ᠠ ᠨᠢ ᠤᠯᠤᠰ ᠠᠴᠠ ᠬᠠᠪᠰᠤᠷᠤᠨ ᠰᠢᠢᠳᠪᠤᠷᠢᠯᠡᠬᠦ ᠴᠢᠬᠤᠯᠠᠲᠠᠶ ᠠᠰᠠᠭᠤᠳᠠᠯ ᠤᠨ ᠲᠤᠬᠠᠶ ᠰᠢᠢᠳᠪᠤᠷᠢᠯᠡᠬᠦ ᠰᠠᠨᠠᠭᠤᠯᠭ᠎ᠠ ᠳᠤᠷᠠᠳᠪᠠ᠃ ᠳᠠᠷᠠᠭ᠎ᠠ ᠨᠢ᠂ ᠪᠢᠳᠡ ᠳᠣᠲᠣᠭᠠᠳᠤ ᠭᠠᠳᠠᠭᠠᠳᠤ ᠬᠤᠶᠠᠷ ᠲᠠᠯ᠎ᠠ ᠠᠴᠠ ᠠᠷᠭ᠎ᠠ ᠪᠣᠳᠣᠵᠤ᠂ ᠠᠵᠢᠯ ᠬᠢᠵᠦ᠂ ︽ᠠᠷᠪᠠᠨ ᠭᠤᠷᠪᠠᠳᠤᠭᠠᠷ ᠲᠠᠪᠤᠨ ᠵᠢᠯ ︾ ᠤᠨ ᠲᠥᠯᠥᠪᠵᠢᠭᠦᠯᠭᠡ ᠶᠢᠨ ᠨᠡᠭᠦᠷᠡᠰᠦᠲᠥ᠋ᠷᠥᠭᠴᠢ ᠪᠠᠭᠤᠷᠠᠭᠤᠯᠬᠤ ᠡᠭᠦᠷᠭᠡ ᠬᠠᠷᠠᠯᠲᠠ ᠶᠢ ᠮᠠᠰᠢ ᠶᠡᠭᠡ ᠴᠢᠷᠮᠠᠶᠢᠯᠭ᠎ᠠ ᠭᠠᠷᠭᠠᠵᠤ ᠪᠡᠶᠡᠯᠡᠭᠦᠯᠦᠭᠰᠡᠨ ᠶᠤᠮ᠃ ︽ᠬᠤᠯᠪᠣᠭᠠᠲᠤ ᠬᠤᠷᠠᠯ ᠤᠨ ᠳᠦᠷᠢᠮ︾ ᠢ ᠲᠤᠭᠤᠷᠪᠢᠬᠤ ᠶᠠᠪᠤᠴᠠ ᠳᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠵᠢᠴᠢ ᠡᠨᠧᠷᠭᠢ ᠠᠷᠪᠢᠯᠠᠵᠤ ᠪᠣᠬᠢᠷᠲᠤᠯ ᠢ ᠪᠠᠭᠠᠰᠬᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠭᠦᠨᠵᠡᠭᠡᠶ ᠰᠤᠳᠤᠯᠵᠤ᠂ ᠪᠤᠰᠤᠳ ᠮᠣᠵᠢ ᠬᠤᠲᠠ ᠶᠢᠨ ᠨᠡᠭᠦᠷᠡᠰᠦᠲᠥ᠋ᠷᠥᠭᠴᠢ ᠶᠢᠨ ᠬᠦᠴᠦᠯᠡᠴᠡ ᠶᠢ ᠡᠵᠡᠮᠳᠡᠬᠦ ᠠᠵᠢᠯ ᠤᠨ ᠲᠤᠷᠰᠢᠯᠭ᠎ᠠ ᠪᠠᠷ ᠲᠣᠯᠢ ᠪᠣᠯᠭᠠᠬᠤ ᠶᠢᠨ ᠬᠠᠮᠲᠤ ᠮᠠᠨ ᠤ ᠣᠷᠣᠨ ᠤ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠪᠠ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠪᠠ᠃ ᠡᠨᠡ ᠬᠤᠭᠤᠴᠠᠭᠠᠨ ᠳᠤ᠂ ᠮᠠᠨ ᠤ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠪᠠ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠤᠬᠠᠢ ᠲᠤᠰᠬᠠᠶ ᠠᠵᠢᠯ ᠤᠨ ᠬᠤᠯᠪᠣᠭᠠᠲᠤ ᠬᠤᠷᠠᠯ ᠤᠨ ᠲᠦᠷᠢᠮ ︵ᠰᠠᠨᠠᠯ ᠬᠤᠷᠢᠶᠠᠬᠤ ᠨᠣᠤᠷᠠᠭ︶ ᠤᠨ ᠰᠠᠨᠠᠯ ᠬᠤᠷᠢᠶᠠᠬᠤ ᠲᠤᠬᠠᠶ ᠪᠢᠴᠢᠭ︾ ᠢ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠨᠢᠭᠡᠴᠢ ᠠᠴᠠ ᠰᠠᠨᠠᠯ ᠵᠥᠪᠯᠡᠯᠭᠡ ᠬᠤᠷᠢᠶᠠᠨ᠂ ᠶᠡᠷᠦᠩᠬᠡᠶᠢᠯᠡᠨ ᠵᠠᠳᠠᠯᠵᠤ᠂ ᠬᠢᠨᠠᠮᠠᠭᠠᠶ ᠰᠤᠳᠤᠯᠬᠤ ᠪᠠᠷ ᠳᠠᠮᠵᠢᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠪᠠ ᠪᠣᠬᠢᠷᠲᠤᠯ ᠪᠤᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠤᠬᠠᠢ ᠲᠤᠰᠬᠠᠶ ᠠᠵᠢᠯ ᠤᠨ ᠬᠤᠯᠪᠣᠭᠠᠲᠤ ᠬᠤᠷᠠᠯ ᠤᠨ ᠳᠦᠷᠢᠮ ︵ᠬᠦᠷᠭᠡᠨ ᠬᠢᠨᠠᠭᠤᠯᠬᠤ ᠨᠣᠣᠷᠠᠭ︶︾ ᠢ ᠲᠥᠯᠥᠪᠰᠢᠭᠦᠯᠪᠡ᠃      ᠭᠤᠷᠪᠠ᠂ ᠭᠤᠤᠯ ᠠᠭᠤᠯᠭ᠎ᠠ      ︽ᠬᠤᠯᠪᠣᠭᠠᠲᠤ ᠬᠤᠷᠠᠯ ᠤᠨ ᠲᠦᠷᠢᠮ︾ ᠢ ᠨᠡᠶᠢᠳᠡ ᠲᠠᠪᠤᠨ ᠬᠡᠰᠡᠭ ᠲᠤ ᠬᠤᠪᠢᠶᠠᠨ᠎ᠠ᠂ ᠭᠤᠤᠯ ᠡᠭᠦᠷᠭᠡ ᠬᠠᠷᠢᠭᠤᠴᠠᠯᠭ᠎ᠠ᠂ ᠪᠦᠷᠢᠯᠳᠦᠬᠦᠨ ᠨᠢᠭᠡᠴᠢ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠂ ᠠᠵᠢᠯ ᠤᠨ ᠲᠦᠷᠢᠮ ᠪᠠ ᠠᠵᠢᠯ ᠤᠨ ᠱᠠᠭᠠᠷᠳᠠᠯᠭ᠎ᠠ ᠵᠡᠷᠭᠡ ᠪᠠᠭᠲᠠᠨ᠎ᠠ᠃ ᠨᠢᠭᠡᠳᠦᠭᠡᠷ ᠬᠡᠰᠡᠭ ᠨᠢ ᠭᠤᠣᠯ ᠡᠭᠦᠷᠭᠡ ᠬᠠᠷᠢᠭᠤᠴᠠᠯᠭ᠎ᠠ ᠪᠣᠯᠤᠨ᠎ᠠ᠃ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠪᠠ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠤᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ  ᠪᠠ ᠮᠦᠨ ᠴᠤ ᠮᠠᠨ ᠤ ᠣᠷᠣᠨ ᠤ ᠪᠣᠳᠠᠲᠤ ᠪᠠᠢᠳᠠᠯ ᠲᠠᠢ ᠤᠶᠠᠯᠳᠤᠭᠤᠯᠤᠨ᠂ ᠬᠤᠯᠪᠣᠭᠠᠲᠤ ᠬᠤᠷᠠᠯ ᠤᠨ ᠳᠦᠷᠢᠮ ᠤᠨ ᠭᠤᠤᠯ ᠡᠭᠦᠷᠭᠡ ᠴᠢᠳᠠᠪᠤᠷᠢ ᠶᠢ ᠲᠠᠪᠤᠨ ᠲᠠᠯ᠎ᠠ ᠠᠴᠠ ᠲᠤᠭᠤᠷᠪᠢᠨ ᠲᠣᠭᠲᠠᠭᠠᠪᠠ᠃ ᠬᠤᠶᠠᠳᠤᠭᠠᠷ ᠬᠡᠰᠡᠭ ᠨᠢ ᠪᠦᠷᠢᠯᠳᠦᠬᠦᠨ ᠨᠢᠭᠡᠴᠢ᠂ ᠥᠪᠡᠷᠲᠡᠭᠡᠨ ᠵᠠᠰᠠᠬᠤ ᠣᠷᠣᠨ ᠤ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠪᠠ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠤᠰᠬᠠᠶ ᠠᠵᠢᠯ ᠤᠨ ᠬᠤᠯᠪᠣᠭᠠᠲᠤ ᠬᠤᠷᠠᠯ ᠤᠨ ᠲᠦᠷᠢᠮ ᠤᠨ ᠪᠦᠷᠢᠯᠳᠦᠬᠦᠨ  ᠨᠢᠭᠡᠴᠢ ᠨᠢ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠥᠭᠡᠷᠡᠴᠢᠯᠡᠯᠲᠡ ᠬᠥᠭᠵᠢᠭᠦᠯᠦᠯᠲᠡ ᠶᠢᠨ ᠵᠥᠪᠯᠡᠯ ᠵᠡᠷᠭᠡ 30 ᠰᠠᠯᠠᠭ᠎ᠠ ᠮᠥᠴᠢᠷ ᠪᠠ ᠪᠠᠶᠢᠭᠤᠯᠭ᠎ᠠ ᠨᠢᠭᠡᠴᠢ ᠪᠠᠷ ᠪᠦᠷᠢᠯᠳᠦᠵᠡᠢ᠃ ᠭᠤᠷᠪᠠᠳᠤᠭᠠᠷ ᠬᠡᠰᠡᠭ ᠨᠢ ᠪᠦᠷᠢᠯᠳᠦᠬᠦᠨ ᠨᠢᠭᠡᠴᠢ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠪᠣᠯᠤᠨ᠎ᠠ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠠᠷᠠᠭᠠᠬᠢ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠢᠭᠡᠴᠢ ᠶᠢᠨ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ ᠶᠢ ᠦᠨᠳᠦᠰᠦᠯᠡᠨ᠂ ᠤᠯᠤᠰ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠵᠢᠴᠢ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠲᠣᠬᠢᠷᠠᠭᠤᠯᠤᠯᠲᠠ ᠶᠢᠨ ᠪᠠᠶᠢᠳᠠᠯ ᠢᠶᠠᠷ ᠯᠠᠪᠯᠠᠯᠲᠠ ᠪᠣᠯᠭᠠᠵᠤ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠥᠭᠡᠷᠡᠴᠢᠯᠡᠯᠲᠡ ᠬᠥᠭᠵᠢᠭᠦᠯᠦᠯᠲᠡ ᠶᠢᠨ ᠵᠥᠪᠯᠡᠯ ᠵᠡᠷᠭᠡ ᠶᠢᠨ 20 ᠰᠠᠯᠠᠭ᠎ᠠ ᠮᠥᠴᠢᠷ ᠪᠠ ᠪᠠᠶᠢᠭᠤᠯᠭ᠎ᠠ ᠨᠢᠭᠡᠴᠢ ᠶᠢ ᠭᠤᠤᠯᠳᠠᠯᠭ᠎ᠠ ᠲᠠᠢ ᠰᠠᠯᠠᠭ᠎ᠠ ᠮᠥᠴᠢᠷ ᠪᠤᠶᠤ ᠨᠢᠭᠡᠴᠢ ᠪᠣᠯᠭᠠᠵᠤ᠂ ᠲᠡᠷᠡᠴᠢᠯᠡᠨ ᠡᠨᠡ ᠬᠦ ᠠᠵᠢᠯ ᠤᠨ ᠳᠤᠮᠳᠠᠬᠢ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠪᠠ᠂ ᠳᠥᠷᠪᠡᠳᠦᠭᠡᠷ ᠬᠡᠰᠡᠭ ᠨᠢ ᠠᠵᠢᠯ ᠤᠨ ᠲᠦᠷᠢᠮ ᠪᠣᠯᠤᠨ᠎ᠠ᠂ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠪᠠ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠤᠰᠬᠠᠶ ᠠᠵᠢᠯ ᠤᠨ ᠪᠦᠷᠢᠯᠳᠦᠬᠦᠨ ᠨᠢᠭᠡᠴᠢ ᠶᠢᠨ ᠬᠤᠯᠪᠣᠭᠠᠲᠤ ᠬᠤᠷᠠᠯ ᠢ ᠬᠤᠷᠠᠯᠳᠤᠭᠤᠯᠬᠤ᠂ ᠬᠤᠯᠪᠣᠭᠠᠲᠤ ᠬᠤᠷᠠᠯ ᠤᠨ ᠪᠦᠷᠢᠯᠳᠦᠬᠦᠨ ᠨᠢᠭᠡᠴᠢ ᠶᠢᠨ ᠬᠤᠯᠪᠣᠭᠠᠴᠢᠨ ᠤ ᠪᠠᠶᠢᠭᠤᠯᠤᠯ ᠢ ᠲᠣᠭᠲᠠᠭᠠᠬᠤ᠂ ᠪᠠᠶᠢᠩᠭᠤᠵᠢᠭᠰᠠᠨ ᠮᠡᠳᠡᠭᠡ ᠵᠠᠩᠭᠢ ᠶᠢᠨ ᠰᠣᠯᠢᠯᠴᠠᠭᠠᠨ ᠤ ᠲᠣᠭᠲᠠᠴᠠ ᠶᠢ ᠪᠦᠷᠢᠨ ᠲᠡᠭᠦᠰ ᠪᠣᠯᠭᠠᠬᠤ᠂ ᠨᠡᠭᠦᠷᠡᠰᠦᠲᠥ᠋ᠷᠥᠭᠴᠢ ᠶᠢᠨ ᠬᠦᠴᠦᠯᠡᠴᠡ ᠶᠢ ᠡᠵᠡᠮᠳᠡᠨ ᠵᠠᠳᠠᠯᠵᠤ ᠤᠷᠢᠳᠴᠢᠯᠠᠨ ᠰᠡᠷᠡᠮᠵᠢᠯᠡᠭᠦᠯᠬᠦ ᠲᠦᠷᠢᠮ ᠢ ᠬᠡᠷᠡᠭᠵᠢᠭᠦᠯᠬᠦ ᠵᠡᠷᠭᠡ ᠲᠠᠯ᠎ᠠ ᠪᠠᠷ ᠬᠤᠯᠪᠣᠭᠠᠲᠤ ᠬᠤᠷᠠᠯ ᠤᠨ ᠪᠠᠶᠢᠭᠤᠯᠤᠯ ᠤᠨ ᠠᠵᠢᠯ ᠤᠨ ᠲᠦᠷᠢᠮ ᠢ ᠲᠣᠳᠣᠷᠬᠠᠶᠢᠯᠠᠨ᠎ᠠ︔ ᠲᠠᠪᠤᠳᠤᠭᠠᠷ ᠬᠡᠰᠡᠭ ᠨᠢ ᠠᠵᠢᠯ ᠤᠨ ᠱᠠᠭᠠᠷᠳᠠᠯᠭ᠎ᠠ ᠪᠣᠯᠤᠨ᠎ᠠ᠂ ᠮᠠᠨ ᠤ ᠣᠷᠣᠨ ᠤ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠪᠠ ᠪᠣᠬᠢᠷᠲᠤᠯ ᠪᠤᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠳᠠᠭᠠᠭᠠᠮᠠᠭᠠᠢ ᠪᠦᠲᠦᠮᠵᠢᠲᠡᠶ ᠠᠵᠢᠯ ᠤᠨ ᠲᠣᠭᠲᠠᠴᠠ ᠶᠢ ᠲᠥᠯᠥᠪᠰᠢᠭᠦᠯᠬᠦ ᠲᠤᠬᠠᠶ ᠬᠡᠳᠦᠨ ᠱᠠᠭᠠᠷᠳᠠᠯᠭ᠎ᠠ ᠳᠤᠷᠠᠳᠪᠠ᠃      ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠪᠠ ᠪᠣᠬᠢᠷᠲᠤᠯ ᠪᠤᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠤᠰᠬᠠᠶ ᠠᠵᠢᠯ ᠤᠨ ᠲᠢᠩᠬᠢᠮ ᠤᠨ ᠬᠤᠭᠤᠷᠣᠨᠳᠣᠬᠢ ᠬᠤᠯᠪᠣᠭᠠᠲᠤ ᠬᠤᠷᠠᠯ ᠤᠨ ᠲᠦᠷᠢᠮ ᠢ ᠪᠠᠶᠢᠭᠤᠯᠬᠤ ᠲᠤᠬᠠᠶ ᠮᠡᠳᠡᠭᠳᠡᠯ
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号