ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠠᠯᠪᠠᠨ ᠬᠡᠷ ᠵᠠᠬᠢᠳᠠᠯ ᠢᠯᠡᠭᠡᠵᠦ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ
ᠨᠡᠶᠢᠲᠡᠯᠡᠭᠰᠡᠨ ᠴᠠᠭ᠄
2020/9/1
     ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠵᠥᠪᠰᠢᠶᠡᠷᠡᠯ ᠢᠶᠠᠷ᠂ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠳᠤᠭᠤᠶᠢᠯᠠᠩ ︵ᠳᠣᠷᠣᠭᠰᠢ ᠬᠢᠨᠠᠨ ᠪᠠᠶᠢᠴᠠᠭᠠᠬᠤ ᠳᠤᠭᠤᠶᠢᠯᠠᠩ ᠭᠡᠵᠦ ᠲᠣᠪᠴᠢᠯᠠᠨ᠎ᠠ︶ ᠣᠶᠢᠷ᠎ᠠ ᠶᠢᠨ ᠬᠤᠭᠤᠴᠠᠭᠠᠨ ᠳᠤ ᠪᠡᠭᠡᠵᠢᠩ ᠲᠢᠶᠠᠨᠵᠢᠨ ᠵᠧᠵᠢᠶᠠᠩ 3 ᠮᠤᠵᠢ ︵ᠬᠤᠲᠠ︶  ᠂ ᠤᠯᠤᠰ ᠤᠨ ᠡᠨᠧᠷᠭᠢ ᠶᠢᠨ ᠲᠣᠪᠴᠢᠶ᠎ᠠ᠂ ᠤᠯᠤᠰ ᠤᠨ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ 2 ᠰᠠᠯᠠᠭ᠎ᠠ ᠮᠥᠴᠢᠷ ᠲᠤ ᠣᠷᠣᠵᠤ ᠰᠠᠭᠤᠬᠤ ᠶᠢᠨ ᠬᠠᠮᠲᠤ ᠳᠤᠮᠳᠠᠳᠤ ᠤᠯᠤᠰ ᠤᠨ ᠬᠥᠩᠭᠡᠨ ᠴᠠᠭᠠᠨ ᠤ ᠦᠢᠯᠡᠰ ᠤᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠪᠠᠷᠢᠯᠭ᠎ᠠ ᠶᠢᠨ ᠮᠠᠲ᠋ᠧᠷᠢᠶᠠᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠵᠡᠷᠭᠡ 2 ᠠᠵᠤ ᠠᠬᠤᠶᠢᠯᠠᠯ ᠳᠤ ᠬᠤᠶᠠᠳᠤᠭᠠᠷ ᠡᠭᠡᠯᠵᠢ ᠶᠢᠨ ᠬᠤᠶᠠᠳᠤᠭᠠᠷ ᠪᠦᠯᠦᠭ ᠤᠨ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢ ᠥᠷᠨᠢᠭᠦᠯᠪᠡ᠃ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠶᠢᠨ ᠲᠥᠯᠥᠭᠡ᠂ 8 ᠰᠠᠷ᠎ᠠ ᠶᠢᠨ 21 ᠤ ᠡᠳᠦᠷ᠂ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠠᠯᠪᠠᠨ ᠭᠡᠷ ᠠᠴᠠ ᠳᠡᠭᠡᠷ᠎ᠡ ᠳᠤᠷᠠᠳᠤᠭᠰᠠᠨ ᠮᠤᠵᠢ ᠬᠤᠲᠠ᠂ ᠰᠠᠯᠠᠭ᠎ᠠ ᠮᠦᠴᠢᠷ᠂ ᠪᠦᠯᠦᠭᠯᠡᠯ ᠺᠤᠮᠫᠠᠨᠢ ᠳᠤ ᠵᠠᠬᠢᠳᠠᠯ ᠢᠯᠡᠭᠡᠵᠦ᠂ ᠲᠥᠪ ᠤᠨ ᠰᠢᠢᠳᠪᠤᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠱᠠᠭᠠᠷᠳᠠᠨ ᠱᠠᠯᠠᠪᠳᠠᠭᠤᠯᠬᠤ ᠶᠢᠨ ᠳᠠᠭᠠᠤ ᠬᠠᠯᠠᠨ ᠰᠠᠶᠢᠵᠢᠷᠠᠭᠤᠯᠬᠤ ᠠᠵᠢᠯ ᠢ ᠬᠦᠴᠦᠲᠡᠶ ᠪᠥᠭᠡᠳ ᠡᠮᠬᠢ ᠵᠢᠷᠤᠮ ᠲᠠᠢ ᠲᠦᠯᠬᠢᠨ ᠠᠬᠢᠭᠤᠯᠵᠤ᠂ ︽ᠡᠭᠡᠭᠡ ᠠᠳᠠᠯᠢ ᠪᠠᠶᠢᠯᠭᠠᠬᠤ︾ ᠪᠠ ︽ᠳᠤᠷ᠎ᠠ ᠪᠠᠷ ᠢᠶᠠᠨ ᠬᠠᠷᠢᠭᠤᠴᠠᠯᠭ᠎ᠠ ᠨᠡᠬᠡᠮᠵᠢᠯᠡᠬᠦ︾ ᠶᠢ ᠴᠠᠭᠠᠵᠠᠯᠠᠬᠤ ᠶᠢᠨ ᠬᠠᠮᠲᠤ ᠬᠢᠨᠠᠨ ᠪᠠᠶᠢᠴᠠᠭᠠᠬᠤ ᠬᠦᠯᠢᠶᠡᠨ ᠠᠪᠬᠤ ᠲᠣᠬᠢᠷᠠᠭᠤᠯᠭ᠎ᠠ ᠶᠢ ᠳᠥᠭᠦᠮᠴᠢᠯᠡᠵᠦ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠦᠩᠭᠡᠷᠡᠬᠦᠯᠬᠦ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃      ᠪᠢᠴᠢᠭ ᠮᠠᠲ᠋ᠧᠷᠢᠶᠠᠯ ᠳᠤ᠂ ᠬᠤᠯᠪᠣᠭᠳᠠᠯ ᠪᠦᠬᠦᠢ ᠮᠣᠵᠢ ︵ᠬᠤᠲᠠ︶᠂ ᠰᠠᠯᠠᠭ᠎ᠠ ᠮᠥᠴᠢᠷ ᠪᠠ ᠪᠦᠯᠦᠭᠯᠡᠯ ᠺᠣᠮᠫᠠᠨᠢ ᠨᠢ ᠬᠢᠨᠠᠨ ᠪᠠᠶᠢᠴᠠᠭᠠᠯᠳᠠ ᠶᠢᠨ ᠬᠤᠭᠤᠴᠠᠭᠠᠨ ᠳᠤ ᠠᠵᠢᠯ ᠤᠨ ᠠᠶᠢᠵᠠᠮ ᠢ ᠡᠵᠡᠮᠰᠢᠵᠦ᠂ ᠠᠵᠢᠯ ᠤᠨ ᠭᠤᠤᠯᠳᠠᠯᠭ᠎ᠠ ᠪᠠᠨ ᠳᠣᠪᠤᠶᠢᠯᠭᠠᠵᠤ᠂ ︽ᠵᠢᠷᠭᠤᠭᠠᠨ ᠲᠣᠭᠲᠠᠭᠤᠨ︾ ︽ᠵᠢᠷᠭᠤᠭ᠎ᠠ ᠶᠢ ᠪᠠᠲᠤᠯᠠᠬᠤ︾ ᠳᠤ ᠦᠢᠯᠡᠴᠢᠯᠡᠵᠦ᠂  ᠬᠢᠨᠠᠨ ᠪᠠᠶᠢᠴᠠᠭᠠᠬᠤ ᠶᠢᠨ ᠳᠠᠭᠠᠤ ᠦᠭᠡᠷᠡᠴᠢᠯᠡᠨ ᠰᠠᠶᠢᠵᠢᠷᠠᠭᠤᠯᠬᠤ ᠶᠢ ᠬᠦᠴᠦᠲᠡᠶ ᠪᠥᠭᠡᠳ ᠡᠮᠬᠢ ᠵᠢᠷᠤᠮ ᠲᠠᠢ ᠠᠬᠢᠭᠤᠯᠬᠤ ᠬᠡᠷᠡᠭᠲᠡᠢ᠃  ᠬᠢᠨᠠᠨ ᠪᠠᠶᠢᠴᠠᠭᠠᠬᠤ ᠳᠤᠭᠤᠶᠢᠯᠠᠩ ᠤᠨ ᠬᠦᠯᠢᠶᠡᠨ ᠠᠪᠴᠤ ᠰᠢᠢᠳᠪᠤᠷᠢᠯᠡᠬᠦ ᠰᠢᠯᠵᠢᠭᠦᠯᠦᠨ  ᠰᠢᠢᠳᠪᠤᠷᠢᠯᠡᠬᠦ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠠᠰᠠᠭᠤᠳᠠᠯ ᠤᠨ ᠲᠤᠬᠠᠶ᠂ ᠨᠠᠷᠢᠨ ᠬᠢᠨᠠᠮᠠᠭᠠᠢ ᠬᠢᠨᠠᠨ ᠬᠠᠷᠭᠤᠭᠤᠯᠵᠤ᠂ ᠡᠷᠡᠰ ᠴᠡᠭᠴᠡᠯᠡᠨ ᠰᠠᠶᠢᠵᠢᠷᠠᠭᠤᠯᠵᠤ᠂ ᠤᠯᠠᠨ ᠲᠦᠮᠡᠨ ᠤ ᠲᠤᠰᠬᠠᠯ ᠲᠤᠪᠤᠶᠢᠮ᠎ᠠ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠡᠢ︔ ᠪᠠᠰᠠ ᠬᠠᠤᠯᠢ ᠲᠣᠭᠲᠠᠭᠠᠯ ᠶᠣᠰᠣᠭᠠᠷ᠂ ᠦᠨᠡᠨ ᠠᠴᠠ ᠵᠥᠪ ᠢ ᠡᠷᠢᠵᠦ᠂ ᠨᠢᠭᠡ ᠶᠠᠪᠤᠳᠠᠯ ᠢ ᠨᠢᠭᠡ ᠯᠡ ᠳᠡᠭᠡᠷ᠎ᠡ ᠬᠢᠵᠦ᠂ ᠨᠢᠭᠡ ᠦᠢᠯᠡᠳᠪᠤᠷᠢ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠵᠦ᠂ ︽ᠬᠥᠳᠡᠯᠭᠡᠭᠡᠨᠲᠦ ᠮᠠᠶ᠋ᠢᠭ︾ ᠤᠨ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠴᠠᠭᠠᠵᠠᠯᠠᠨ᠎ᠠ᠃  ᠬᠢᠨᠠᠨ ᠪᠠᠶᠢᠴᠠᠭᠠᠯᠳᠠ ᠳᠤᠮᠳᠠ ᠣᠯᠵᠤ ᠮᠡᠳᠡᠭᠰᠡᠨ ᠠᠵᠤ ᠠᠬᠤᠶᠢᠯᠠᠯ ᠤᠨ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠳᠤ ᠬᠤᠯᠪᠣᠭᠳᠠᠯ ᠪᠦᠬᠦᠢ ᠠᠵᠤ ᠠᠬᠤᠶᠢᠯᠠᠯ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠪᠠᠨ ᠦᠨᠡᠨᠬᠦ ᠬᠦᠢᠴᠡᠳᠭᠡᠬᠦ ᠶᠢ ᠱᠠᠯᠠᠪᠳᠠᠭᠤᠯᠵᠤ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠴᠢᠩᠳᠠᠯᠠᠵᠤ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠶ︔ ᠪᠠᠰᠠ ᠨᠠᠷᠢᠯᠢᠬᠵᠢᠭᠤᠯᠤᠨ ᠬᠠᠮᠢᠶᠠᠷᠬᠤ ᠶᠢ ᠴᠢᠬᠤᠯᠠᠴᠢᠯᠠᠵᠤ᠂ ᠵᠢᠭᠠᠨ ᠵᠢᠯᠣᠭᠤᠳᠴᠤ ᠬᠠᠪᠰᠤᠷᠤᠨ ᠲᠡᠳᠬᠦᠬᠦ ᠪᠠᠨ ᠴᠢᠩᠭᠠᠳᠬᠠᠵᠤ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠬᠤ ᠬᠡᠷᠡᠭᠲᠡᠢ᠃ ᠲᠡᠤᠬᠡᠨ ᠠᠴᠠ ᠦᠯᠡᠳᠡᠭᠳᠡᠵᠦ ᠢᠷᠡᠭᠰᠡᠨ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠳᠤ᠂ ᠬᠤᠷᠢᠭ᠎ᠠ ᠱᠤᠭᠤᠮ ᠤᠨ ᠰᠡᠳᠬᠢᠬᠦᠶ ᠶᠢ ᠪᠠᠷᠢᠮᠲᠠᠯᠠᠵᠤ᠂ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠴᠢᠩᠭ᠎ᠠ ᠡᠵᠡᠮᠳᠡᠵᠦ᠂ ᠤᠯᠠᠨ ᠲᠦᠮᠡᠨ ᠤ ᠠᠰᠢᠭ ᠲᠤᠰᠠ ᠶᠢ ᠪᠠᠲᠤᠯᠠᠬᠤ ᠬᠡᠷᠡᠭᠲᠡᠢ︔ ᠪᠠᠰᠠ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ᠂ ᠵᠦᠶ ᠵᠣᠬᠢᠰᠲᠠᠶ ᠲᠤᠬᠢᠷᠠᠭᠤᠯᠤᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ ᠠᠷᠭ᠎ᠠ ᠬᠡᠮᠵᠢᠶ᠎ᠡ ᠠᠪᠴᠤ᠂ ᠠᠵᠤ ᠠᠬᠤᠶ ᠨᠡᠶᠢᠭᠡᠮ ᠬᠢᠭᠡᠳ ᠠᠮᠢ ᠠᠬᠤᠢ ᠣᠷᠴᠢᠨ ᠲᠣᠭᠤᠷᠢᠨ ᠬᠠᠮᠲᠤᠪᠠᠷ ᠠᠰᠢᠭ ᠬᠦᠷᠲᠡᠬᠦ ᠪᠠᠷ ᠴᠢᠷᠮᠠᠶᠢᠬᠤ ᠬᠡᠷᠡᠭᠲᠡᠶ ᠭᠡᠵᠦ ᠱᠠᠭᠠᠷᠳᠠᠪᠠ᠃      ᠪᠢᠴᠢᠭ ᠮᠠᠲ᠋ᠧᠷᠢᠶᠠᠯ ᠳᠤ᠂ ᠬᠤᠯᠪᠣᠭᠳᠠᠯ ᠪᠦᠬᠦᠢ ᠮᠤᠵᠢ ︵ᠬᠤᠲᠠ︶᠂ ᠰᠠᠯᠠᠭ᠎ᠠ ᠮᠥᠴᠢᠷ ᠪᠣᠯᠤᠨ ᠪᠦᠯᠦᠭᠯᠡᠯ ᠺᠣᠮᠫᠠᠨᠢ ᠨᠢ ᠬᠢᠨᠠᠨ ᠪᠠᠶᠢᠴᠠᠭᠠᠯᠳᠠ ᠶᠢ ᠠᠷᠭᠠᠴᠠᠬᠤ ᠶᠢᠨ ᠲᠦᠯᠦᠭᠡ ᠠᠵᠢᠯ  ᠦᠢᠯᠡᠳᠪᠤᠷᠷᠢᠯᠡᠯ ᠢ ᠨᠢ ᠪᠠᠴᠢᠮ ᠵᠣᠭᠰᠣᠭᠠᠬᠤ ᠵᠡᠷᠭᠡ ᠳᠥᠭᠦᠮ ᠪᠦᠳᠦᠭᠦᠯᠢᠭ ᠦᠢᠯᠡ ᠠᠵᠢᠯᠯᠠᠭ᠎ᠠ ᠵᠢᠴᠢ ︽ᠪᠦᠬᠦᠨ ᠢ ᠬᠠᠭᠠᠵᠤ ᠵᠣᠭᠰᠣᠭᠠᠬᠤ︾᠂ ︽ᠤᠷᠢᠳᠠᠪᠠᠷ ᠵᠣᠭᠰᠣᠭᠠᠵᠤ ᠳᠠᠷᠠᠭ᠎ᠠ ᠨᠢ ᠬᠢᠬᠦ︾ ᠵᠡᠷᠭᠡ ᠠᠷᠭᠠᠴᠠᠬᠤ ᠠᠷᠭ᠎ᠠ ᠪᠠᠷᠢᠯ ᠢ ᠠᠪᠴᠤ ᠪᠣᠯᠬᠤ ᠦᠭᠡᠢ᠃ ᠨᠠᠷᠢᠯᠢᠭ  ᠤᠨᠤᠪᠴᠢᠳᠠᠢ ᠪᠠᠷ ᠪᠣᠬᠢᠷᠲᠤᠯ ᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠣᠬᠢᠷᠲᠤᠯ ᠢ ᠵᠠᠰᠠᠬᠤ᠂ ᠬᠠᠤᠯᠢ ᠶᠣᠰᠣᠭᠠᠷ ᠪᠣᠬᠢᠷᠲᠤᠯ ᠢ ᠵᠠᠰᠠᠬᠤ ᠶᠢ ᠪᠠᠷᠢᠮᠲᠠᠯᠠᠵᠤ᠂ ᠬᠢᠨᠠᠨ ᠪᠠᠶᠢᠴᠠᠭᠠᠭᠠᠳ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ᠂ ᠬᠠᠤᠯᠢ ᠲᠣᠭᠲᠠᠭᠠᠯ ᠶᠣᠰᠣᠭᠠᠷ᠂ ᠨᠢᠭᠡᠳᠦᠯᠲᠡᠶ ᠲᠥᠯᠥᠪᠯᠡᠨ ᠠᠬᠢᠭᠤᠯᠬᠤ ᠶᠢ ᠴᠢᠬᠤᠯᠠᠴᠢᠯᠠᠵᠤ᠂ ᠠᠰᠠᠭᠤᠳᠠᠯ ᠤᠨ ᠬᠦᠨᠳᠦ ᠬᠥᠩᠭᠡᠨ ᠠᠯᠭᠤᠷ ᠪᠠᠴᠢᠮ ᠪᠠ ᠬᠦᠴᠢᠷ ᠬᠢᠯᠪᠠᠷ ᠤᠨ ᠬᠡᠮᠵᠢᠶ᠎ᠡ ᠶᠣᠰᠣᠭᠠᠷ᠂ ᠳᠠᠷᠦ᠋ᠢᠬᠠᠨ ᠰᠢᠢᠳᠪᠤᠷᠢᠯᠡᠵᠦ ᠳᠡᠶᠢᠯᠬᠦ ᠶᠢ ᠨᠢ ᠳᠠᠷᠦ᠋ᠢᠬᠠᠨ  ᠰᠢᠢᠳᠪᠤᠷᠢᠯᠡᠬᠦ ᠬᠡᠷᠡᠭᠲᠡᠶ︔ ᠲᠦᠷ ᠴᠠᠭ ᠰᠢᠢᠳᠪᠦᠷᠢᠯᠡᠵᠦ ᠳᠡᠶᠢᠯᠬᠦ ᠦᠭᠡᠢ ᠪᠣᠯ ᠴᠡᠭᠴᠡᠯᠡᠨ ᠰᠠᠶᠢᠵᠢᠷᠠᠭᠤᠯᠬᠤ ᠬᠠᠷᠠᠯᠲᠠ᠂ ᠠᠷᠭ᠎ᠠ ᠬᠡᠮᠵᠢᠶ᠎ᠡ ᠪᠠ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠡᠯ᠎ᠡ ᠬᠠᠷᠢᠭᠤᠴᠠᠯᠭ᠎ᠠ ᠶᠢᠨ ᠭᠤᠣᠯ ᠴᠣᠭᠴᠠ ᠶᠢ ᠰᠢᠮᠳᠠᠭᠤᠯᠵᠤ ᠪᠠᠶᠢᠭᠠᠳ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠠᠵᠢᠯ ᠢ ᠰᠢᠭᠤᠳ ᠬᠠᠷᠢᠭᠤᠴᠠᠵᠤ ᠪᠠᠶᠢᠭ᠎ᠠ ᠪᠠᠶᠢᠭᠤᠯᠭ᠎ᠠ ᠨᠢᠭᠡᠴᠢ ᠪᠣᠯᠤᠨ ᠠᠵᠢᠯᠲᠠᠨ ᠳᠤ ᠴᠠᠭ ᠬᠤᠭᠤᠴᠠᠭ᠎ᠠ ᠶᠢ ᠬᠦᠢᠴᠡᠳ ᠦᠯᠡᠳᠡᠭᠡᠵᠦ᠂ ᠱᠠᠲᠤ ᠱᠠᠲᠤ ᠪᠠᠷ ᠲᠤᠭ᠎ᠠ ᠨᠡᠮᠡᠬᠦ᠂ ᠱᠠᠲᠤ ᠱᠠᠲᠤ ᠪᠠᠷ ᠬᠤᠷᠳᠤᠴᠠ ᠪᠠᠨ ᠳᠡᠭᠡᠭᠰᠢᠯᠡᠭᠦᠯᠬᠦ ᠠᠴᠠ ᠵᠠᠶᠢᠯᠠᠰᠬᠢᠬᠦ ᠬᠡᠷᠡᠭᠲᠡᠶ᠃ ᠢᠯᠠᠩᠭᠤᠶ᠎ᠠ ᠠᠷᠠᠳ ᠤᠨ ᠠᠮᠢᠳᠤᠷᠠᠯ ᠳᠤ ᠬᠤᠯᠪᠣᠭᠳᠠᠬᠤ ᠠᠵᠤ  ᠦᠢᠯᠡᠰ ᠪᠤᠶᠤ ᠬᠦᠷᠢᠶ᠎ᠡ ᠴᠠᠷᠠᠭ᠎ᠠ ᠶᠢ ᠨᠠᠩ ᠲᠣᠬᠢᠲᠠᠶ ᠰᠢᠢᠳᠪᠤᠷᠢᠯᠡᠵᠦ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠬᠡᠷᠡᠭᠲᠡᠶ᠃ ︽ᠨᠢᠭᠡ ᠯᠡ ᠠᠳᠠᠯᠢ ᠪᠠᠷ ᠱᠠᠭᠠᠷᠳᠠᠬᠤ︾ ᠠᠷᠭ᠎ᠠ ᠮᠠᠶ᠋ᠢᠭ ᠢᠶᠠᠷ ᠬᠢᠨᠠᠨ ᠪᠠᠶᠢᠴᠠᠭᠠᠯᠳᠠ ᠳᠤ ᠨᠠᠵᠠᠭᠠᠶ ᠪᠠᠷ ᠬᠠᠨᠳᠤᠪᠠᠯ᠂ ᠬᠢᠨᠠᠨ ᠪᠠᠶᠢᠴᠠᠭᠠᠬᠤ ᠳᠤᠭᠤᠶᠢᠯᠠᠩ ᠠᠴᠠ ᠴᠢᠩᠭ᠎ᠠ ᠰᠢᠢᠳᠪᠦᠷᠢᠯᠡᠵᠦ᠂ ᠨᠢᠭᠡ ᠶᠢ ᠣᠯᠵᠤ ᠮᠡᠳᠡᠪᠡᠯ ᠨᠢᠭᠡ ᠶᠢ ᠪᠠᠶᠢᠴᠠᠭᠠᠨ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃      ᠪᠢᠴᠢᠭ ᠮᠠᠲ᠋ᠧᠷᠢᠶᠠᠯ ᠳᠤ᠂ ᠬᠤᠯᠪᠣᠭᠳᠠᠯ ᠪᠦᠬᠦᠢ ᠮᠣᠵᠢ ︵ᠬᠤᠲᠠ︶᠂ ᠰᠠᠯᠠᠭ᠎ᠠ ᠮᠥᠴᠢᠷ ᠪᠣᠯᠤᠨ ᠪᠦᠯᠦᠭᠯᠡᠯ ᠺᠣᠮᠫᠠᠨᠢ ᠬᠢᠨᠠᠨ ᠪᠠᠶᠢᠴᠠᠭᠠᠬᠤ ᠶᠠᠪᠤᠴᠠ ᠳᠤ᠂ ︽ᠲᠥᠪ ᠴᠢᠩᠭ᠎ᠠ᠂ ᠣᠨᠣᠪᠴᠢᠲᠠᠶ᠂ ᠪᠦᠲᠦᠮᠵᠢᠲᠡᠶ︾ ᠪᠠᠶᠢᠬᠤ ᠵᠠᠷᠴᠢᠮ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠴᠢᠬᠤᠯᠠ ᠪᠦᠬᠦᠢ ᠬᠠᠷᠢᠭᠤᠴᠠᠯᠭ᠎ᠠ ᠨᠡᠬᠡᠮᠵᠢᠯᠡᠬᠦ ᠪᠠᠷ ᠳᠠᠮᠵᠢᠭᠤᠯᠤᠨ ᠳᠠᠷᠤᠯᠲᠠ ᠶᠢ ᠦᠨᠡᠨ ᠬᠦ ᠳᠠᠮᠵᠢᠭᠤᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃ ᠡᠭᠦᠨ ᠤ ᠬᠠᠮᠲᠤ ᠪᠠᠰᠠ ᠬᠠᠷᠢᠭᠤᠴᠠᠯᠭ᠎ᠠ ᠨᠡᠬᠡᠮᠵᠢᠯᠡᠬᠦ ᠪᠠᠷ ᠴᠡᠭᠴᠡᠯᠡᠨ ᠰᠠᠶᠢᠵᠢᠷᠠᠭᠤᠯᠬᠤ ᠶᠢ ᠣᠷᠣᠯᠠᠭᠤᠯᠬᠤ ᠵᠢᠴᠢ ᠳᠤᠷ᠎ᠠ ᠪᠠᠷ ᠢᠶᠠᠨ ᠬᠠᠷᠢᠭᠤᠴᠠᠯᠭ᠎ᠠ ᠨᠡᠬᠡᠮᠵᠢᠯᠡᠬᠦ᠂ ᠬᠡᠲᠦᠷᠡᠮᠡᠬᠡᠢ ᠬᠠᠷᠢᠭᠤᠴᠠᠯᠭ᠎ᠠ ᠨᠡᠬᠡᠮᠵᠢᠯᠡᠬᠦ᠂ ᠳᠥᠭᠦᠮᠴᠢᠯᠡᠨ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠦᠢᠯᠡ ᠠᠵᠢᠯᠯᠠᠭ᠎ᠠ ᠠᠴᠠ ᠵᠠᠶᠢᠯᠠᠰᠬᠢᠬᠦ ᠬᠡᠷᠡᠭᠲᠡᠶ᠃ ᠬᠠᠷᠢᠭᠤᠴᠠᠯᠭ᠎ᠠ ᠨᠡᠬᠡᠮᠵᠢᠯᠡᠬᠦ ᠪᠠᠷ ᠴᠡᠭᠴᠡᠯᠡᠨ ᠰᠠᠶᠢᠵᠢᠷᠠᠭᠤᠯᠬᠤ ᠶᠢ ᠣᠷᠣᠯᠠᠭᠤᠯᠬᠤ ᠪᠤᠶᠤ  ᠵᠦᠪᠬᠡᠨ ᠦᠩᠭᠡᠨ ᠲᠠᠯ᠎ᠠ ᠶᠢᠨ ᠬᠠᠷᠢᠭᠤᠴᠠᠯᠭ᠎ᠠ ᠨᠡᠬᠡᠮᠵᠢᠯᠡᠭᠰᠡᠨ᠂ ᠬᠠᠷᠢᠭᠤᠴᠠᠯᠭ᠎ᠠ ᠶᠢ ᠬᠦᠨᠳᠦᠷᠦᠬᠦᠯᠦᠭᠰᠡᠨ ᠪᠤᠶᠤ ᠬᠢᠯᠪᠠᠷᠴᠢᠯᠠᠭᠰᠠᠨ ᠪᠠᠶᠢᠪᠠᠯ᠂ ᠬᠢᠨᠠᠨ ᠪᠠᠶᠢᠴᠠᠭᠠᠬᠤ ᠳᠤᠭᠤᠶᠢᠯᠠᠩ  ᠠᠴᠠ ᠲᠤᠩᠭᠤᠳᠤᠨ ᠰᠡᠷᠡᠮᠵᠢᠯᠡᠭᠦᠯᠵᠦ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠪᠠᠰᠠ ᠬᠤᠯᠪᠣᠭᠳᠠᠯ ᠪᠦᠬᠦᠢ ᠳᠦᠷᠢᠮ ᠢᠶᠠᠷ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠳᠤ ᠮᠡᠳᠡᠭᠦᠯᠬᠦ ᠬᠡᠷᠡᠭᠲᠡᠢ ᠭᠡᠵᠦ ᠱᠠᠭᠠᠷᠳᠠᠪᠠ᠃      ᠪᠢᠴᠢᠭ ᠮᠠᠲ᠋ᠧᠷᠢᠶᠠᠯ ᠳᠤ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠳᠠ ᠪᠣᠯ ᠬᠢᠨᠠᠨ ᠪᠠᠶᠢᠴᠠᠭᠠᠬᠤ ᠳᠤᠭᠤᠶᠢᠯᠠᠩ ᠪᠣᠯᠤᠨ ᠬᠤᠯᠪᠣᠭᠳᠠᠯ ᠪᠦᠬᠦᠢ ᠮᠤᠵᠢ ︵ᠬᠤᠳᠠ︶᠂ ᠰᠠᠯᠠᠭ᠎ᠠ ᠮᠥᠴᠢᠷ ᠪᠣᠯᠤᠨ ᠪᠦᠯᠦᠭᠯᠡᠯ ᠺᠣᠮᠫᠠᠨᠢ ᠶᠢᠨ ᠬᠠᠮᠲᠤ ᠪᠠᠷ ᠡᠭᠦᠷᠭᠡᠯᠡᠬᠦ ᠤᠯᠤᠰ ᠲᠦᠷᠦ ᠶᠢᠨ ᠡᠭᠦᠷᠭᠡ ᠪᠣᠯᠤᠨ᠎ᠠ᠂ ᠬᠤᠶᠠᠷ ᠲᠠᠯ᠎ᠠ ᠪᠠᠷ ᠢᠶᠠᠨ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠷ ᠬᠠᠮᠲᠤᠪᠠᠷ ᠴᠢᠷᠮᠠᠶᠢᠵᠤ᠂ ᠬᠠᠮᠵᠢᠯᠴᠠᠨ ᠠᠬᠢᠭᠤᠯᠬᠤ ᠴᠢᠬᠤᠯᠠᠲᠠᠢ ᠶᠤᠮ᠃ ᠬᠢᠨᠠᠨ ᠪᠠᠶᠢᠴᠠᠭᠠᠯᠳᠠ ᠶᠢ ᠬᠦᠯᠢᠶᠡᠨ ᠠᠪᠬᠤ ᠪᠠ  ᠪᠠᠳᠤᠯᠠᠭ᠎ᠠ ᠬᠠᠩᠭᠠᠬᠤ ᠵᠡᠷᠭᠡ ᠠᠵᠢᠯ ᠢ ᠲᠣᠬᠢᠷᠠᠭᠤᠯᠬᠤ ᠳᠠᠭᠠᠨ ᠠᠯᠢ ᠴᠢᠳᠠᠬᠤ ᠪᠠᠷ ᠳᠥᠭᠦᠮᠴᠢᠯᠡᠵᠦ᠂ ᠵᠣᠴᠢᠯᠠᠵᠤ ᠦᠢᠯᠡᠴᠢᠯᠡᠬᠦ ᠦᠭᠡᠢ᠂ ᠱᠠᠳᠤ ᠱᠠᠳᠤ ᠪᠠᠷ ᠪᠠᠷ᠎ᠠ ᠪᠣᠯᠬᠤ ᠦᠭᠡᠢ ᠪᠠᠶᠢᠵᠤ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠦᠨ᠎ᠡ᠃ ᠬᠤᠯᠪᠣᠭᠳᠠᠯ ᠪᠦᠬᠦᠢ ᠮᠣᠵᠢ ︵ᠬᠤᠲᠠ︶᠂ ᠰᠠᠯᠠᠭ᠎ᠠ ᠮᠥᠴᠢᠷ ᠪᠠ ᠪᠦᠯᠦᠭᠯᠡᠯ ᠺᠣᠮᠫᠠᠨᠢ ᠨᠢ ᠬᠠᠷᠢᠶ᠎ᠠ ᠲᠤᠰᠬᠠᠶ ᠣᠷᠣᠨ ᠬᠤᠲᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠶᠢᠨ ᠠᠰᠠᠭᠤᠳᠠᠯ ᠢ ᠦᠨᠡᠨ ᠮᠥᠨ ᠢᠶᠠᠷ ᠨᠢ ᠲᠤᠰᠬᠠᠬᠤ ᠶᠢ ᠱᠠᠭᠠᠷᠳᠠᠨ᠂ ᠦᠨᠡᠨ ᠪᠣᠳᠠᠲᠠᠶ ᠪᠠᠶᠢᠳᠠᠯ ᠢ ᠬᠠᠩᠭᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠮᠡᠳᠡᠭᠡ ᠵᠠᠩᠭᠢ ᠶᠢ ᠢᠯᠡ ᠪᠣᠯᠭᠠᠬᠤ ᠶᠢ ᠰᠠᠶᠢᠲᠤᠷ ᠬᠢᠵᠦ᠂ ᠬᠢᠨᠠᠨ ᠪᠠᠶᠢᠴᠠᠭᠠᠯᠳᠠ ᠶᠢᠨ ᠰᠠᠶᠢᠨ ᠰᠠᠶᠢᠬᠠᠨ ᠤᠷᠴᠢᠨ ᠨᠦᠬᠦᠴᠡᠯ ᠢ ᠬᠠᠮᠲᠤᠪᠠᠷ ᠪᠣᠶ ᠪᠤᠯᠭᠠᠬᠤ ᠬᠡᠷᠡᠭᠲᠡᠢ ᠭᠡᠵᠦ ᠲᠤᠳᠤᠷᠬᠠᠢ ᠱᠠᠭᠠᠷᠳᠠᠭᠰᠠᠨ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号