ᠲᠦᠩᠯᠢᠶᠣᠤ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ᠂ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠪᠠ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠥᠷᠨᠢᠭᠦᠯᠪᠡ
ᠨᠡᠶᠢᠲᠡᠯᠡᠭᠰᠡᠨ ᠴᠠᠭ᠄
2021/2/5
      ᠨᠡᠶᠢᠲᠡᠯᠡᠭᠰᠡᠨ ᠴᠠᠭ᠄ 2021-1-29   17᠄ 04    ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ      ᠮᠠᠨ ᠤ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ  ᠶᠢᠨ ᠲᠥᠯᠥᠭᠡ᠂ ᠲᠦᠩᠯᠢᠶᠣᠤ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠣᠯᠠᠨ ᠠᠷᠭ᠎ᠠ ᠬᠡᠮᠵᠢᠶ᠎ᠡ ᠶᠢ  ᠵᠡᠷᠭᠡᠪᠡᠷ ᠬᠡᠷᠡᠭᠯᠡᠵᠦ᠂ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠪᠠᠷ  ᠭᠤᠤᠯ  ᠪᠣᠯᠭᠠᠨ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠰᠠᠶᠢᠲᠤᠷ ᠠᠳᠬᠤᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠵᠦ ᠪᠠᠶᠢᠨ᠎ᠠ᠃      ᠨᠢᠭᠡ᠂ ᠬᠤᠲᠠ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠶᠢ ᠬᠤᠷᠢᠶᠠᠨ ᠴᠤᠭᠯᠠᠭᠤᠯᠬᠤ ᠵᠢᠴᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷ ᠤᠰᠤ ᠰᠢᠶᠳᠪᠦᠷᠢᠯᠡᠬᠦ ᠡᠷᠴᠢᠮ ᠢ ᠪᠦᠬᠦ ᠬᠦᠴᠦᠨ ᠢᠶᠠᠷ  ᠢᠶᠠᠨ ᠨᠡᠮᠡᠭᠳᠡᠭᠦᠯᠪᠡ᠃ ᠪᠦᠬᠦ ᠬᠤᠲᠠ ᠳᠤ ᠨᠡᠶᠢᠲᠡ 1193 ᠺᠢᠯᠤᠮᠧᠲᠷ ᠪᠤᠵᠠᠷ ᠤᠰᠤᠨ ᠤ ᠬᠤᠭᠤᠯᠠᠢ ᠲᠠᠢ᠂ ᠪᠤᠵᠠᠷ ᠤᠰᠤ ᠶᠢ ᠰᠢᠢᠳᠪᠦᠷᠢᠯᠡᠭᠰᠡᠨ ᠨᠣᠷᠮ᠎ᠠ 98.16% ᠬᠦᠷᠴᠡᠢ᠃  ᠤᠶᠢᠷ᠎ᠠ‌‍ᠶᠢᠨ ᠲᠠᠪᠤᠨ ᠵᠢᠯ ᠳᠤ᠂ ᠪᠦᠬᠦ ᠬᠤᠲᠠ ᠳᠤ ᠪᠣᠬᠢᠷ ᠤᠰᠤᠨ ᠤ ᠬᠤᠭᠤᠯᠠᠢ ᠲᠣᠣᠷ  ᠢ ᠨᠡᠶᠢᠲᠡ 208.93 ᠺᠢᠯᠤᠮᠧᠲᠷ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠵᠠᠰᠠᠵᠤ᠂ ᠬᠠᠮ  ᠤᠷᠤᠰᠬᠠᠯ ᠤᠨ ᠬᠤᠭᠤᠯᠠᠢ ᠲᠣᠣᠷ  ᠢ 85.47 ᠺᠢᠯᠤᠮᠧᠲᠷ  ᠥᠭᠡᠷᠡᠴᠢᠯᠡᠨ ᠵᠠᠰᠠᠵᠤ᠂ ᠬᠤᠲᠠ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ 5 ᠶᠢ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠨ ᠪᠠᠶᠢᠭᠤᠯᠵᠤ᠂ ᠪᠦᠬᠦ ᠬᠤᠲᠠ ᠶᠢᠨ ᠬᠤᠲᠠ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠪᠡ᠃ ᠪᠥᠬᠦ ᠬᠤᠲᠠ ᠳᠤ ᠣᠲᠣ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ 9 ᠪᠣᠶ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ 4᠂ ᠬᠤᠲᠠ ᠶᠢᠨ ᠲᠠᠰ ᠤᠨ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ 5 ᠪᠣᠶ᠃ ᠣᠳᠣᠬᠠᠨ ᠳᠤ 9 ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠨᠢᠭᠡᠨᠲᠡ ᠠᠵᠤ ᠦᠶᠯᠡᠳᠪᠦᠷᠢ ᠶᠢᠨ ᠬᠠᠶᠠᠭᠳᠠᠮᠠᠯ ᠤᠰᠤ ᠰᠢᠶᠳᠪᠦᠷᠢᠯᠡᠬᠦ ᠦᠶᠯᠡᠳᠪᠦᠷᠢ ᠶᠢ ᠢᠵᠢ ᠪᠦᠷᠢᠳᠦᠭᠦᠯᠦᠨ ᠪᠥᠲᠥᠭᠡᠨ  ᠪᠠᠶᠢᠭᠤᠯᠤᠭᠰᠠᠨ ᠨᠢ  4 ᠪᠤᠢ᠂  ᠲᠣᠰ ᠲᠣᠰ ᠨᠠᠶᠮᠠᠨ ᠬᠤᠰᠢᠭᠤᠨ ᠤ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ᠂ ᠺᠠᠶᠢᠯᠦ ᠰᠢᠶᠠᠨ ᠤ ᠠᠵᠤ ᠦᠶᠯᠡᠳᠪᠦᠷᠢ ᠶᠢᠨ  ᠬᠦᠷᠢᠶᠡᠯᠡᠩ ᠲᠣᠭᠤᠷᠢᠭ᠂ ᠬᠤᠤᠯᠢᠨ ᠭᠤᠤᠯ ᠬᠤᠲᠠ ᠶᠢᠨ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠪᠣᠯᠤᠨ ᠮᠡᠯᠡᠬᠡᠶᠢᠲᠦ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠪᠣᠯᠤᠨ᠎ᠠ᠂ ᠡᠭᠦᠨ ᠳᠤ ᠺᠠᠶᠢᠯᠦ ᠰᠢᠶᠠᠨ ᠤ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠢᠵᠢ ᠪᠥᠷᠢᠳᠦᠭᠦᠯᠦᠭᠰᠡᠨ ᠵᠡᠭᠦᠨ ᠲᠣᠭᠤᠷᠢᠭ ᠤᠨ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢ ᠲᠦᠷ ᠠᠰᠢᠭᠯᠠᠯᠲᠠ ᠳᠤ ᠣᠷᠣᠭᠤᠯᠤᠭᠠᠳᠤᠶ᠂  ᠮᠦᠨᠬᠦ ᠬᠤᠲᠠ ᠪᠠᠯᠭᠠᠰᠤᠨ ᠤ ᠠᠮᠢᠳᠤᠷᠠᠯ ᠤᠨ ᠪᠣᠬᠢᠷ ᠤᠰᠤᠨ ᠤ ᠦᠶᠯᠡᠳᠪᠦᠷᠢ ᠳᠤ ᠲᠦᠰᠢᠭᠯᠡᠨ ᠠᠵᠤ ᠦᠶᠯᠡᠳᠪᠦᠷᠢ ᠶᠢᠨ ᠬᠠᠶᠠᠭᠳᠠᠮᠠᠯ ᠤᠰᠤ ᠶᠢ  ᠰᠢᠢᠳᠪᠦᠷᠢᠯᠡᠵᠦ ᠪᠠᠶᠢᠭ᠎ᠠ ᠶᠢ ᠭᠠᠷᠭᠠᠪᠠᠯ᠂ ᠪᠤᠰᠤᠳ ᠢᠵᠢ ᠪᠥᠷᠢᠳᠦᠭᠰᠡᠨ ᠪᠣᠬᠢᠷ ᠤᠰᠤᠨ ᠤ ᠦᠶᠯᠡᠳᠪᠦᠷᠢ ᠶᠢ ᠴᠥᠮ ᠠᠰᠢᠭᠯᠠᠯᠲᠠ ᠳᠤ ᠣᠷᠣᠭᠤᠯᠵᠠᠶ᠃ ᠪᠤᠰᠤᠳ 5 ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠬᠠᠷᠠᠬᠠᠨ ᠢᠵᠢ ᠪᠥᠷᠢᠳᠦᠭᠰᠡᠨ ᠪᠣᠬᠢᠷ ᠤᠰᠤᠨ ᠤ ᠦᠶᠯᠡᠳᠪᠦᠷᠢ ᠪᠠᠶᠢᠭᠤᠯᠤᠭᠠᠳᠤᠶ᠂ ᠠᠵᠤ ᠦᠶᠯᠡᠳᠪᠦᠷᠢ ᠶᠢᠨ ᠬᠠᠶᠠᠭᠳᠠᠮᠠᠯ ᠤᠰᠤ ᠶᠢ ᠮᠥᠨ ᠬᠦ ᠬᠤᠲᠠ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠳᠤ ᠲᠦᠰᠢᠭᠯᠡᠨ ᠰᠢᠶᠳᠪᠦᠷᠢᠯᠡᠵᠦ ᠪᠠᠶᠢᠨ᠎ᠠ᠃ ᠰᠦᠯᠵᠢᠶᠡᠨ ᠳᠡᠭᠡᠷ᠎ᠡ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠪᠣᠶ ᠪᠥᠬᠦᠶ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠴᠥᠮ ᠪᠠᠷᠢᠮᠵᠢᠶ᠎ᠠ ᠳᠤ ᠬᠦᠷᠭᠡᠵᠦ ᠭᠠᠳᠠᠭᠰᠢᠯᠠᠭᠤᠯᠬᠤ ᠶᠢ ᠪᠡᠶᠡᠯᠡᠭᠦᠯᠪᠡ᠃      ᠬᠤᠶᠠᠷ᠂ ᠠᠶᠤᠯᠲᠠᠶ ᠬᠠᠶᠠᠭᠳᠠᠮᠠᠯ ᠡᠳ᠋᠂ ᠡᠮᠴᠢᠯᠡᠭᠡᠨ ᠤ ᠬᠠᠶᠠᠭᠳᠠᠮᠠᠯ ᠡᠳ᠋ ᠵᠡᠷᠭᠡ ᠬᠠᠮᠢᠶ᠎ᠠ ᠪᠥᠬᠦᠶ ᠬᠠᠮᠢᠶᠠᠷᠤᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠠᠬᠢᠭᠤᠯᠪᠠ᠃ ᠬᠤᠲᠠ ᠶᠢᠨ ᠠᠮᠢ ᠠᠬᠤᠶ ᠣᠷᠴᠢᠨ ᠲᠣᠭᠤᠷᠢᠨ  ᠤ ᠲᠣᠪᠴᠢᠶ᠎ᠠ ᠨᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠤᠨ ᠠᠶᠤᠯᠲᠠᠶ ᠬᠠᠶᠠᠭᠳᠠᠮᠠᠯ ᠪᠣᠳᠠᠰ᠂ ᠡᠮᠴᠢᠯᠡᠭᠡᠨ ᠤ ᠬᠠᠶᠠᠭᠳᠠᠮᠠᠯ ᠪᠣᠳᠠᠰ ᠵᠡᠷᠭᠡ ᠠᠵᠢᠯ ᠤᠨ ᠪᠠᠶᠢᠷᠢᠯᠠᠭᠤᠯᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ᠂  ᠡᠭᠦᠷᠭᠡᠯᠡᠬᠦ ᠰᠡᠳᠬᠢᠯᠭᠡ ᠪᠠ  ᠲᠤᠯᠭᠠᠮ᠎ᠠ ᠰᠡᠳᠬᠢᠯᠭᠡ ᠪᠠᠷ ᠬᠠᠮᠢᠶ᠎ᠠ ᠪᠥᠬᠦᠶ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ  ᠶᠢᠨ ᠠᠵᠢᠯ ᠢ ᠪᠥᠬᠦ ᠲᠠᠯ᠎ᠠ ᠪᠠᠷ  ᠥᠷᠨᠢᠭᠦᠯᠥᠨ᠂ ᠠᠯᠢ ᠣᠯᠠᠨ ᠪᠦᠲᠦᠮᠵᠢᠲᠡᠶ ᠠᠷᠭ᠎ᠠ ᠬᠡᠮᠵᠢᠶ᠎ᠡ ᠶᠢ ᠠᠪᠴᠤ᠂ ᠪᠥᠬᠦ ᠬᠤᠲᠠ ᠶᠢᠨ ᠡᠮᠴᠢᠯᠡᠭᠡᠨ ᠤ ᠬᠠᠶᠠᠭᠳᠠᠮᠠᠯ ᠪᠣᠳᠠᠰ ᠢ ᠬᠤᠤᠷ ᠥᠬᠡᠶ ᠪᠣᠯᠭᠠᠨ ᠰᠢᠶᠳᠪᠦᠷᠢᠯᠡᠬᠦ ᠶᠢ ᠦᠨᠡᠨ ᠬᠦ ᠪᠠᠲᠤᠯᠠᠪᠠ᠃ ᠣᠳᠣᠬᠠᠨ ᠳᠤ ᠨᠢᠭᠡᠨᠲᠡ 231 ᠠᠶᠤᠯᠲᠠᠶ ᠬᠠᠶᠠᠭᠳᠠᠮᠠᠯ ᠪᠣᠳᠠᠰ ᠤᠨ ᠠᠵᠤ ᠠᠬᠤᠶᠢᠯᠠᠯ ᠳᠤ ᠲᠤᠰᠬᠠᠶ ᠪᠠᠶᠢᠴᠠᠭᠠᠯᠲᠠ ᠥᠷᠨᠢᠭᠦᠯᠵᠦ᠂ ᠡᠭᠦᠨ ᠳᠤ 29  ᠡᠵᠡᠩᠨᠡᠯᠲᠡ ᠶᠢᠨ ᠠᠵᠤ ᠠᠬᠤᠶᠢᠯᠠᠯ  ᠂ 202  ᠬᠠᠶᠠᠭᠳᠠᠮᠠᠯ ᠭᠠᠷᠭᠠᠳᠠᠭ  ᠠᠵᠤ ᠠᠬᠤᠶᠢᠯᠠᠯ ᠪᠠᠶᠢᠬᠤ ᠪᠥᠭᠡᠳ 50 ᠠᠵᠤ ᠠᠬᠤᠶᠢᠯᠠᠯ ᠢ   ᠨᠢ ᠨᠢᠭᠡᠨᠲᠡ ᠮᠠᠨ ᠤ ᠬᠤᠲᠠ ᠶᠢᠨ ᠭᠤᠤᠯᠳᠠᠯᠭ᠎ᠠ ᠲᠠᠢ ᠠᠶᠤᠯᠲᠠᠶ ᠬᠠᠶᠠᠭᠳᠠᠮᠠᠯ ᠪᠣᠳᠠᠰ ᠤᠨ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢᠨ ᠨᠡᠷᠡᠰ  ᠤᠨ ᠵᠢᠭᠰᠠᠭᠠᠯᠲᠠ ᠳᠤ ᠣᠷᠣᠭᠤᠯᠪᠠ᠃ 2020 ᠣᠨ ᠤ ᠡᠴᠦᠰ ᠪᠣᠯᠬᠤ ᠳᠤ ᠪᠥᠬᠦ ᠬᠤᠲᠠ ᠶᠢᠨ ᠡᠮᠴᠢᠯᠡᠭᠡᠨ ᠤ ᠬᠠᠶᠠᠭᠳᠠᠮᠠᠯ ᠪᠣᠳᠠᠰ ᠢ 1728.37 ᠲᠣᠨ ᠠᠮᠤᠷ ᠲᠦᠪᠰᠢᠨ ᠢᠶᠠᠷ ᠬᠤᠷᠢᠶᠠᠨ ᠴᠤᠭᠯᠠᠭᠤᠯᠵᠤ  ᠰᠢᠢᠳᠪᠦᠷᠢᠯᠡᠪᠡ᠃ ᠡᠭᠦᠨ ᠤ ᠬᠠᠮᠲᠤ ᠪᠥᠬᠦ ᠬᠤᠲᠠ ᠶᠢᠨ ᠭᠤᠤᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ ᠬᠡᠷᠡᠭᠯᠡᠬᠦ ᠭᠠᠵᠠᠷ ᠤᠨ ᠪᠠᠶᠢᠴᠠᠭᠠᠯᠲᠠ ᠶᠢᠨ ᠨᠠᠷᠢᠨ ᠲᠠᠩᠰᠠ 139   ᠶᠢ ᠲᠣᠭᠲᠠᠭᠠᠵᠤ᠂ ᠭᠤᠤᠯᠳᠠᠯᠭ᠎ᠠ ᠲᠠᠢ ᠠᠵᠢᠯ ᠲᠥᠷᠥᠯ  ᠤᠨ ᠠᠵᠤ ᠠᠬᠤᠶᠢᠯᠠᠯ ᠤᠨ ᠬᠡᠷᠡᠭᠯᠡᠬᠦ ᠭᠠᠵᠠᠷ ᠤᠨ ᠪᠠᠶᠢᠴᠠᠭᠠᠯᠲᠠ ᠳᠤ ᠥᠯᠢᠭᠡᠷ ᠠᠪᠬᠤ ᠭᠠᠵᠠᠷ ᠤᠨ ᠨᠠᠷᠢᠨ ᠲᠠᠩᠰᠠ 38   ᠶᠢ  ᠪᠠᠶᠢᠭᠤᠯᠵᠤ᠂ ᠳᠠᠷᠠᠭᠠᠯᠠᠨ ᠪᠠᠶᠢᠴᠠᠭᠠᠭᠠᠳ ᠪᠥᠬᠦ ᠬᠤᠲᠠ ᠳᠤ ᠨᠡᠶᠢᠲᠡ 6 ᠪᠣᠬᠢᠷᠲᠤᠭᠰᠠᠨ ᠰᠡᠵᠢᠭᠲᠡᠶ ᠭᠠᠵᠠᠷ ᠣᠷᠣᠰᠢᠵᠤ ᠪᠠᠶᠢᠬᠤ ᠶᠢ ᠲᠣᠭᠲᠠᠭᠠᠭᠰᠠᠨ ᠪᠥᠭᠡᠳ ᠨᠢᠭᠡᠨᠲᠡ ᠪᠦᠬᠦᠨ ᠢ ᠪᠥᠬᠦ ᠤᠯᠤᠰ ᠤᠨ ᠪᠣᠬᠢᠷᠲᠤᠭᠰᠠᠨ ᠭᠠᠵᠠᠷ ᠤᠨ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ  ᠳᠤ ᠣᠷᠣᠭᠤᠯᠪᠠ᠃     ᠮᠡᠳᠡᠭᠡ ᠵᠠᠩᠭᠢ ᠶᠢᠨ ᠢᠷᠡᠯᠲᠡ᠄ ᠲᠦᠩᠯᠢᠶᠣᠤ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ  ᠶᠢᠨ ᠠᠯᠪᠠᠨ ᠬᠡᠷ
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号