ᠠᠮᠢ ᠠᠬᠤᠶ ᠣᠷᠴᠢᠨ ᠲᠣᠭᠤᠷᠢᠨ ᠤ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠲᠠᠪᠤᠳᠤᠭᠠᠷ ᠡᠭᠡᠯᠵᠢ ᠶᠢᠨ ᠲᠤᠰᠬᠠᠶ ᠲᠣᠭᠤᠷᠢᠨ ᠪᠠᠶᠢᠴᠠᠭᠠᠯᠲᠠ ᠶᠢᠨ ᠪᠠᠶᠢᠳᠠᠯ ᠢ ᠲᠥᠪᠯᠡᠷᠡᠭᠦᠯᠦᠨ ᠬᠠᠷᠢᠭᠤ ᠲᠤᠰᠬᠠᠪᠠ
ᠨᠡᠶᠢᠲᠡᠯᠡᠭᠰᠡᠨ ᠴᠠᠭ᠄
2020/9/15
     ᠠᠮᠢ ᠠᠬᠤᠢ ᠣᠷᠴᠢᠨ ᠲᠣᠭᠤᠷᠢᠨ ᠤ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠢᠢᠷ᠎ᠠ ᠶᠢᠨ ᠡᠳᠦᠷ ᠲᠤᠰᠬᠠᠢ ᠲᠣᠭᠤᠷᠢᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠪᠠ᠃ ᠡᠨᠡ ᠤᠳᠠᠭᠠᠨ ᠤ ᠲᠤᠰᠬᠠᠶ ᠲᠣᠭᠤᠷᠢᠨ ᠪᠠᠶᠢᠴᠠᠭᠠᠯᠲᠠ ᠪᠣᠯ ᠨᠠᠮ ᠤᠨ ᠲᠥᠪ ᠬᠤᠷᠢᠶ᠎ᠠ ᠠᠴᠠ ᠠᠮᠢ ᠠᠬᠤᠶ ᠣᠷᠴᠢᠨ ᠲᠣᠭᠤᠷᠢᠨ ᠤ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠳᠤ ᠲᠣᠭᠤᠷᠢᠨ ᠪᠠᠶᠢᠴᠠᠭᠠᠯᠲᠠ ᠥᠷᠨᠢᠭᠦᠯᠬᠦ ᠬᠤᠭᠤᠴᠠᠭᠠᠨ ᠳᠤ ᠲᠥᠪ ᠤᠨ ᠠᠷᠪᠠᠨ ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠰᠠᠨᠠᠭᠤᠯᠭ᠎ᠠ ᠶᠣᠰᠣᠭᠠᠷ᠂ ᠠᠮᠢ ᠠᠬᠤᠢ ᠣᠷᠴᠢᠨ ᠲᠣᠭᠤᠷᠢᠨ ᠤ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠠᠴᠠ ᠳᠤᠮᠳᠠᠳᠤ ᠤᠯᠤᠰ ᠤᠨ ᠣᠷᠴᠢᠨ ᠲᠣᠭᠤᠷᠢᠨ ᠢ ᠬᠢᠨᠠᠨ ᠬᠡᠮᠵᠢᠬᠦ ᠶᠡᠷᠦᠩᠬᠡᠢ ᠦᠷᠳᠡᠭᠡ ᠶᠢᠨ ᠨᠠᠮ ᠤᠨ  ᠬᠤᠷᠢᠶ᠎ᠠ᠂ ᠴᠥᠮ᠎ᠡ ᠪᠠ ᠰᠠᠴᠤᠷᠠᠭ ᠤᠨ ᠠᠮᠤᠷ ᠲᠦᠪᠰᠢᠨ ᠤ ᠲᠥᠪ ᠤᠨ ᠨᠠᠮ ᠤᠨ ᠬᠤᠷᠢᠶ᠎ᠠ ᠳᠤ ᠲᠤᠰᠬᠠᠢ ᠲᠣᠭᠤᠷᠢᠨ ᠪᠠᠶᠢᠴᠠᠭᠠᠯᠲᠠ ᠥᠷᠨᠢᠭᠦᠯᠪᠡ᠂ ᠡᠨᠡ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠰᠢᠬᠢ ᠠᠮᠢ ᠠᠬᠤᠢ ᠣᠷᠴᠢᠨ ᠲᠣᠭᠤᠷᠢᠨ ᠤ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠲᠠᠪᠤᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠪᠣᠯᠤᠨ᠎ᠠ᠃      ᠲᠣᠭᠤᠷᠢᠨ ᠪᠠᠶᠢᠴᠠᠭᠠᠬᠤ ᠳᠤᠭᠤᠶᠢᠯᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠵᠢᠴᠢ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠪᠠ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ᠂ ᠤᠯᠤᠰ ᠲᠥᠷᠥ ᠶᠢᠨ ᠲᠣᠭᠤᠷᠢᠨ ᠪᠠᠶᠢᠴᠠᠭᠠᠯᠲᠠ ᠶᠢᠨ ᠡᠭᠦᠷᠭᠡ ᠴᠢᠳᠠᠪᠬᠢ ᠶᠢᠨ ᠪᠠᠶᠢᠷᠢ ᠲᠣᠭᠲᠠᠭᠠᠯᠲᠠ ᠶᠢ ᠪᠠᠲᠤ ᠰᠠᠬᠢᠵᠤ᠂ ︽ᠬᠤᠶᠠᠷ ᠢ ᠬᠦᠷᠢᠶᠡᠯᠡᠬᠦ︾ ᠶᠢ ᠲᠣᠭᠤᠷᠢᠨ ᠪᠠᠶᠢᠴᠠᠭᠠᠯᠲᠠ ᠶᠢᠨ ᠦᠨᠳᠦᠰᠦᠨ ᠤᠯᠤᠰ ᠲᠥᠷᠥ ᠶᠢᠨ ᠡᠭᠦᠷᠭᠡ‌‍ᠪᠤᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠡᠭᠦᠷᠭᠡ ᠴᠢᠳᠠᠪᠬᠢ ᠶᠢᠨ ᠬᠠᠷᠢᠭᠤᠴᠠᠯᠭ᠎ᠠ ᠲᠠᠢ ᠨᠢᠭᠲᠠ ᠤᠶᠠᠯᠳᠤᠭᠤᠯᠤᠨ ᠤᠯᠤᠰ ᠲᠥᠷᠥ ᠶᠢᠨ ᠬᠢᠨᠠᠯᠲᠠ ᠶᠢ ᠴᠢᠩᠬᠠᠳᠬᠠᠵᠤ᠂ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ᠂ ᠭᠤᠤᠯᠳᠠᠯᠭ᠎ᠠ ᠲᠠᠢ ᠬᠦᠷᠢᠶᠡᠨ ᠳᠠᠬᠢ ᠴᠢᠬᠡᠴᠢ ᠵᠠᠰᠠᠭ ᠤᠨ ᠲᠦᠭᠰᠢᠭᠦᠷᠢ ᠶᠢ ᠰᠡᠷᠭᠡᠶᠢᠯᠡᠨ ᠠᠷᠢᠯᠭᠠᠭᠰᠠᠨ ᠪᠠᠶᠢᠳᠠᠯ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠳᠤ ᠭᠤᠤᠯᠳᠠᠯᠭ᠎ᠠ ᠲᠠᠢ ᠬᠢᠨᠠᠯᠲᠠ ᠲᠠᠯᠪᠢᠵᠤ ᠪᠠᠶᠢᠴᠠᠭᠠᠨ ᠤᠯᠤᠰ ᠲᠥᠷᠥ ᠶᠢᠨ ᠵᠥᠷᠢᠶ᠎ᠡ ᠶᠢ ᠭᠦᠨᠵᠡᠭᠡᠶ ᠡᠷᠢᠪᠡ᠃ 2020 ᠣᠨ ᠤ 7 ᠰᠠᠷ᠎ᠠ ᠶᠢᠨ 20 ᠤ ᠡᠳᠦᠷ᠂ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠲᠣᠭᠤᠷᠢᠨ ᠪᠠᠶᠢᠴᠠᠭᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ 7 ᠰᠠᠷ᠎ᠠ ᠶᠢᠨ 29 ᠤ ᠡᠳᠦᠷ᠂ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠠᠴᠠ ᠲᠣᠭᠤᠷᠢᠨ ᠪᠠᠶᠢᠴᠠᠭᠠᠭᠰᠠᠨ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠪᠠ᠃      ᠬᠠᠷᠢᠭᠤ ᠲᠤᠰᠬᠠᠯ ᠳᠤᠮᠳᠠ᠂ ᠲᠣᠭᠤᠷᠢᠨ ᠪᠠᠶᠢᠴᠠᠭᠠᠬᠤ ᠳᠤᠭᠤᠶᠢᠯᠠᠩ ᠨᠢ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠭᠤᠣᠯᠳᠠᠯᠭ᠎ᠠ ᠲᠠᠢ ᠬᠦᠷᠢᠶᠡᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠬᠢᠨᠠᠯᠲᠠ ᠲᠠᠯᠪᠢᠵᠤ ᠪᠠᠶᠢᠴᠠᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠣᠯᠤᠭᠰᠠᠨ ᠠᠮᠵᠢᠯᠲᠠ ᠪᠦᠲᠦᠮᠵᠢ ᠶᠢ ᠨᠤᠲᠠᠯᠠᠵᠤ᠂ ᠡᠭᠦᠨ ᠤ ᠬᠠᠮᠲᠤ ᠣᠷᠣᠰᠢᠵᠤ ᠪᠠᠶᠢᠭ᠎ᠠ ᠠᠰᠠᠭᠤᠳᠠᠯ ᠢ ᠵᠢᠭᠠᠨ ᠭᠠᠷᠭᠠᠪᠠ᠂ ᠭᠤᠤᠯᠳᠠᠭᠤ᠄ ︽ᠬᠤᠶᠠᠷ ᠬᠠᠷᠢᠭᠤᠴᠠᠯᠭ᠎ᠠ︾ ᠶᠢ ᠬᠦᠢᠴᠡᠳᠭᠡᠬᠦ ᠳᠤ ᠵᠥᠷᠢᠶ᠎ᠡ ᠭᠠᠷᠴᠤ᠂ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠵᠥᠷᠢᠶ᠎ᠡ ᠡᠭᠦᠰᠦᠭᠰᠡᠨ ᠪᠠᠶᠢᠨ᠎ᠠ᠃ ᠭᠤᠣᠯᠳᠠᠯᠭ᠎ᠠ ᠲᠠᠢ ᠬᠦᠷᠢᠶᠡᠨ ᠳᠠᠬᠢ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠳᠤ ᠳᠤᠲᠠᠭᠤᠳᠠᠯ ᠲᠠᠢ ᠪᠠᠶᠢᠵᠤ᠂ ᠲᠣᠭᠤᠷᠢᠨ ᠪᠠᠶᠢᠴᠠᠭᠠᠭᠠᠳ ᠢᠯᠡᠷᠡᠭᠦᠯᠦᠭᠰᠡᠨ ᠠᠰᠠᠭᠤᠳᠠᠯ ᠪᠠ ᠭᠤᠣᠯ ᠰᠡᠳᠦᠪᠲᠦ ᠬᠥᠮᠦᠵᠢᠯ ᠤᠨ ᠪᠠᠶᠢᠴᠠᠭᠠᠨ ᠦᠵᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠪᠠᠶᠢᠨ᠎ᠠ      ᠬᠤᠷᠠᠯ ᠠᠴᠠ ᠴᠢᠬᠤᠯᠠᠴᠢᠯᠠᠭᠰᠠᠨ ᠨᠢ᠂ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠶᠢ ᠪᠠᠷᠢᠮᠲᠠᠯᠠᠵᠤ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠶ ᠪᠠᠷ ᠡᠭᠦᠷᠭᠡᠯᠡᠬᠦ ᠶᠢ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠴᠥᠬᠦᠷᠡᠰᠢ ᠥᠬᠡᠶ ᠠᠳᠬᠤᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠬᠤ᠂ ︽ᠳᠥᠷᠪᠡᠨ ᠢᠲᠡᠭᠡᠯ︾ ᠢᠶᠠᠨ ᠪᠠᠲᠤᠳᠬᠠᠬᠤ᠂ ︽ᠬᠤᠶᠠᠷ ᠢ ᠬᠦᠷᠢᠶᠡᠯᠡᠬᠦ︾ ᠶᠢ ᠡᠭᠦᠷᠭᠡ ᠬᠠᠷᠢᠭᠤᠴᠠᠯᠭ᠎ᠠ ᠪᠠᠨ ᠭ᠊ ᠬᠦᠢᠴᠡᠳᠭᠡᠬᠦ ᠳᠡᠭᠡᠷ᠎ᠡ ᠦᠨᠡᠨ ᠬᠦ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠳᠤᠮᠳᠠ ᠢᠯᠡᠷᠡᠭᠦᠯᠬᠦ ᠬᠡᠷᠡᠭᠲᠡᠶ᠃ ᠶᠡᠷᠦᠩᠬᠡᠶ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠤᠯᠤᠰ ᠲᠥᠷᠥ ᠶᠢ ᠡᠷᠬᠢᠮᠯᠡᠬᠦ ᠦᠨᠳᠦᠷᠴᠡ ᠠᠴᠠ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠰᠠᠶᠢᠲᠤᠷ ᠠᠳᠬᠤᠵᠤ᠂ ᠨᠠᠮ ᠤᠨ ᠬᠤᠷᠢᠶ᠎ᠠ ᠢᠯᠠᠩᠭᠤᠶ᠎ᠠ ᠭᠤᠤᠯ ᠬᠠᠷᠢᠭᠤᠴᠠᠯᠭᠠᠲᠠᠨ ᠨᠥᠬᠦᠳ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠨ᠂ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠶᠢ ︽ᠬᠤᠶᠠᠷ ᠢ ᠬᠦᠷᠢᠶᠡᠯᠡᠬᠦ︾ ᠶᠢ ᠦᠢᠯᠡᠳᠦᠯᠭᠡᠵᠢᠭᠦᠯᠬᠦ ᠤᠬᠠᠮᠰᠠᠷᠲᠤ ᠠᠵᠢᠯᠯᠠᠭ᠎ᠠ ᠪᠣᠯᠭᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠴᠢᠬᠤᠯᠠ ᠠᠵᠠ ᠲᠣᠬᠢᠶᠠᠯ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠴᠢᠬᠤᠯᠠ ᠭᠠᠷᠳᠠᠴᠠ ᠲᠠᠢ ᠪᠣᠯᠵᠤ᠂ ᠤᠬᠠᠮᠰᠠᠷ ᠠᠴᠠ ᠪᠠᠨ ᠲᠥᠪ ᠤᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠᠷᠢᠮᠵᠢᠶ᠎ᠠ ᠲᠠᠢ ᠬᠠᠷᠭᠤᠭᠤᠯᠵᠤ᠂ ᠤᠳᠤᠷᠢᠳᠬᠤ ᠪᠠᠭ ᠢ ᠵᠣᠬᠢᠶᠠᠨ ᠪᠠᠶᠢᠭᠤᠯᠤᠨ ᠨᠠᠷᠢᠨ ᠬᠢᠨᠠᠮᠠᠭᠠᠶ ᠰᠤᠳᠤᠯᠵᠤ᠂ ᠠᠰᠠᠭᠤᠳᠠᠯ ᠤᠨ ᠨᠠᠷᠢᠨ ᠳᠠᠩᠰᠠ᠂ ᠡᠭᠦᠷᠭᠡ ᠶᠢᠨ ᠨᠠᠷᠢᠨ ᠳᠠᠩᠰᠠ᠂ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠲᠣᠭᠲᠠᠭᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠡᠳᠦᠷ ᠲᠤᠲᠤᠮ ᠤᠨ ᠠᠵᠢᠯ ᠳᠤ ᠠᠭᠤᠰᠤᠯᠴᠠᠭᠤᠯᠤᠨ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠠᠭᠤᠰᠤᠯᠴᠠᠭᠤᠯᠤᠨ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠳᠤ ᠠᠭᠤᠰᠤᠯᠴᠠᠭᠤᠯᠤᠨ᠂ ᠤᠳᠤᠷᠢᠳᠬᠤ ᠪᠠᠭ ᠤᠨ ᠡᠩᠨᠡᠭᠡ ᠶᠢᠨ ᠪᠠᠶᠢᠭᠤᠯᠤᠯᠲᠠ ᠳᠤ ᠠᠭᠤᠰᠤᠯᠴᠠᠭᠤᠯᠤᠨ ᠣᠷᠣᠭᠤᠯᠤᠨ᠎ᠠ᠃ ᠲᠣᠭᠤᠷᠢᠨ ᠪᠠᠶᠢᠴᠠᠭᠠᠬᠤ ᠠᠵᠢᠯ ᠤᠨ ᠰᠢᠨ᠎ᠡ ᠢᠯᠡᠷᠡᠭᠦᠯᠦᠯᠲᠡ ᠶᠢ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠰᠠᠭᠤᠳᠠᠯ ᠢ ᠪᠠᠶᠢᠴᠠᠭᠠᠨ ᠦᠵᠡᠬᠦ᠂ ᠳᠡᠭᠡᠷ᠎ᠡ ᠤᠳᠠᠭᠠᠨ ᠤ ᠲᠣᠭᠤᠷᠢᠨ ᠪᠠᠶᠢᠴᠠᠭᠠᠬᠤ ᠠᠵᠢᠯ ᠢ ᠪᠣᠳᠠᠲᠠᠶᠢᠵᠢᠭᠤᠯᠤᠭᠰᠠᠨ ᠦᠭᠡᠶ ᠠᠰᠠᠭᠤᠳᠠᠯ ᠲᠠᠢ ᠤᠶᠠᠯᠳᠤᠭᠤᠯᠬᠤ ᠬᠡᠷᠡᠭᠲᠡᠶ᠃ ᠨᠢᠭᠡ ᠴᠤᠭᠴᠠᠵᠢᠭᠤᠯᠤᠨ ᠴᠡᠭᠴᠡᠯᠡᠨ ᠰᠠᠶᠢᠵᠢᠷᠠᠭᠤᠯᠵᠤ᠂ ᠬᠤᠷᠠᠮᠳᠤᠭᠤᠯᠤᠨ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠡᠯ᠎ᠡ ᠵᠤᠶᠢᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠰᠠᠬᠢᠯᠭ᠎ᠠ ᠪᠠᠲᠤ ᠪᠠᠶᠢᠴᠠᠭᠠᠬᠤ ᠪᠠ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠤᠳ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠳᠦᠷ ᠲᠤᠲᠤᠮ ᠤᠨ ᠬᠢᠨᠠᠯᠲᠠ ᠲᠠᠯᠪᠢᠯᠲᠠ ᠪᠠᠨ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠ ᠤᠳᠤᠷᠢᠳᠬᠤ ᠪᠠᠭ ᠢ ᠶᠡᠷᠦᠩᠬᠡᠶᠢᠯᠡᠨ ᠬᠢᠨᠠᠨ ᠰᠢᠯᠭᠠᠬᠤ ᠳᠤ ᠣᠷᠣᠭᠤᠯᠵᠤ᠂ ᠬᠠᠰᠢ ᠶᠠᠰᠢ ᠪᠠᠷ ᠴᠡᠭᠴᠡᠯᠡᠨ ᠰᠠᠶᠢᠵᠢᠷᠠᠭᠤᠯᠬᠤ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠭᠰᠠᠳ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ ᠭᠡᠪᠡ᠃      ᠲᠣᠭᠤᠷᠢᠨ ᠪᠠᠶᠢᠴᠠᠭᠠᠭᠳᠠᠭᠰᠠᠨ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠨᠢ ᠪᠦᠬᠦ ᠲᠠᠯ᠎ᠠ ᠪᠠᠷ ᠣᠨᠣᠪᠴᠢᠲᠠᠶ᠂ ᠪᠤᠰᠤᠳᠴᠢ ᠪᠥᠭᠡᠳ ᠵᠦᠢ ᠵᠤᠬᠢᠰᠳᠠᠢ ᠪᠠᠶᠢᠵᠤ᠂ ᠠᠰᠠᠭᠤᠳᠠᠯ ᠢ ᠨᠢᠭᠡ ᠯᠡ ᠳᠡᠭᠡᠷ᠎ᠡ ᠣᠨᠣᠭᠠᠵᠤ᠂ ᠠᠮᠢᠨ ᠭᠠᠵᠠᠷ ᠢ ᠨᠢ ᠰᠢᠭᠤᠳ ᠬᠦᠨᠳᠡᠭᠰᠡᠨ ᠪᠠᠶᠢᠨ᠎ᠠ᠃ ᠪᠢᠳᠡ‌‍ᠪᠦ᠋ᠷᠢᠮᠦᠰᠦᠨ ᠮᠡᠳᠡᠷᠡᠵᠦ᠂ ᠦᠨᠡᠨᠴᠢ ᠪᠠᠷ ᠬᠦᠯᠢᠶᠡᠨ ᠠᠪᠴᠤ᠂ ᠬᠠᠭᠤᠳᠠᠰᠤ ᠶᠣᠰᠣᠭᠠᠷ ᠪᠦᠬᠦᠨ ᠢ ᠬᠤᠷᠢᠶᠠᠨ ᠠᠪᠤᠨ᠎ᠠ᠃ ᠤᠯᠤᠰ ᠲᠥᠷᠥ ᠶᠢᠨ ᠵᠣᠭᠰᠣᠴᠠ ᠪᠠᠨ ᠴᠢᠷᠮᠠᠶᠢᠨ ᠳᠡᠭᠡᠭᠰᠢᠯᠡᠭᠦᠯᠵᠦ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠲᠤᠰᠬᠠᠶ ᠲᠣᠭᠤᠷᠢᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠠᠶᠢᠳᠠᠪᠤᠷᠢᠵᠢᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠬᠠᠮᠤᠭ ᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ ᠬᠠᠷᠢᠭᠤ ᠲᠤᠰᠬᠠᠭᠰᠠᠨ ᠰᠠᠨᠠᠯ ᠢ ᠭᠦᠨᠵᠡᠭᠡᠶ ᠰᠣᠳᠣᠯᠵᠤ ᠲᠡᠷᠡ ᠶᠣᠰᠣᠭᠠᠷ ᠨᠢ ᠡᠷᠡᠰ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠬᠡᠷᠡᠭᠲᠡᠶ᠃ ᠤᠯᠤᠰ ᠲᠥᠷᠥ ᠶᠢᠨ ᠡᠭᠦᠷᠭᠡᠯᠡᠯ ᠢ ᠤᠬᠠᠮᠰᠠᠷ ᠠᠴᠠ ᠪᠠᠨ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠳᠤ ᠡᠬᠡ ᠳᠠᠩᠰᠠ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠵᠤᠷᠪᠤᠰ ᠳᠠᠷᠠᠭᠠᠯᠠᠨ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠵᠦ᠂ ᠤᠴᠢᠷ ᠪᠣᠯᠭᠠᠨ ᠳᠤ ᠨᠠᠶᠢᠳᠠᠪᠤᠷᠢᠲᠠᠢ᠂ ᠤᠴᠢᠷ ᠪᠣᠯᠭᠠᠨ ᠳᠤ ᠬᠠᠷᠢᠭᠤ ᠥᠭᠬᠦ ᠶᠢ ᠪᠠᠲᠤᠯᠠᠨ᠎ᠠ᠃ ᠤᠯᠤᠰ ᠲᠥᠷᠥ ᠶᠢᠨ ᠰᠠᠬᠢᠯᠭ᠎ᠠ ᠪᠠᠲᠤ ᠶᠢ ᠴᠢᠩᠭᠠᠳᠬᠠᠵᠤ᠂ ᠬᠤᠷᠢᠭ᠎ᠠ ᠱᠤᠭᠤᠮ ᠤᠨ ᠤᠬᠠᠮᠰᠠᠷ ᠢᠶᠠᠨ ᠲᠡᠭᠡᠭᠰᠢᠯᠡᠬᠦᠯᠵᠦ᠂ ᠳᠦᠷᠢᠮ ᠲᠣᠭᠲᠠᠭᠠᠯ ᠢ ᠲᠡᠭᠦᠯᠳᠡᠷᠵᠢᠭᠦᠯᠦᠨ᠂ ᠳᠦᠷᠢᠮ ᠢᠶᠠᠷ ᠬᠥᠮᠦᠨ ᠢ ᠬᠠᠮᠢᠶᠠᠷᠬᠤ᠂ ᠤᠴᠢᠷ ᠶᠠᠪᠤᠳᠠᠯ ᠢ ᠬᠠᠮᠢᠶᠠᠷᠬᠤ᠂ ᠡᠷᠬᠡ ᠶᠢ ᠬᠠᠮᠢᠶᠠᠷᠬᠤ᠂ ᠳᠦᠷᠢᠮ ᠤᠨ ᠡᠷᠬᠡ ᠰᠦᠷ ᠢ ᠲᠦᠷᠦᠭᠦᠯᠡᠨ ᠬᠠᠮᠠᠭᠠᠯᠠᠵᠤ᠂ ᠠᠵᠢᠯ ᠤᠨ ᠳᠦᠷᠢᠮᠵᠢᠭᠦᠯᠦᠯᠲᠡ ᠶᠢᠨ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠰᠠᠶᠢᠨ ᠦᠷ᠎ᠡ ᠪᠦᠲᠦᠮᠵᠢ ᠪᠠᠷ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠳᠤ ᠢᠳᠡᠪᠬᠢᠲᠡᠢ ᠬᠦᠴᠦᠨ ᠴᠢᠳᠠᠯ ᠢᠶᠠᠨ ᠡᠷᠭᠦᠨ᠎ᠡ ᠭᠡᠪᠡ᠃      ᠠᠮᠢ ᠠᠬᠤᠶ ᠣᠷᠴᠢᠨ ᠲᠣᠭᠤᠷᠢᠨ ᠤ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠰᠠᠶᠢᠳ ᠯᠢᠦ ᠬᠤᠸᠠ ᠴᠥᠮ᠎ᠡ ᠪᠣᠯᠤᠨ ᠰᠠᠴᠤᠷᠠᠭ ᠤᠨ ᠠᠮᠤᠷ ᠲᠦᠪᠰᠢᠨ ᠤ ᠲᠥᠪ ᠤᠨ ᠨᠠᠮ ᠤᠨ ᠬᠤᠷᠢᠶᠠᠨ ᠳᠤ ᠲᠣᠭᠤᠷᠢᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠬᠤ ᠬᠤᠷᠠᠯ ᠳᠤ ᠣᠷᠣᠯᠴᠠᠵᠠᠶ᠃ ᠠᠮᠢ ᠠᠬᠤᠶ ᠣᠷᠴᠢᠨ ᠲᠣᠭᠤᠷᠢᠨ ᠤ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠳᠤᠮᠳᠠᠳᠤ ᠤᠯᠤᠰ ᠤᠨ ᠣᠷᠴᠢᠨ ᠲᠣᠭᠤᠷᠢᠨ ᠢ ᠬᠢᠨᠠᠨ ᠬᠡᠮᠵᠢᠬᠦ ᠶᠡᠷᠦᠩᠬᠡᠶ ᠥᠷᠲᠡᠭᠡᠨ ᠤ ᠨᠠᠮ ᠤᠨ ᠬᠤᠷᠢᠶᠠᠨ ᠳᠤ ᠲᠣᠭᠤᠷᠢᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠬᠤ ᠬᠤᠷᠠᠯ ᠳᠤ ᠣᠷᠣᠯᠴᠠᠵᠠᠶ᠃ ᠡᠭᠦᠨ ᠤ ᠬᠠᠮᠲᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠬᠠᠢ ᠱᠠᠭᠠᠷᠳᠠᠯᠭ᠎ᠠ ᠳᠤᠷᠠᠳᠪᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号