ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠪᠥᠬᠦ ᠣᠷᠣᠨ ᠤ ᠠᠮᠢ ᠠᠬᠤᠶ ᠣᠷᠴᠢᠨ ᠲᠣᠭᠤᠷᠢᠨ ᠤ ᠰᠢᠰᠲ᠋ᠧᠮ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠵᠢᠴᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2020/9/17
     ᠪᠦᠬᠦ ᠣᠷᠣᠨ ᠤ ᠠᠮᠢ ᠠᠬᠤᠶ ᠣᠷᠴᠢᠨ ᠲᠣᠭᠤᠷᠢᠨ ᠤ ᠰᠢᠰᠲ᠋ᠧᠮ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠪᠠ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ  ᠲᠡᠭᠡᠭᠰᠢᠯᠡᠬᠦᠯᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠤᠳᠠᠭᠠᠨ ᠳᠠᠭᠠᠭᠠᠮᠠᠭᠠᠶ ᠳᠠᠶᠢᠨ ᠢ ᠰᠠᠶᠢᠲᠤᠷ ᠬᠢᠬᠦ ᠳᠤ ᠬᠦᠴᠦ ᠨᠡᠮᠡᠷᠢᠯᠡᠬᠦ ᠶᠢᠨ ᠲᠦᠯᠦᠭᠡ᠂ 9 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠪᠥᠬᠦ ᠣᠷᠣᠨ ᠤ ᠠᠮᠢ ᠠᠬᠤᠶ ᠣᠷᠴᠢᠨ ᠲᠣᠭᠤᠷᠢᠨ ᠤ ᠰᠢᠰᠲ᠋ᠧᠮ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠵᠢᠴᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠣᠯᠪᠠᠰᠤᠷᠠᠯ ᠤᠨ ᠠᠩᠭᠢ ᠡᠷᠭᠢᠯᠡᠪᠡ᠃
 
     ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠵᠠᠩ ᠬᠤᠶ ᠢᠦᠶ ᠰᠤᠷᠤᠯᠭ᠎ᠠ ᠡᠬᠢᠯᠡᠬᠦ ᠶᠠᠷᠢᠶᠠᠨ ᠳᠠᠭᠠᠨ ᠣᠷᠴᠢᠨ ᠲᠣᠭᠤᠷᠢᠨ ᠤ ᠵᠠᠬᠢᠳᠠᠯ ᠰᠤᠷᠪᠤᠯᠵᠢᠯᠠᠭ᠎ᠠ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠣᠳᠣᠷᠬᠠᠶᠢᠯᠠᠵᠤ᠂ ᠣᠳᠣᠬᠠᠨ ᠤ ᠠᠵᠢᠯ ᠤᠨ ᠳᠤᠮᠳᠠ ᠲᠤᠯᠭᠠᠷᠠᠵᠤ ᠪᠠᠶᠢᠭ᠎ᠠ ᠰᠢᠨ᠎ᠡ ᠪᠠᠶᠢᠴᠠ᠂ ᠰᠢᠨ᠎ᠡ ᠪᠠᠶᠢᠳᠠᠯ ᠪᠠ ᠰᠢᠨ᠎ᠡ ᠠᠰᠠᠭᠤᠳᠠᠯ ᠢ ᠭᠦᠨᠵᠡᠭᠡᠶ ᠵᠠᠳᠠᠯᠵᠤ᠂ ᠲᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠶ ᠪᠠᠶᠢᠷᠢᠯᠠᠭᠤᠯᠤᠯᠲᠠ ᠬᠢᠵᠦ᠂ ᠲᠣᠳᠣᠷᠬᠠᠶ ᠱᠠᠭᠠᠷᠳᠠᠯᠭ᠎ᠠ ᠳᠤᠷᠠᠳᠴᠠᠶ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠤᠨ ᠠᠯᠪᠠᠨ ᠬᠡᠷ ᠤᠨ ᠡᠷᠬᠢᠯᠡᠭᠴᠢ ᠶᠢᠨ ᠱᠤ᠋ ᠭᠠᠩ ᠪᠣᠯᠪᠠᠰᠤᠷᠠᠭᠤᠯᠤᠯ ᠤᠨ ᠠᠵᠢᠯᠯᠠᠭ᠎ᠠ ᠶᠢ ᠡᠷᠭᠢᠯᠡᠪᠡ᠃      ᠲᠣᠰ ᠤᠳᠠᠭᠠᠨ ᠤ ᠪᠣᠯᠪᠠᠰᠤᠷᠠᠯ ᠤᠨ ᠠᠩᠭᠢ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠲᠤᠰᠬᠠᠶ ᠮᠡᠷᠭᠡᠵᠢᠯᠲᠡᠨ ᠪᠠ ᠤᠳᠤᠷᠢᠳᠤᠯᠭ ᠎ᠠ ᠶᠢ ᠤᠷᠢᠵᠤ᠂ ᠵᠠᠬᠢᠳᠠᠯ ᠰᠤᠷᠪᠤᠯᠵᠢᠯᠠᠭ᠎ᠠ ᠶᠢᠨ ᠭᠤᠮᠣᠳᠠᠯ ᠲᠣᠭᠠᠴᠠᠬᠤ ᠶᠢ ᠬᠠᠤᠯᠢ ᠶᠣᠰᠣᠭᠠᠷ ᠲᠥᠷᠥᠯ ᠬᠤᠪᠢᠶᠠᠨ ᠰᠢᠢᠳᠪᠦᠷᠢᠯᠡᠬᠦ ᠶᠢ ᠠᠬᠢᠭᠤᠯᠬᠤ ᠪᠠ ᠬᠢᠵᠢᠭ ᠤᠨ ᠳᠠᠷᠠᠭᠠᠬᠢ ᠴᠠᠭ ᠦᠶ᠎ᠡ ᠶᠢᠨ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠡᠷᠬᠢ ᠰᠠᠶᠢᠳᠤᠷ ᠬᠢᠬᠦ ᠲᠤᠬᠠᠢ᠂ ᠭᠦᠨᠵᠡᠭᠡᠶ ᠪᠥᠭᠡᠳ ᠣᠶᠢᠯᠠᠭᠠᠮᠵᠢᠲᠠᠶ᠂ ᠠᠮᠢᠳᠤᠯᠢᠭ ᠰᠠᠶᠢᠬᠠᠨ ᠲᠠᠢᠯᠪᠤᠷᠢᠯᠠᠨ ᠶᠠᠷᠢᠵᠤ᠂ ᠭᠤᠤᠯ ᠰᠡᠳᠦᠪ ᠨᠢ ᠲᠣᠪᠦ᠋ᠮ᠎ᠠ᠂ ᠦᠵᠡᠯᠲᠡ ᠲᠣᠳᠣᠷᠬᠠᠶ᠂ ᠬᠡᠷᠡᠭ ᠤᠨ ᠵᠢᠱᠢᠶ᠎ᠡ ᠨᠠᠷᠢᠨ ᠪᠣᠳᠠᠲᠠᠶ᠂ ᠠᠭᠤᠯᠭ᠎ᠠ ᠨᠢ ᠪᠠᠶᠠᠯᠢᠭ᠂ ᠠᠮᠢ ᠠᠬᠤᠢ ᠣᠷᠴᠢᠨ ᠲᠣᠭᠤᠷᠢᠨ ᠤ ᠰᠢᠰᠲ᠋ᠧᠮ ᠤᠨ ᠴᠠᠭ ᠦᠶ᠎ᠡ ᠲᠠᠢ ᠵᠡᠷᠭᠡᠪᠡᠷ ᠤᠷᠤᠭᠰᠢᠯᠠᠵᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠰᠢᠨ᠎ᠡ ᠪᠠᠶᠢᠳᠠᠯ ᠳᠤ ᠵᠣᠬᠢᠴᠠᠨ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠵᠤ᠂ ᠣᠯᠠᠨ ᠲᠦᠮᠡᠨ ᠤ ᠭᠤᠮᠣᠳᠠᠯ ᠲᠣᠭᠠᠴᠠᠬᠤ ᠶᠢ ᠬᠠᠤᠯᠢ ᠶᠣᠰᠣᠭᠠᠷ ᠵᠦᠢ ᠵᠣᠬᠢᠰᠲᠠᠢ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠪᠦᠲᠦᠮᠵᠢᠲᠡᠢ ᠰᠢᠢᠳᠪᠤᠷᠢᠯᠡᠬᠦ ᠳᠤ ᠴᠢᠬᠤᠯᠠ ᠵᠢᠯᠣᠭᠤᠳᠬᠤ ᠪᠠ ᠠᠬᠢᠭᠤᠯᠬᠤ ᠦᠢᠯᠡᠳᠦᠯ ᠦᠵᠡᠭᠦᠯᠪᠡ︔ ᠰᠢᠨ᠎ᠡ ᠴᠠᠭ ᠦᠶ᠎ᠡ ᠶᠢᠨ ᠮᠡᠳᠡᠭᠡ ᠵᠠᠩᠭᠢ ᠶᠢ ᠴᠤᠭᠯᠠᠭᠤᠯᠤᠨ ᠨᠠᠶᠢᠷᠠᠭᠤᠯᠤᠨ ᠪᠢᠴᠢᠵᠦ ᠮᠡᠳᠡᠭᠦᠯᠦᠨ ᠬᠦᠷᠭᠡᠬᠦ ᠠᠵᠢᠯ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ᠂ ᠨᠠᠷᠢᠨ ᠪᠣᠳᠠᠲᠠᠶ ᠲᠤᠭ᠎ᠠ ᠪᠠᠷᠢᠮᠲᠠ᠂ ᠰᠣᠩᠭᠤᠳᠠᠭ ᠬᠡᠷᠡᠭ ᠤᠨ ᠵᠢᠱᠢᠶ᠎ᠡ ᠪᠠᠷ ᠮᠠᠰᠢ ᠰᠠᠶᠢᠬᠠᠨ ᠲᠠᠶᠢᠯᠪᠤᠷᠢᠯᠠᠯᠲᠠ ᠬᠢᠵᠦ᠂ ᠳᠠᠷᠠᠭ᠎ᠠ ᠠᠯᠬᠤᠮ ᠳᠤ ᠵᠠᠰᠠᠭ ‍ᠤᠨᠨ ᠶᠠᠪᠤᠳᠠᠯ ᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠢ ᠰᠠᠶᠢᠲᠤᠷ ᠬᠢᠬᠦ ᠳᠤ ᠲᠣᠳᠣᠷᠬᠠᠶ ᠰᠡᠳᠬᠢᠬᠦᠢ ᠶᠢᠨ ᠴᠢᠭᠯᠡᠯ ᠪᠠ ᠪᠦᠲᠦᠮᠵᠢᠲᠡᠶ ᠠᠷᠭ᠎ᠠ ᠵᠠᠮ ᠢ ᠳᠤᠷᠠᠳᠤᠨ ᠭᠠᠷᠭᠠᠵᠠᠶ᠃ ᠲᠤᠰ ᠤᠳᠠᠭᠠᠨ ᠤ ᠪᠣᠯᠪᠠᠰᠤᠷᠠᠯ ᠤᠨ ᠠᠩᠭᠢ ᠶᠢᠨ ᠭᠤᠣᠯ ᠰᠡᠳᠦᠪ ᠨᠢ ᠢᠯᠡ ᠲᠣᠳᠣ᠂ ᠠᠭᠤᠯᠭ᠎ᠠ ᠨᠢ ᠪᠠᠶᠠᠯᠢᠭ᠂ ᠲᠣᠬᠢᠷᠠᠭᠤᠯᠤᠯᠲᠠ ᠨᠢ ᠠᠪᠰᠠᠷᠬᠠᠨ ᠪᠠᠶᠢᠵᠤ᠂ ᠵᠢᠱᠢᠭᠰᠡᠨ ᠦᠷ᠎ᠡ ᠪᠦᠲᠦᠮᠵᠢ ᠣᠯᠤᠭᠰᠠᠨ ᠪᠠᠢᠨ᠎ᠠ᠃
     ᠡᠯ᠎ᠡ ᠠᠶᠢᠮᠠᠭ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠬᠠᠮᠢᠶ᠎ᠠ ᠪᠦᠬᠦᠢ ᠠᠵᠢᠯ ᠢ ᠬᠠᠷᠢᠭᠤᠴᠠᠬᠤ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠪᠤᠶᠤ ᠠᠵᠢᠯᠲᠠᠨ ᠡᠯ᠎ᠡ ᠬᠤᠰᠢᠭᠤ ᠰᠢᠶᠠᠨ ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ ᠲᠠᠰᠤᠭ᠂ ᠲᠣᠮᠢᠯᠠᠭᠰᠠᠨ ᠪᠠᠶᠢᠭᠤᠯᠤᠮᠵᠢ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠠᠷᠢᠭᠤᠴᠠᠬᠤ ᠬᠠᠷᠢᠭᠤᠴᠠᠯᠭᠠᠲᠠᠨ ᠪᠤᠶᠤ ᠠᠵᠢᠯᠲᠠᠨ ᠵᠢᠴᠢ ᠲᠢᠩᠬᠢᠮ ᠤᠨ ᠬᠠᠷᠢᠶ᠎ᠠ ᠪᠦᠬᠦᠢ ᠠᠵᠢᠯ ᠦᠢᠯᠡᠰ ᠤᠨ  ᠨᠢᠭᠡᠴᠢ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠪᠣᠯᠤᠨ ᠠᠵᠢᠯᠳᠠᠳ ᠪᠤᠯᠪᠠᠰᠤᠷᠠᠯ ᠳᠤ ᠣᠷᠣᠯᠴᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号