ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠷᠦ ᠶᠢᠨ ᠮᠡᠳᠡᠯᠭᠡ ︵  ᠨᠢᠭᠡ ᠵᠠᠭᠤ ᠨᠠᠶᠠᠨ ᠲᠠᠪᠤ︶
ᠨᠡᠶᠢᠲᠡᠯᠡᠭᠰᠡᠨ ᠴᠠᠭ᠄
2020/5/4
     ᠬᠤᠭᠤᠯᠠ ᠤᠮᠳᠠᠭᠠᠨ ᠤ ᠤᠳᠤᠭ᠎ᠠ ᠲᠤᠰᠤ ᠶᠢᠨ ᠠᠭᠠᠷ ᠮᠠᠨᠳᠠᠯ ᠤᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ      ᠬᠤᠭᠤᠯᠠ ᠤᠮᠳᠠᠭᠠᠨ ᠤ ᠤᠳᠤᠭ᠎ᠠ ᠲᠤᠰᠤ ᠶᠢᠨ ᠲᠤᠬᠠᠢ ᠬᠦᠮᠦᠰ ᠲᠡᠬᠦᠨ ᠢ ᠠᠭᠠᠷ ᠮᠠᠨᠳᠠᠯ ᠳᠤ ᠦᠵᠡᠬᠦᠯᠬᠦ ᠰᠦᠭᠡᠷᠬᠦ ᠨᠦᠯᠦᠭᠡ ᠨᠢ ᠶᠠᠯᠢᠮ ᠦᠭᠡᠢ ᠦᠴᠦᠬᠡᠨ ᠪᠠᠶᠢᠬ᠎ᠠ ᠭᠡᠵᠦ ᠪᠤᠳᠤᠳᠠᠭ᠃ ᠭᠡᠪᠡᠴᠦ ᠦᠨᠡᠨ ᠳᠡᠭᠡᠨ ᠲᠡᠷᠡ ᠨᠢ ᠠᠵᠤ ᠦᠢᠯᠡᠳᠪᠤᠷᠢ ᠶᠢᠨ ᠬᠠᠶᠠᠭᠳᠠᠮᠠᠯ ᠬᠡᠢ᠂ ᠮᠠᠰᠢᠨ ᠲᠡᠷᠭᠡᠨ ᠤ ᠰᠡᠭᠦᠯ ᠤᠨ ᠬᠡᠢ ᠲᠠᠢ ᠨᠡᠶᠢᠯᠡᠭᠡᠳ ᠨᠢᠭᠡᠨᠲᠡ ᠬᠤᠲᠠ ᠶᠢᠨ ᠭᠤᠷᠪᠠᠨ ᠶᠡᠭᠡ ︽ᠪᠣᠬᠢᠷᠲᠤᠯ ︾ ᠤᠨ ᠨᠢᠭᠡ ᠨᠢ ᠪᠤᠯᠵᠠᠢ᠃      ᠲᠤᠰᠤᠨ ᠤᠲᠤᠭᠠᠨ ᠤ ᠪᠣᠬᠢᠷᠲᠤᠯ ᠪᠣᠳᠠᠰ ᠤᠨ ᠪᠦᠷᠢᠯᠳᠦᠯ ᠨᠢ ᠪᠤᠳᠤᠯᠢᠶᠠᠨᠲᠠᠢ᠂ ᠡᠭᠦᠨ ᠳᠤ ᠭᠤᠣᠯᠳᠠᠭᠤ ᠮᠥᠬᠦᠯᠢᠭᠲᠦ ᠪᠣᠳᠠᠰ ᠪᠠ ᠭᠡᠢ ᠲᠥᠯᠥᠪᠲᠦ ᠣᠷᠭᠠᠨᠢᠭ ᠪᠣᠳᠠᠰ ᠭᠡᠬᠦ ᠬᠤᠶᠠᠷ ᠵᠦᠢᠯ ᠪᠠᠭᠲᠠᠨ᠎ᠠ᠃ ᠲᠣᠰᠣᠨ ᠤᠲᠤᠭᠠᠨ ᠤ ᠪᠦᠷᠢᠯᠳᠦᠬᠦᠨ ᠨᠢ ᠲᠦᠢᠯ ᠤᠨ ᠪᠤᠳᠤᠯᠢᠶᠠᠨᠲᠠᠶ᠂ ᠠᠳᠠᠯᠢ ᠪᠤᠰᠤ ᠲᠥᠷᠥᠯ ᠤᠨ ᠢᠳᠡᠰᠢᠨ ᠲᠣᠰᠣ ᠨᠢ ᠥᠨᠳᠥᠷ ᠳᠤᠯᠠᠭᠠᠨ ᠤ ᠳᠣᠣᠷ᠎ᠠ ᠣᠯᠠᠩᠬᠢ ᠨᠢ 20 ᠭᠠᠷᠤᠶ ᠲᠥᠷᠥᠯ ᠤᠨ ᠪᠦᠲᠦᠭᠡᠭᠳᠡᠭᠦᠨ ᠢ ᠵᠠᠳᠠᠷᠠᠭᠤᠯᠵᠤ᠂ ᠭᠤᠤᠯᠳᠠᠭᠤ ᠠᠯᠳᠧᠭᠢᠳ᠋ ᠤᠨ ᠲᠥᠷᠥᠯ᠂ ᠺᠤᠲ᠋ᠣᠨ ᠤ ᠲᠥᠷᠥᠯ᠂ ᠨᠡᠭᠦᠷᠦᠭᠴᠢ᠂ ᠥᠭᠡᠬᠦᠨ ᠬᠦᠴᠢᠯ᠂ ᠦᠨᠦᠷᠲᠦ ᠨᠢᠭᠡᠳᠪᠦᠷᠢ ᠵᠢᠴᠢ ᠬᠤᠯᠢᠮᠠᠭ ᠴᠠᠭᠠᠷᠢᠭᠲᠤ ᠨᠢᠭᠡᠳᠪᠦᠷᠢ ᠵᠡᠷᠭᠡ ᠪᠠᠶᠢᠵᠤ᠂ ᠠᠳᠠᠯᠢ ᠪᠤᠰᠤ ᠢᠳᠡᠭᠡᠨ ᠨᠢ ᠥᠨᠳᠥᠷ ᠳᠤᠯᠠᠭᠠᠨ ᠳᠤ ᠠᠳᠠᠯᠢ ᠪᠤᠰᠤ ᠲᠥᠷᠥᠯ ᠤᠨ ᠳᠡᠭᠳᠡᠮᠡᠬᠡᠶ ᠴᠢᠨᠠᠷᠲᠠᠶ ᠪᠣᠳᠠᠰ ᠢ ᠡᠭᠦᠰᠬᠡᠵᠦ᠂ ᠡᠳᠡᠭᠡᠷ ᠪᠤᠳᠠᠰ ᠨᠢ ᠬᠡᠳᠦᠨ ᠵᠠᠭᠤᠨ ᠲᠥᠷᠥᠯ‌‍ᠳᠦ ᠬᠦᠷᠳᠡᠭ᠃      ᠮᠥᠬᠦᠯᠢᠭᠲᠦ ᠪᠣᠳᠠᠰ ᠤᠨ ᠪᠦᠷᠢᠯᠳᠦᠬᠦᠨ      ᠮᠥᠬᠦᠯᠢᠭ ᠤᠨ ᠳ᠋ᠢᠶᠠᠮᠧᠲᠷ ᠤᠨ ᠣᠨᠴᠠᠯᠢᠭ᠄ ᠢᠳᠡᠭᠡᠨ ᠤᠮᠳᠠᠭᠠᠨ ᠤ ᠦᠢᠯᠡᠰ ᠤᠨ ᠭᠠᠳᠠᠭᠰᠢᠯᠠᠭᠤᠯᠤᠭᠰᠠᠨ ᠮᠥᠬᠦᠯᠢᠭᠲᠦ ᠪᠣᠳᠠᠰ ︵TSP︶ ᠨᠢ PM2.5 ᠪᠠᠷ ᠭᠤᠣᠯᠯᠠᠵᠤ᠂ ᠪᠠᠷᠤᠭ ᠮᠥᠬᠦᠯᠢᠭᠲᠦ ᠪᠣᠳᠠᠰ ᠤᠨ 76.91% ᠶᠢ ᠡᠵᠡᠯᠡᠨ᠎ᠡ᠃      ᠮᠥᠬᠦᠯᠢᠭᠲᠦ ᠪᠣᠳᠠᠰ ᠤᠨ ᠪᠦᠷᠢᠯᠳᠦᠬᠦᠨ ᠤ ᠣᠨᠴᠠᠯᠢᠭ᠄ ᠠᠳᠠᠯᠢ ᠪᠤᠰᠤ ᠨᠣᠭᠤᠭ᠎ᠠ ᠬᠠᠭᠤᠷᠬᠤ ᠬᠡᠯᠪᠡᠷᠢ ᠪᠠ ᠲᠦᠭᠦᠬᠡᠢ ᠮᠠᠲ᠋ᠧᠷᠢᠶᠠᠯ ᠨᠢ ᠮᠥᠬᠦᠯᠢᠭᠲᠦ ᠪᠣᠳᠠᠰ ᠤᠨ ᠬᠢᠮᠢ ᠶᠢᠨ ᠪᠦᠷᠢᠯᠳᠦᠴᠡ ᠶᠢ ᠨᠥᠯᠥᠭᠡᠯᠡᠨ᠎ᠡ᠃ ᠣᠷᠭᠠᠨᠢᠭ ᠮᠥᠬᠦᠯᠢᠭᠲᠦ ᠪᠣᠳᠠᠰ ᠪᠠᠷᠤᠭ 60% ᠶᠢ ᠡᠵᠡᠯᠡᠵᠦ᠂ ᠣᠷᠭᠠᠨᠢᠭ ᠪᠤᠰᠤ ᠳᠠᠪᠤᠰᠤᠨ ᠮᠥᠬᠦᠯᠢᠭᠲᠦ ᠪᠣᠳᠠᠰ ᠪᠠᠷᠤᠭ 12% ᠢ ᠡᠵᠡᠯᠡᠨ ᠣᠷᠭᠠᠨᠢᠭ ᠪᠣᠳᠠᠰ ᠪᠠ ᠣᠷᠭᠠᠨᠢᠭ ᠪᠤᠰᠤ ᠳᠠᠪᠤᠰᠤᠨ ᠤ ᠨᠡᠶᠢᠯᠡᠮᠡᠯ ᠮᠥᠬᠦᠯᠢᠭᠲᠦ ᠪᠣᠳᠠᠰ ᠪᠠᠷᠤᠭ 10% ᠶᠢ ᠡᠵᠡᠯᠡᠵᠦ᠂ ᠪᠤᠰᠤᠳ ᠦᠯᠦ ᠮᠡᠳᠡᠬᠦ ᠬᠢᠮᠢ ᠶᠢᠨ ᠪᠣᠳᠠᠰ ᠪᠠᠷᠤᠭ 18% ᠶᠢ ᠡᠵᠡᠯᠡᠨ᠎ᠡ᠃      ᠬᠡᠢ ᠪᠡᠶᠡᠲᠦ ᠣᠷᠭᠠᠨᠢᠭ ᠪᠣᠳᠠᠰ ᠤᠨ ᠪᠦᠷᠢᠯᠳᠦᠬᠦᠨ      ᠲᠤᠰᠤᠨ ᠤᠳᠤᠭᠠᠨ ᠤ ᠪᠤᠬᠢᠷᠳᠤᠯ ᠪᠤᠳᠠᠰ ᠳᠠᠬᠢ ᠲᠡᠭᠳᠡᠮᠡᠬᠡᠢ ᠴᠢᠨᠠᠷᠲᠠᠢ ᠤᠷᠭᠠᠨᠢᠭ ᠪᠤᠳᠠᠰ ︵VOCs︶  ᠤᠨ ᠪᠦᠷᠢᠯᠳᠦᠬᠦᠨ ᠨᠢ ᠮᠠᠰᠢ ᠪᠤᠳᠤᠯᠢᠶᠠᠨᠳᠠᠢ᠂ ᠭᠤᠤᠯ ᠪᠦᠷᠢᠯᠳᠦᠬᠦᠨ ᠨᠢ ᠨᠡᠬᠦᠷᠦᠭᠴᠢ ᠶᠢᠨ ᠲᠦᠷᠦᠯ ᠤᠨ ᠪᠤᠳᠠᠰ ᠪᠤᠯᠤᠨ ᠬᠦᠴᠢᠯᠳᠦ᠋ᠷᠦᠭᠴᠢᠳᠦ ᠤᠷᠭᠠᠨᠢᠭ ᠪᠤᠳᠠᠰ ︵ ᠡᠬᠦᠨ ᠳᠤ ᠮᠧᠲ᠋ᠠᠨ ᠪᠤᠰᠤ ᠨᠡᠬᠦᠷᠦᠭᠴᠢ ᠶᠢᠨ ᠲᠦᠷᠦᠯ ᠤᠨ ᠪᠤᠳᠠᠰ ᠨᠢ ᠪᠠᠷᠤᠭ 68% ᠶᠢ ᠡᠵᠡᠯᠡᠵᠦ᠂ ᠬᠦᠴᠢᠯᠳᠦ᠋ᠷᠦᠭᠴᠢᠳᠦ ᠤᠷᠭᠠᠨᠢᠭ ᠪᠤᠳᠠᠰ ᠨᠢ ᠪᠠᠷᠤᠭ 32% ᠶᠢ ᠡᠵᠡᠯᠡᠨ᠎ᠡ︶ ᠪᠠᠶᠢᠵᠤ᠂ ᠪᠠᠰᠠ ᠪᠧᠨ᠋ᠽᠤᠯ᠂ ᠠᠯᠺᠠᠨ ᠪᠠ ᠺᠧᠲ᠋ᠤᠨ ᠤ ᠲᠦᠷᠦᠯ ᠢᠶᠠᠷ ᠭᠤᠤᠯᠯᠠᠵᠤ᠂ ᠤᠨᠴᠠᠯᠢᠭᠳᠦ ᠪᠤᠳᠠᠰ ᠨᠢ ᠮᠧᠲ᠋ᠢᠯᠳᠦ ᠪᠧᠨ᠋ᠽᠧᠨ᠂ ᠬᠤᠶᠠᠷ ᠮᠧᠲ᠋ᠢᠯᠳᠦ ᠪᠧᠨ᠋ᠽᠧᠨ᠂ ᠡᠲ᠋ᠢᠯᠳᠦ ᠪᠧᠨ᠋ᠽᠧᠨ᠂ ᠫᠢᠷᠤᠪᠠ ᠺᠧᠲ᠋ᠤᠨ᠂ ᠫᠢᠷᠤᠫᠧᠨ ᠵᠡᠷᠭᠡ ᠪᠤᠯᠤᠨ᠎ᠠ᠃ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ︵VOCs︶ ᠪᠣᠯ ᠪᠣᠬᠢᠷ ᠮᠠᠨᠠᠨ ᠪᠠ ᠣᠽᠣᠨ ᠤ ᠤᠷᠢᠳᠠᠬᠢ ᠴᠣᠭᠴᠠ ᠶᠢᠨ ᠪᠣᠳᠠᠰ ᠤᠨ ᠨᠢᠭᠡ ᠪᠣᠯᠤᠨ᠎ᠠ᠃      ᠬᠤᠭᠤᠯᠠ ᠤᠮᠳᠠᠭᠠᠨ ᠤ ᠲᠣᠰᠣᠨ ᠣᠲᠤᠭ᠎ᠠ ᠨᠢ ᠠᠭᠠᠷ ᠮᠠᠨᠳᠠᠯ ᠤᠨ ᠣᠷᠴᠢᠨ ᠲᠣᠭᠤᠷᠢᠨ ᠢ ᠬᠡᠷᠬᠢᠨ ᠨᠥᠯᠥᠭᠡᠯᠡᠳᠡᠭ ᠪᠣᠶ︖      ᠬᠤᠭᠤᠯᠠ ᠤᠮᠳᠠᠭᠠᠨ ᠤ ᠲᠣᠰᠣᠨ ᠤᠲᠤᠭ᠎ᠠ ᠪᠤᠯ PM2.5 ᠶᠢᠨ ᠰᠢᠭᠤᠳ ᠭᠠᠳᠠᠭᠰᠢᠯᠠᠭᠤᠯᠬᠤ ᠡᠬᠢ ᠰᠤᠷᠪᠤᠯᠵᠢ ᠶᠢᠨ ᠨᠢᠭᠡ ᠮᠦᠨ᠃ ᠳᠠᠷᠠᠭ᠎ᠠ ᠨᠢ ᠲᠣᠰᠣᠨ ᠤᠲᠤᠭ᠎ᠠ ᠳᠣᠲᠣᠷ᠎ᠠ ᠣᠯᠠᠨ ᠵᠤᠶᠢᠯ ᠤᠨ ᠳᠡᠭᠳᠡᠮᠡᠬᠡᠶ ᠣᠷᠭᠠᠨᠢᠭ ᠪᠣᠳᠠᠰ ᠠᠭᠤᠯᠵᠤ ᠪᠠᠶᠢᠨ᠎ᠠ᠃ ᠲᠡᠷᠡ ᠨᠢ ᠣᠷᠴᠢᠨ ᠲᠣᠭᠤᠷᠢᠨ ᠳᠠᠬᠢ ᠠᠽᠣᠲ ᠤᠨ ᠢᠰᠦᠮᠡᠭ ᠲᠠᠢ ᠤᠷᠪᠠᠯ ᠡᠭᠦᠰᠴᠦ ᠪᠤᠯᠬᠤ ᠪᠦᠭᠡᠳ ᠠᠭᠠᠷ ᠮᠠᠨᠳᠠᠯ ᠤᠨ ᠢᠰᠦᠯᠳᠦᠬᠦ ᠴᠢᠨᠠᠷ ᠢ ᠨᠡᠮᠡᠭᠳᠡᠭᠦᠯᠦᠨ ᠬᠤᠶᠠᠳᠠᠬᠢ ᠮᠥᠬᠦᠯᠢᠭᠲᠦ ᠪᠣᠳᠠᠰ ᠤᠨ ᠪᠦᠷᠢᠯᠳᠦᠯ ᠢ ᠲᠦᠷᠭᠡᠳᠬᠡᠨ᠎ᠡ᠃      ᠲᠣᠰᠣᠨ ᠤᠲᠤᠭᠠᠨ ᠤ ᠪᠣᠬᠢᠷᠲᠤᠯ ᠪᠣᠳᠠᠰ ᠳᠠᠮ ᠢᠶᠠᠷ ᠣᠽᠣᠨ ᠡᠭᠦᠰᠭᠡᠨ᠎ᠡ᠃ ᠶᠡᠭᠡ ᠬᠡᠮᠵᠢᠶᠡᠨ ᠤ  ᠰᠢᠢᠳᠪᠤᠷᠢᠯᠡᠭᠡᠳᠦᠢ ᠳᠤᠰᠤᠨ ᠤᠲᠤᠭᠠᠨ ᠤ ᠪᠣᠬᠢᠷᠲᠤᠯ ᠪᠣᠳᠠᠰ ᠢ ᠠᠭᠠᠷ ᠮᠠᠨᠳᠠᠯ ᠳᠤ ᠢᠯᠭᠠᠷᠠᠭᠤᠯᠤᠨ ᠭᠠᠷᠭᠠᠪᠠᠯ ᠳᠠᠮ ᠢᠶᠠᠷ ᠶᠡᠭᠡ ᠬᠡᠮᠵᠢᠶᠡᠨ ᠤ ᠣᠽᠣᠨ ᠡᠭᠦᠰᠭᠡᠨ᠎ᠡ᠃ ᠳᠣᠣᠷ᠎ᠠ ᠥᠳᠬᠡᠴᠡ ᠲᠠᠢ ᠣᠽᠣᠨ ᠢ ᠠᠷᠢᠭᠤᠳᠬᠠᠵᠤ ᠪᠣᠯᠤᠨ᠎ᠠ᠃ ᠡᠩ ᠤᠨ ᠪᠠᠶᠢᠳᠠᠯ ᠳᠤ ᠣᠶ ᠰᠢᠭᠤᠶᠢᠲᠤ ᠭᠠᠵᠠᠷ ᠣᠷᠣᠨ ᠤ ᠣᠽᠣᠨ ᠤ ᠥᠳᠬᠡᠴᠡ ᠨᠢ 0.1 ppm ᠬᠦᠷᠳᠡᠭ᠂ ᠭᠡᠲᠡᠯ᠎ᠡ ᠪᠠᠷᠢᠮᠵᠢᠶ᠎ᠠ ᠠᠴᠠ ᠬᠡᠲᠦᠷᠡᠭᠰᠡᠨ ᠣᠽᠣᠨ ᠪᠣᠯ ᠬᠠᠷᠢᠨ ᠳᠠᠯᠳᠠ ᠬᠦᠨᠦᠭᠡᠯ ᠶᠡᠭᠡ ᠪᠠᠶᠢᠳᠠᠭ᠃      ᠲᠣᠰᠣᠨ ᠤᠲᠤᠭᠠᠨ ᠤ ᠪᠣᠬᠢᠷᠲᠤᠯ ᠪᠣᠳᠠᠰ ᠪᠣᠬᠢᠷ ᠮᠠᠨᠠᠨ ᠪᠦᠷᠢᠯᠳᠦᠬᠦ ᠳᠤ ᠨᠥᠯᠥᠭᠡᠯᠡᠳᠡᠭ᠃ ᠬᠤᠭᠤᠯᠠ ᠤᠮᠳᠠᠭᠠᠨ ᠤ ᠦᠢᠯᠡᠰ ᠤᠨ ᠭᠠᠳᠠᠭᠰᠢᠯᠠᠭᠤᠯᠤᠭᠰᠠᠨ ᠮᠥᠬᠦᠯᠢᠭᠲᠦ ᠪᠣᠳᠠᠰ ︵TSP︶ ᠨᠢ PM2.5 ᠪᠠᠷ ᠭᠤᠣᠯᠯᠠᠵᠤ᠂ ᠪᠠᠷᠤᠭ ᠮᠥᠬᠦᠯᠢᠭᠲᠦ ᠪᠣᠳᠠᠰ ᠤᠨ 76.91% ᠶᠢ ᠡᠵᠡᠯᠡᠳᠡᠭ᠂ PM2.5 ᠪᠣᠯ ᠪᠣᠬᠢᠷ ᠮᠠᠨᠠᠨ ᠡᠭᠦᠰᠬᠦ ᠭᠤᠣᠯ ᠡᠯᠧᠮᠧᠨ᠋ᠲ ᠪᠣᠯᠤᠨ᠎ᠠ᠃ ᠪᠣᠬᠢᠷ ᠮᠠᠨᠠᠨ ᠨᠢ ᠬᠥᠮᠦᠰ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ᠂ ᠰᠡᠳᠬᠢᠴᠡ ᠶᠢᠨ ᠡᠷᠡᠭᠦᠯ ᠮᠡᠨᠳᠦ᠂ ᠶᠠᠪᠤᠵᠤ ᠰᠠᠭᠤᠬᠤ ᠠᠮᠤᠷ ᠲᠦᠪᠰᠢᠨ᠂ ᠣᠷᠣᠨ ᠪᠦᠰᠡ ᠶᠢᠨ ᠠᠭᠤᠷ ᠠᠮᠢᠰᠬᠤᠯ ᠵᠡᠷᠭᠡ ᠳᠤ ᠴᠥᠮ ᠨᠡᠯᠢᠶᠡᠳ ᠶᠡᠭᠡ ᠨᠥᠯᠥᠭᠡ ᠦᠵᠡᠭᠦᠯᠳᠡᠭ᠃      ᠣᠷᠣᠨ ᠪᠦᠰᠡ ᠶᠢᠨ ᠠᠭᠤᠷ ᠠᠮᠢᠰᠬᠤᠯ ᠢ ᠨᠥᠯᠥᠭᠡᠯᠡᠨ᠎ᠡ᠃ ᠣᠷᠣᠨ ᠪᠦᠰᠡ ᠶᠢᠨ ᠬᠡᠳᠦᠷᠮᠡᠬᠡᠢ ᠠᠭᠤᠷ ᠠᠮᠢᠰᠬᠤᠯ ᠤᠨ ᠬᠡᠷᠡᠭ ᠢ ᠣᠯᠠᠨᠲᠠ ᠡᠭᠦᠰᠬᠡᠨ᠂ ᠴᠠᠭ ᠠᠭᠠᠷ ᠤᠨ ᠭᠠᠮᠰᠢᠭ ᠪᠠᠶᠢᠨ ᠲᠠᠬᠢᠨ ᠡᠭᠦᠰᠦᠨ᠎ᠡ᠃ ᠪᠣᠬᠢᠷ ᠮᠠᠨᠠᠨ ᠪᠠᠰᠠ ᠬᠤᠲᠠ ᠶᠢᠨ ᠭᠡᠷᠡᠯ ᠬᠢᠮᠢ ᠶᠢᠨ ᠤᠲᠤᠭ᠎ᠠ ᠤᠨᠢᠶᠠᠷ ᠤᠨ ᠪᠣᠬᠢᠷᠲᠤᠯ ᠢ ᠤᠷᠢᠳᠴᠢᠯᠠᠨ ᠢᠷᠡᠬᠦ ᠶᠢ ᠲᠦᠷᠭᠡᠳᠬᠡᠵᠡᠶ᠃ ᠭᠡᠷᠡᠯ ᠬᠢᠮᠢ ᠶᠢᠨ ᠤᠳᠤᠭ᠎ᠠ ᠤᠨᠢᠶᠠᠷ ᠪᠣᠯ ᠨᠢᠭᠡ ᠵᠦᠢᠯ ᠤᠨ ᠭᠦᠢᠬᠡᠨ ᠴᠡᠩᠬᠡᠷ ᠦᠩᠭᠡ ᠲᠠᠢ ᠤᠳᠤᠭ᠎ᠠ ᠤᠨᠢᠶᠠᠷ ᠪᠣᠯᠣᠨ᠎ᠠ᠂ ᠲᠡᠭᠦᠨ ᠤ ᠭᠤᠣᠯ ᠪᠦᠷᠢᠯᠳᠦᠬᠦᠨ ᠨᠢ ᠨᠢᠭᠡ ᠰᠢᠷᠢᠰ ᠢᠰᠦᠯᠳᠦᠭᠦᠯᠦᠭᠴᠢ ᠪᠠᠶᠢᠳᠠᠭ᠂ ᠵᠢᠱᠢᠶᠡᠯᠡᠪᠡᠯ ᠣᠽᠣᠨ᠂ ᠠᠯᠳᠧᠭᠢᠳ᠋ ᠤᠨ ᠲᠦᠷᠦᠯ᠂ ᠺᠤᠲ᠋ᠦᠠ ᠵᠡᠷᠭᠡ᠂ ᠮᠠᠰᠢ ᠬᠤᠣᠷᠲᠠᠢ᠂ ᠬᠥᠮᠦᠨ ᠤ ᠪᠡᠶ᠎ᠡ ᠳᠤ ᠴᠢᠩᠭ᠎ᠠ ᠰᠡᠳᠡᠯᠲᠡ ᠶᠢᠨ ᠦᠢᠯᠡᠳᠦᠯ ᠲᠠᠢ᠂ ᠬᠦᠨᠳᠦ ᠨᠣᠴᠢᠲᠠᠢ ᠦᠶ᠎ᠡ ᠳᠤ ᠬᠥᠮᠦᠨ ᠠᠮᠢᠰᠬᠤᠬᠤ ᠳᠤ ᠬᠦᠴᠢᠷᠳᠡᠬᠦ᠂ ᠬᠠᠷᠠᠭ᠎ᠠ ᠮᠠᠭᠤᠳᠠᠬᠤ᠂ ᠭᠠᠷ ᠬᠦᠯ ᠲᠠᠲᠠᠪᠠᠯᠵᠠᠬᠤ ᠵᠡᠷᠭᠡ ᠦᠵᠡᠭᠳᠡᠯ ᠭᠠᠷᠳᠠᠭ᠃      ᠵᠠᠮ ᠬᠠᠷᠢᠯᠴᠠᠭᠠᠨ ᠤ ᠠᠮᠤᠷ ᠲᠦᠪᠰᠢᠨ ᠢ ᠨᠥᠯᠥᠭᠡᠯᠡᠨ᠎ᠡ᠃ ᠪᠣᠬᠢᠷ ᠮᠠᠨᠠᠨ ᠡᠭᠦᠰᠬᠦ ᠦᠶᠡᠰ ᠭᠠᠳᠠᠨᠠᠬᠢ ᠬᠠᠷᠠᠭᠳᠠᠴᠠ ᠲᠤᠩ ᠳᠣᠣᠷ᠎ᠠ᠂ ᠪᠣᠬᠢᠷᠲᠤᠯ ᠦᠷᠭᠦᠯᠵᠢᠯᠡᠪᠡᠯ᠂ ᠵᠠᠮ ᠬᠠᠷᠢᠯᠴᠠᠭ᠎ᠠ ᠲᠥᠭᠵᠢᠷᠡᠵᠦ᠂ ᠣᠰᠣᠯ ᠠᠳᠡᠯ ᠣᠯᠠᠨᠲᠠ ᠡᠭᠦᠰᠳᠡᠭ᠃      ᠬᠡᠷᠬᠢᠨ ᠲᠣᠰᠣᠨ ᠤᠲᠤᠭ᠎ᠠ ᠡᠭᠦᠰᠬᠦ ᠶᠢ ᠪᠠᠭᠠᠰᠬᠠᠬᠤ ᠪᠤᠢ︖      ᠠᠯᠢ ᠴᠢᠳᠠᠬᠤ ᠪᠠᠷ ᠵᠢᠩᠨᠡᠬᠦ᠂ ᠴᠢᠨᠠᠬᠤ᠂ ᠬᠠᠯᠠᠭᠠᠬᠤ ᠪᠠᠷ ᠭᠤᠣᠯᠯᠠᠵᠤ᠂ ᠬᠠᠭᠠᠷᠢᠬᠤ᠂ ᠬᠠᠭᠤᠷᠬᠤ᠂ ᠰᠢᠷᠠᠬᠤ ᠶᠢ ᠪᠠᠭᠠᠰᠬᠠᠪᠠᠯ ᠲᠣᠰᠣᠨ ᠤᠲᠤᠭ᠎ᠠ ᠶᠢ ᠨᠡᠯᠢᠶᠡᠳ ᠪᠠᠭᠠᠰᠬᠠᠵᠤ ᠴᠢᠳᠠᠨ᠎ᠠ᠃ᠴᠢᠨᠠᠷ ᠰᠠᠶᠢᠲᠠᠶ ᠢᠳᠡᠰᠢᠨ ᠲᠣᠰᠣ ᠶᠢ ᠰᠣᠩᠭᠤᠨ ᠬᠡᠷᠡᠭᠯᠡᠪᠡᠯ ᠪᠠᠰᠠ ᠲᠣᠰᠣᠨ ᠣᠲᠤᠭ᠎ᠠ ᠡᠭᠦᠰᠬᠦ ᠶᠢ ᠪᠦᠲᠦᠮᠵᠢᠲᠡᠶ ᠪᠠᠭᠠᠰᠬᠠᠵᠤ ᠪᠣᠯᠤᠨ᠎ᠠ᠃      ᠪᠦᠳᠦᠭᠦᠯᠢᠭ ᠲᠣᠰᠣ᠂ ᠦᠯᠡᠳᠡᠪᠦᠷᠢ ᠲᠣᠰᠣ ᠬᠡᠷᠡᠭᠯᠡᠵᠦ ᠪᠣᠯᠬᠤ ᠦᠭᠡᠢ᠃ ᠨᠠᠷᠢᠯᠢᠭ ᠪᠣᠯᠪᠠᠰᠤᠷᠠᠭᠤᠯᠤᠭᠰᠠᠨ ᠦᠭᠡᠢ ᠲᠤᠰᠤ ᠪᠣᠯᠤᠨ ᠦᠯᠡᠳᠡᠭᠳᠡᠯ ᠲᠤᠰᠤᠨ ᠤ ᠬᠤᠯᠢᠴᠠ ᠨᠢ ᠠᠷᠪᠢᠨ᠂ ᠨᠣᠭᠤᠭ᠎ᠠ ᠬᠠᠭᠤᠷᠬᠤ ᠦᠶ᠎ᠡ ᠳᠤ ᠨᠡᠩ ᠤᠯᠠᠨ ᠲᠤᠰᠤᠨ ᠤᠳᠤᠭ᠎ᠠ ᠡᠭᠦᠰᠬᠡᠳᠡᠭ᠃      ᠬᠠᠭᠤᠷᠤᠯᠭ᠎ᠠ ᠶᠢᠨ ᠲᠣᠰᠣᠨ ᠤ ᠳᠤᠯᠠᠭᠠᠨ ᠢ ᠪᠠᠭᠤᠷᠠᠭᠤᠯᠤᠨ᠎ᠠ᠃ ᠴᠡᠪᠡᠷ ᠥᠭᠡᠬᠦ ᠲᠣᠰᠣᠨ ᠤ ᠤᠲᠤᠭᠠᠨ ᠴᠡᠭ 190 ᠭᠷᠠᠳᠦ᠋ᠰ ᠠᠴᠠ ᠥᠨᠳᠥᠷ ᠪᠠᠶᠢᠵᠤ᠂ ᠢᠯᠡᠷᠬᠡᠶ ᠤᠲᠤᠭ᠎ᠠ ᠭᠠᠷᠬᠤ ᠥᠬᠡᠶ ᠪᠣᠯ ᠳᠠᠷᠤᠶ ᠬᠡᠪ ᠤᠨ ᠨᠣᠭᠤᠭ᠎ᠠ ᠬᠠᠭᠤᠷᠬᠤ ᠳᠤᠯᠠᠭᠠᠨ ᠤ ᠬᠡᠮᠵᠢᠶ᠎ᠡ ᠳᠤ ᠬᠦᠷᠴᠦ ᠴᠢᠳᠠᠨ᠎ᠠ᠃      ᠲᠣᠭᠤᠭᠠᠨ ᠳᠤ ᠬᠡᠲᠦᠷᠬᠡᠶ ᠬᠠᠯᠠᠭᠤᠨ ᠢᠶᠠᠷ ᠬᠤᠭᠤᠯᠠ ᠬᠢᠬᠦ ᠠᠷᠭ᠎ᠠ ᠶᠢ ᠲᠠᠰᠤ ᠵᠣᠭᠰᠣᠭᠠᠬᠤ ᠬᠡᠷᠡᠭᠲᠡᠶ᠂ ᠡᠨᠡ ᠠᠷᠭ᠎ᠠ ᠨᠢ ᠲᠣᠰᠣᠨ ᠣᠲᠤᠭ᠎ᠠ ᠡᠭᠦᠰᠭᠡᠬᠦ ᠪᠠᠷ ᠪᠠᠷᠠᠬᠤ ᠥᠬᠡᠶ᠂ ᠪᠠᠰᠠ ᠢᠳᠡᠭᠡᠨ ᠤ ᠮᠠᠲ᠋ᠧᠷᠢᠶᠠᠯ ᠢ ᠰᠢᠭᠤᠳ ᠥᠨᠳᠥᠷ ᠳᠤᠯᠠᠭᠠ ᠤ ᠨᠥᠯᠥᠭᠡ ᠶᠢ ᠬᠦᠷᠲᠡᠭᠡᠵᠦ ᠥᠮᠡᠨ ᠡᠭᠦᠰᠭᠡᠬᠦ ᠪᠣᠳᠠᠰ ᠢ ᠨᠠᠩ ᠣᠯᠠᠨ ᠪᠣᠶ ᠪᠣᠯᠭᠠᠳᠠᠭ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号