︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠯᠣᠳ ᠲᠡᠮᠦᠷ ᠤᠨ ᠠᠵᠢᠯ ᠲᠥᠷᠥᠯ ᠤᠨ ᠬᠡᠲᠦ ᠳᠣᠤᠷ᠎ᠠ ᠭᠠᠳᠠᠭᠰᠢᠯᠠᠭᠤᠯᠤᠯᠲᠠ ᠶᠢ ᠠᠬᠢᠭᠤᠯᠬᠤ ᠬᠡᠷᠡᠭᠵᠢᠭᠦᠯᠬᠦ ᠲᠥᠰᠦᠯ︾ ᠤᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2020/5/18
     ᠪᠣᠯᠣᠳ ᠲᠡᠮᠦᠷ ᠤᠨ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠪᠤᠯᠤᠨ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠵᠤ᠂ ᠬᠥᠬᠡ ᠣᠭᠲᠠᠷᠭᠤᠶ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠬᠦᠴᠦᠨ ᠨᠡᠮᠡᠷᠢᠯᠡᠬᠦ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠤᠷᠢ ᠪᠠ ᠮᠡᠳᠡᠭᠡ ᠵᠠᠩᠭᠢᠴᠢᠯᠠᠯᠳᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠵᠡᠷᠭᠡ ᠲᠠᠪᠤᠨ ᠰᠠᠯᠠᠭ᠎ᠠ ᠮᠥᠴᠢᠷ ᠬᠠᠮᠲᠤᠷᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠯᠣᠳ ᠲᠡᠮᠦᠷ ᠤᠨ ᠠᠵᠢᠯ ᠲᠥᠷᠥᠯ ᠤᠨ ᠬᠡᠲᠦ ᠳᠣᠤᠷ᠎ᠠ ᠭᠠᠳᠠᠭᠰᠢᠯᠠᠭᠤᠯᠤᠯᠲᠠ ᠶᠢ ᠠᠬᠢᠭᠤᠯᠬᠤ ᠬᠡᠷᠡᠭᠵᠢᠭᠦᠯᠬᠦ ᠲᠥᠰᠦᠯ︾ ︵ᠳᠣᠷᠣᠭᠰᠢ ︽ᠬᠡᠷᠡᠭᠵᠢᠭᠦᠯᠬᠦ ᠲᠥᠰᠦᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠬᠠᠮᠢᠶ᠎ᠠ ᠪᠦᠬᠦᠢ ᠠᠭᠤᠯᠭ᠎ᠠ ᠶᠢ ᠳᠣᠣᠷᠠᠬᠢ ᠮᠡᠲᠦ ᠲᠠᠶᠢᠯᠪᠤᠷᠢᠯᠠᠶ᠎ᠠ᠄      ᠨᠢᠭᠡ᠂ ︽ᠬᠡᠷᠡᠭᠵᠢᠭᠦᠯᠬᠦ ᠲᠥᠯᠥᠪᠯᠡᠭᠡ︾ ᠶᠢ ᠨᠡᠶᠢᠲᠡᠯᠡᠭᠰᠡᠨ ᠠᠬᠤᠶ ᠪᠠᠶᠢᠳᠠᠯ      ᠪᠣᠯᠣᠳ ᠲᠡᠮᠦᠷ ᠤᠨ ᠠᠵᠢᠯ ᠲᠥᠷᠥᠯ ᠤᠨ ᠭᠠᠷ ᠤᠷᠠᠯᠠᠯ ᠤᠨ ᠶᠠᠪᠤᠴᠠ ᠤᠷᠲᠤ᠂ ᠪᠣᠬᠢᠷᠲᠤᠯ ᠤᠨ ᠭᠤᠭᠴᠤᠭ᠎ᠠ ᠣᠯᠠᠨ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠡᠭᠡ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠤᠷᠢ ᠶᠢᠨ ᠬᠠᠶᠠᠭᠳᠠᠮᠠᠯ ᠬᠡᠢ ᠶᠢ ᠵᠠᠰᠠᠬᠤ ᠠᠵᠢᠯ ᠤᠨ ᠭᠤᠤᠯᠳᠠᠯᠭ᠎ᠠ ᠪᠣᠯᠬᠤ ᠶᠤᠮ᠃ ᠪᠣᠯᠣᠳ ᠲᠡᠮᠦᠷ ᠤᠨ ᠠᠵᠢᠯ ᠲᠥᠷᠥᠯ ᠤᠨ ᠭᠡᠲᠦ ᠲᠤᠤᠷ᠎ᠠ ᠭᠠᠳᠠᠭᠰᠢᠯᠠᠭᠤᠯᠤᠯᠲᠠ ᠶᠢ ᠠᠬᠢᠭᠤᠯᠬᠤ ᠪᠣᠯ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ︽ᠬᠥᠬᠡ ᠣᠭᠲᠠᠷᠭᠤᠶ ᠶᠢ ᠬᠠᠮᠠᠭᠠᠯᠠᠬᠤ ᠲᠠᠶᠢᠯᠠᠯᠳᠤᠭᠠᠨ ᠤ ᠢᠯᠠᠯᠲᠠ ᠶᠢ ᠣᠯᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠳᠤ ᠲᠣᠭᠲᠠᠭᠠᠭᠰᠠᠨ ᠭᠤᠤᠯᠳᠠᠯᠭ᠎ᠠ ᠲᠠᠢ ᠡᠭᠦᠷᠭᠡ ᠶᠢᠨ ᠨᠢᠭᠡ ᠪᠣᠯᠤᠨ᠎ᠠ᠂ ᠮᠦᠨ ᠴᠤ ᠮᠠᠨ ᠤ ᠣᠷᠣᠨ ᠤ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠠᠮᠢ ᠠᠬᠤᠶ ᠣᠷᠴᠢᠨ ᠲᠣᠭᠤᠷᠢᠨ ᠤ ᠶᠠᠮᠤᠨ ᠵᠡᠷᠭᠡ 5 ᠶᠠᠮᠤᠨ ᠵᠥᠪᠯᠡᠯ ᠤᠨ ︽ᠪᠣᠯᠣᠳ ᠲᠡᠮᠦᠷ ᠤᠨ ᠠᠵᠢᠯ ᠲᠥᠷᠥᠯ ᠤᠨ ᠬᠡᠲᠦ ᠳᠣᠤᠷ᠎ᠠ ᠭᠠᠳᠠᠭᠰᠢᠯᠠᠭᠤᠯᠤᠯᠲᠠ ᠶᠢ ᠬᠡᠷᠡᠭᠵᠢᠭᠦᠯᠬᠦ ᠶᠢ ᠠᠬᠢᠭᠤᠯᠬᠤ ᠲᠤᠬᠠᠶ ᠰᠠᠨᠠᠯ︾ ︵ᠤᠷᠴᠢᠨ ᠠᠭᠠᠷ ᠮᠠᠨᠳᠠᠯ ︹2019 ︺ 35 ᠳ᠋ᠤᠭᠠᠷ ᠲᠣᠭᠠᠲᠤ︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡ ᠣᠭᠲᠠᠷᠭᠤᠶ ᠶᠢ ᠬᠠᠮᠠᠭᠠᠯᠠᠬᠤ ᠲᠠᠶᠢᠯᠠᠯᠳᠤᠭᠠᠨ ᠳᠤ ᠢᠯᠠᠯᠲᠠ ᠤᠯᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢᠨ ᠬᠡᠷᠡᠭᠵᠢᠭᠦᠯᠬᠦ ᠲᠥᠰᠦᠯ ︾ ︵ᠥᠪᠥᠷ ᠵᠠᠰᠠᠭ ᠲᠠᠷᠬᠠᠭᠠᠭᠰᠠᠨ ︹2018 ︺ 37 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠬᠡᠷᠡᠭᠵᠢᠭᠦᠯᠬᠦ ᠲᠥᠰᠦᠯ︾ ᠢ ᠲᠤᠭᠳᠠᠭᠠᠭᠰᠠᠨ ᠪᠠᠶᠢᠨ᠎ᠠ᠃      ᠬᠤᠶᠠᠷ᠂ ᠪᠣᠯᠣᠳ ᠲᠡᠮᠦᠷ ᠤᠨ ᠠᠵᠢᠯ ᠲᠥᠷᠥᠯ ᠤᠨ ᠬᠡᠲᠦ ᠳᠣᠤᠷ᠎ᠠ ᠭᠠᠳᠠᠭᠰᠢᠯᠠᠭᠤᠯᠬᠤ ᠥᠭᠡᠷᠡᠴᠢᠯᠡᠯᠲᠡ ᠶᠢᠨ ᠬᠠᠷᠠᠯᠲᠠ      ︽ᠬᠡᠷᠡᠭᠵᠢᠭᠦᠯᠬᠦ ᠲᠥᠰᠦᠯ︾ ᠳᠤ ᠥᠪᠡᠷᠲᠡᠭᠡᠨ ᠵᠠᠰᠠᠬᠤ ᠣᠷᠣᠨ ᠤ ᠰᠢᠨ᠎ᠡ ᠪᠠᠷ ᠪᠠᠶᠢᠭᠤᠯᠬᠤ ᠪᠠ ᠨᠡᠭᠦᠯᠭᠡᠬᠦ ᠪᠠᠷ ᠪᠠᠶᠢᠭ᠎ᠠ ᠪᠣᠯᠣᠳ ᠲᠡᠮᠦᠷ ᠤᠨ ᠠᠵᠤ ᠠᠬᠤᠶᠢᠯᠠᠯ᠂ ᠣᠲᠣ ᠶᠢᠨ ᠪᠠᠶᠢᠭ᠎ᠠ ᠪᠣᠯᠣᠳ ᠲᠡᠮᠦᠷ ᠤᠨ ᠠᠵᠤ ᠠᠬᠤᠶᠢᠯᠠᠯ ᠳᠤ ᠬᠠᠨᠳᠣᠭᠤᠯᠤᠨ ᠬᠤᠶᠠᠷ ᠲᠥᠷᠥᠯ ᠤᠨ ᠥᠭᠡᠷᠡᠴᠢᠯᠡᠯᠲᠡ ᠶᠢᠨ ᠬᠠᠷᠠᠯᠲᠠ ᠶᠢ ᠲᠣᠭᠲᠠᠭᠠᠪᠠ᠄      ᠪᠣᠯᠣᠳ ᠲᠡᠮᠦᠷ ᠤᠨ ᠠᠵᠤ ᠠᠬᠤᠶᠢᠯᠠᠯ ᠢ ᠰᠢᠨ᠎ᠡ ᠪᠠᠷ ᠪᠠᠶᠢᠭᠤᠯᠬᠤ ᠪᠠ ᠨᠡᠭᠦᠯᠭᠡᠬᠦ᠄ ᠪᠣᠯᠣᠳ ᠲᠡᠮᠦᠷ ᠬᠠᠶᠢᠯᠤᠭᠤᠯᠵᠤ ᠦᠢᠯᠡᠳᠪᠤᠷᠢᠯᠡᠬᠦ ᠴᠢᠳᠠᠪᠤᠷᠢ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠬᠤᠷᠢᠭᠯᠠᠨ᠂ ᠰᠢᠨ᠎ᠡ ᠪᠠᠷ ᠥᠭᠡᠷᠡᠴᠢᠯᠡᠵᠦ ᠥᠷᠭᠡᠳᠬᠡᠨ ᠪᠠᠶᠢᠭᠤᠯᠬᠤ ︵ᠨᠡᠭᠦᠯᠭᠡᠬᠦ ᠪᠠᠭᠲᠠᠨ᠎ᠠ︶ ᠪᠣᠯᠣᠳ ᠲᠡᠮᠦᠷ ᠤᠨ ᠲᠥᠷᠥᠯ ᠵᠤᠶᠢᠯ ᠳᠤ ᠤᠯᠤᠰ ᠤᠨ ᠦᠢᠯᠡᠳᠪᠤᠷᠢᠯᠡᠬᠦ ᠴᠢᠳᠠᠪᠤᠷᠢ ᠶᠢ ᠰᠣᠯᠢᠬᠤ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠪᠣᠯᠣᠳ ᠲᠡᠮᠦᠷ ᠤᠨ ᠠᠵᠤ ᠠᠬᠤᠶᠢᠯᠠᠯ ᠤᠨ ᠬᠡᠲᠦ ᠳᠣᠣᠷ᠎ᠠ ᠭᠠᠳᠠᠭᠰᠢᠯᠠᠭᠤᠯᠬᠤ ᠭᠦᠢᠴᠡᠳᠬᠡᠯ ᠲᠤᠭ᠎ᠠ ᠶᠢᠨ ᠱᠠᠭᠠᠷᠳᠠᠯᠭ᠎ᠠ ᠶᠣᠰᠣᠭᠠᠷ᠂ ᠬᠦᠬᠦᠷ ᠥᠬᠡᠶᠢᠳᠡᠭᠦᠯᠬᠦ᠂ ᠱᠡᠤ ᠥᠬᠡᠶᠢᠳᠡᠭᠦᠯᠬᠦ᠂ ᠲᠣᠭᠤᠰᠣ ᠠᠷᠢᠯᠭᠠᠬᠤ ᠵᠡᠷᠭᠡ ᠥᠨᠳᠥᠷ ᠦᠷ᠎ᠡ ᠪᠦᠲᠦᠮᠵᠢᠲᠡᠶ ᠠᠷᠭ᠎ᠠ ᠬᠡᠮᠵᠢᠶ᠎ᠡ ᠶᠢ ᠵᠡᠷᠭᠡ ᠳᠤᠨᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠵᠤ᠂ ᠡᠳ᠋ ᠮᠠᠲ᠋ᠧᠷᠢᠶᠠᠯ ᠢ ᠬᠠᠳᠠᠭᠠᠯᠠᠬᠤ᠂ ᠬᠦᠷᠭᠡᠬᠦ ᠵᠢᠴᠢ  ᠦᠢᠯᠡᠳᠪᠤᠷᠢᠯᠡᠯ ᠤᠨ ᠤᠷᠠᠯᠠᠯ ᠤᠨ ᠶᠠᠪᠤᠴᠠ ᠳᠤ ᠵᠣᠬᠢᠶᠠᠨ ᠪᠠᠶᠢᠭᠤᠯᠤᠯᠲᠠ ᠦᠭᠡᠢ ᠭᠠᠳᠠᠭᠰᠢᠯᠠᠭᠤᠯᠤᠯᠲᠠ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ ᠃ ᠶᠡᠭᠡ ᠬᠡᠮᠵᠢᠶᠡᠨ ᠤ ᠡᠳ᠋ ᠮᠠᠲ᠋ᠧᠷᠢᠶᠠᠯ ᠪᠣᠯᠤᠨ ᠪᠥᠳᠥᠭᠡᠭᠳᠡᠭᠦᠨ ᠢ ᠠᠷᠢᠭᠤᠨ ᠴᠡᠪᠡᠷ ᠠᠷᠭ᠎ᠠ ᠮᠠᠶ᠋ᠢᠭ ᠢᠶᠠᠷ ᠲᠡᠭᠡᠭᠡᠪᠦᠷᠢᠯᠡᠨ᠎ᠡ᠃ ᠪᠣᠯᠣᠳ ᠲᠡᠮᠦᠷ ᠬᠠᠶᠢᠯᠤᠭᠤᠯᠵᠤ ᠦᠢᠯᠡᠳᠪᠦᠷᠢᠯᠡᠯ ᠤᠨ ᠴᠢᠳᠠᠪᠤᠷᠢ ᠶᠢ ᠣᠷᠴᠢᠨ ᠲᠣᠭᠤᠷᠢᠨ ᠤ ᠪᠠᠭᠲᠠᠭᠠᠮᠵᠢ ᠪᠠᠷ ᠶᠡᠭᠡ᠂ ᠡᠬᠢ ᠪᠠᠶᠠᠯᠢᠭ ᠤᠨ ᠪᠠᠲᠤᠯᠠᠭ᠎ᠠ ᠶᠢᠨ ᠨᠥᠬᠦᠴᠡᠯ ᠢᠶᠠᠷ ᠰᠠᠶᠢᠨ ᠭᠠᠵᠠᠷ ᠣᠷᠣᠨ ᠲᠡᠰᠢ ᠰᠢᠯᠵᠢᠬᠦ ᠶᠢ ᠲᠡᠮᠵᠢᠨ᠎ᠡ᠃      ᠣᠲᠣ ᠪᠠᠶᠢᠭ᠎ᠠ ᠪᠣᠯᠣᠳ ᠲᠡᠮᠦᠷ ᠤᠨ ᠠᠵᠤ ᠠᠬᠤᠶᠢᠯᠠᠯ᠄ 2025 ᠣᠨ ᠤ ᠰᠡᠭᠦᠯᠴᠢ ᠠᠴᠠ ᠡᠮᠦᠨ᠎ᠡ᠂ ᠪᠥᠬᠦ ᠣᠷᠣᠨ ᠤ ᠪᠣᠯᠣᠳ ᠲᠡᠮᠦᠷ ᠤᠨ ᠬᠤᠯᠪᠣᠭᠠᠲᠤ ᠠᠵᠤ ᠠᠬᠤᠶᠢᠯᠠᠯ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠦᠨᠳᠦᠰᠦᠨ ᠳᠡᠭᠡᠨ ᠪᠡᠶᠡᠯᠡᠭᠦᠯᠦᠨ᠎ᠡ︔ ᠪᠣᠯᠣᠳ ᠲᠡᠮᠦᠷ ᠤᠨ ᠬᠤᠯᠪᠤᠭᠠᠳᠣ ᠪᠤᠰᠤ ᠠᠵᠤ ᠠᠬᠤᠶᠢᠯᠠᠯ ᠵᠢᠴᠢ ᠰᠢᠷᠠᠮᠤ ᠬᠡᠷᠡᠭᠯᠡᠵᠦ ᠴᠢᠳᠬᠤᠬᠤ ᠠᠵᠤ ᠠᠬᠤᠶᠢᠯᠠᠯ ᠤᠨ ᠰᠢᠲᠠᠭᠠᠨ ᠪᠠᠷᠢᠯᠳᠤᠭᠤᠯᠬᠤ ᠮᠠᠰᠢᠨ᠂ ᠪᠦᠮᠪᠦᠭᠡᠯᠢᠭ ᠪᠠ ᠥᠨᠳᠥᠷ ᠵᠤᠤᠬ᠎ᠠ ᠳᠤ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ ᠰᠢᠭᠰᠢᠭᠳᠡᠭᠦᠯᠬᠦ ᠲᠥᠯᠥᠪᠯᠡᠭᠡ ᠳᠤ ᠣᠷᠣᠭᠤᠯᠤᠭᠰᠠᠨ ᠠᠵᠤ ᠠᠬᠤᠶᠢᠯᠠᠯ ᠪᠤᠶᠤ ᠲᠦᠬᠦᠭᠡᠷᠦᠮᠵᠢ ᠳᠤ ᠬᠡᠲᠦ ᠳᠣᠤᠷ᠎ᠠ ᠭᠠᠳᠠᠭᠰᠢᠯᠠᠭᠤᠯᠬᠤ ᠥᠭᠡᠷᠡᠴᠢᠯᠡᠯᠲᠡ ᠬᠢᠬᠦ ᠶᠢ ᠳᠠᠬᠢᠵᠤ ᠱᠠᠭᠠᠷᠳᠠᠬᠤ ᠦᠭᠡᠢ᠃      ᠭᠤᠷᠪᠠ᠂ ᠪᠣᠯᠣᠳ ᠲᠡᠮᠦᠷ ᠤᠨ ᠠᠵᠢᠯ ᠲᠥᠷᠥᠯ ᠤᠨ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠬᠡᠷᠡᠭᠵᠢᠭᠦᠯᠬᠦ ᠠᠯᠬᠤᠮ ᠳᠠᠷᠠᠭ᠎ᠠ      ᠬᠡᠲᠦ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠨᠢ ᠣᠳᠣᠬᠠᠨ ᠳᠤ ᠬᠠᠷᠠᠬᠠᠨ ᠵᠣᠷᠢᠭᠵᠢᠭᠤᠯᠬᠤ ᠤᠳᠤᠷᠢᠳᠤᠮᠵᠢ  ᠳᠤ ᠬᠠᠷᠢᠶᠠᠯᠠᠭᠳᠠᠵᠤ᠂ ︽ᠬᠡᠷᠡᠭᠵᠢᠭᠦᠯᠬᠦ ᠲᠥᠰᠦᠯ︾ ᠨᠢ ᠲᠣᠭᠲᠠᠭᠤᠨ ᠤ ᠳᠤᠮᠳᠠ ᠤᠷᠤᠭᠰᠢᠯᠠᠬᠤ ᠂ ᠠᠯᠬᠤᠮ ᠬᠤᠪᠢᠶᠠᠨ ᠬᠡᠷᠡᠭᠵᠢᠭᠦᠯᠬᠦ ᠠᠵᠢᠯ ᠤᠨ ᠶᠡᠷᠦᠩᠬᠡᠶ ᠬᠥᠭ ᠠᠶᠠᠰ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ 2020 ᠣᠨ᠂ 2023 ᠣᠨ᠂ 2025 ᠣᠨ ᠤ ᠥᠭᠡᠷᠡᠴᠢᠯᠡᠯᠲᠡ ᠶᠢᠨ ᠠᠵᠢᠯ ᠤᠨ ᠡᠭᠦᠷᠭᠡ ᠶᠢ ᠱᠠᠲᠤ ᠬᠤᠪᠢᠶᠠᠨ ᠲᠣᠭᠲᠠᠭᠠᠪᠠ᠃      ᠳᠥᠷᠪᠡ᠂ ᠪᠣᠯᠣᠳ ᠲᠡᠮᠦᠷ ᠤᠨ ᠠᠵᠤ ᠠᠬᠤᠶᠢᠯᠠᠯ ᠤᠨ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ ᠭᠦᠢᠴᠡᠳᠬᠡᠯ ᠲᠤᠭ᠎ᠠ ᠶᠢᠨ ᠱᠠᠭᠠᠷᠳᠠᠯᠭ᠎ᠠ      ︽ᠬᠡᠷᠡᠭᠵᠢᠭᠦᠯᠬᠦ ᠲᠥᠰᠦᠯ︾ ᠳᠤ ᠲᠣᠳᠣᠷᠬᠠᠶ ᠲᠣᠭᠲᠠᠭᠠᠭᠰᠠᠨ ᠨᠢ᠂ ᠪᠣᠯᠣᠳ ᠲᠡᠮᠦᠷ ᠤᠨ ᠠᠵᠤ ᠠᠬᠤᠶᠢᠯᠠᠯ ᠤᠨ ᠬᠡᠲᠦ ᠳᠣᠤᠷ᠎ᠠ ᠭᠠᠳᠠᠭᠰᠢᠯᠠᠭᠤᠯᠤᠯᠲᠠ ᠭᠡᠳᠡᠭ ᠨᠢ ᠪᠤᠢ ᠪᠦᠬᠦᠢ ᠦᠢᠯᠡᠳᠪᠤᠷᠢᠯᠡᠯ ᠤᠨ ᠭᠤᠭᠴᠤᠭ᠎ᠠ ︵ᠲᠦᠭᠦᠬᠡᠶ ᠮᠠᠲ᠋ᠧᠷᠢᠶᠠᠯ ᠤᠨ ᠲᠠᠯᠠᠪᠠᠢ᠂ ᠰᠢᠲᠠᠭᠠᠨ ᠪᠠᠷᠢᠯᠳᠤᠭᠤᠯᠬᠤ᠂ ᠪᠦᠮᠪᠦᠭᠡᠯᠢᠭ᠂ ᠨᠡᠭᠦᠷᠡᠰᠦ ᠬᠡᠤᠷᠰᠢᠭᠦᠯᠬᠦ᠂ ᠲᠡᠮᠦᠷ ᠬᠠᠶᠢᠯᠤᠭᠤᠯᠬᠤ᠂ ᠪᠣᠯᠣᠳ ᠬᠠᠶᠢᠯᠤᠭᠤᠯᠬᠤ᠂ ᠪᠣᠯᠣᠳ ᠬᠡᠪᠰᠢᠭᠦᠯᠬᠦ᠂ ᠪᠡᠯᠡᠳᠬᠡᠯ ᠴᠠᠬᠢᠯᠭᠠᠨ  ᠦᠢᠯᠡᠳᠪᠤᠷᠢ ᠵᠡᠷᠭᠡ ᠵᠢᠴᠢ ᠶᠡᠭᠡ ᠬᠡᠮᠵᠢᠶᠡᠨ ᠤ ᠪᠣᠳᠠᠰ ᠮᠠᠲ᠋ᠧᠷᠢᠶᠠᠯ ᠤᠨ ᠪᠦᠳᠦᠭᠡᠭᠳᠡᠭᠦᠨ ᠢ ᠲᠡᠭᠡᠭᠡᠪᠦᠷᠢᠯᠡᠬᠦ ᠶᠢ ᠪᠠᠭᠲᠠᠭᠠᠨ᠎ᠠ︶ ᠶᠢ ᠳᠡᠰ ᠳᠡᠪᠰᠢᠭᠦᠯᠦᠨ ᠥᠭᠡᠷᠡᠴᠢᠯᠡᠬᠦ ᠶᠢ ᠵᠢᠭᠠᠵᠤ ᠪᠣᠢ᠃ ᠡᠭᠦᠨ ᠳᠤ ᠭᠠᠳᠠᠭᠰᠢᠯᠠᠭᠤᠯᠬᠤ ᠶᠢ ᠬᠢᠵᠠᠭᠠᠷᠯᠠᠬᠤ ᠭᠦᠢᠴᠡᠳᠬᠡᠯ ᠲᠤᠭ᠎ᠠ᠂ ᠵᠣᠬᠢᠶᠠᠨ ᠪᠠᠶᠢᠭᠤᠯᠤᠯᠲᠠ ᠦᠭᠡᠶ ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠠᠷᠭ᠎ᠠ ᠬᠡᠮᠵᠢᠶ᠎ᠡ᠂ ᠶᠡᠭᠡ ᠬᠡᠮᠵᠢᠶᠡᠨ ᠤ ᠪᠣᠳᠠᠰ ᠤᠨ ᠮᠠᠲ᠋ᠧᠷᠢᠶᠠᠯ ᠤᠨ ᠪᠥᠳᠥᠭᠡᠭᠳᠡᠭᠦᠨ ᠢ ᠠᠷᠢᠭᠤᠨ ᠴᠡᠪᠡᠷ ᠲᠡᠭᠡᠭᠡᠪᠦᠷᠢᠯᠡᠬᠦ ᠱᠠᠭᠠᠷᠳᠠᠯᠭ᠎ᠠ᠂ ᠠᠵᠤ ᠠᠬᠤᠶᠢᠯᠠᠯ ᠤᠨ ᠪᠣᠬᠢᠷᠲᠤᠯ ᠭᠠᠳᠠᠭᠰᠢᠯᠠᠭᠤᠯᠬᠤ ᠶᠢ ᠬᠢᠨᠠᠨ ᠬᠡᠮᠵᠢᠵᠦ ᠡᠵᠡᠮᠳᠡᠬᠦ ᠱᠠᠭᠠᠷᠳᠠᠯᠭ᠎ᠠ ᠵᠡᠷᠭᠡ ᠶᠢ ᠪᠠᠭᠲᠠᠭᠠᠨ᠎ᠠ᠃      ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︽ᠬᠡᠷᠡᠭᠵᠢᠭᠦᠯᠬᠦ ᠲᠥᠰᠦᠯ︾ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ᠂ ᠠᠵᠤ ᠠᠬᠤᠶᠢᠯᠠᠯ ᠤᠨ ᠬᠠᠷᠢᠭᠤᠴᠠᠯᠭ᠎ᠠ ᠶᠢ ᠴᠢᠩᠭᠠᠳᠬᠠᠬᠤ᠂ ᠪᠠᠯᠠ ᠮᠥᠩᠭᠦ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠬᠤ᠂ ᠵᠦᠷᠢᠶᠡᠨᠲᠦ ᠣᠷᠴᠢᠨ ᠲᠣᠭᠤᠷᠢᠨ ᠤ ᠬᠠᠮᠢᠶᠠᠷᠤᠯᠲᠠ ᠶᠢ ᠬᠡᠷᠡᠭᠵᠢᠭᠦᠯᠬᠦ᠂ ᠲᠣᠬᠢᠷᠠᠭᠤᠯᠤᠯᠲᠠ ᠬᠠᠮᠢᠶᠠᠷᠤᠯᠲᠠ ᠶᠢ ᠴᠢᠩᠭᠠᠳᠬᠠᠬᠤ᠂ ᠤᠬᠠᠭᠤᠯᠵᠤ ᠬᠥᠲᠥᠯᠦᠨ ᠵᠢᠯᠣᠭᠤᠳᠬᠤ ᠵᠡᠷᠭᠡ ᠵᠢᠷᠭᠤᠭᠠᠨ ᠲᠠᠯ᠎ᠠ ᠪᠠᠷ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠪᠣᠯᠣᠳ ᠲᠡᠮᠦᠷ ᠤᠨ ᠠᠵᠢᠯ ᠲᠥᠷᠥᠯ ᠤᠨ ᠬᠡᠲᠦ ᠳᠣᠤᠷ᠎ᠠ ᠭᠠᠳᠠᠭᠰᠢᠯᠠᠭᠤᠯᠬᠤ ᠥᠭᠡᠷᠡᠴᠢᠯᠡᠯᠲᠡ ᠶᠢᠨ ᠠᠵᠢᠯ ᠢ ᠲᠦᠯᠬᠢᠨ ᠠᠬᠢᠭᠤᠯᠬᠤ ᠪᠤᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号