ᠠᠭᠠᠷ ᠮᠠᠨᠳᠠᠯ ᠤᠨ ᠣᠷᠴᠢᠨ ᠲᠣᠭᠤᠷᠢᠨ ᠤ ᠭᠠᠵᠠᠷ ᠪᠤᠭᠤᠲᠤ ᠬᠤᠳᠠ ᠪᠠ ᠣᠷᠳᠣᠰ ᠬᠤᠳᠠ ᠲᠤ ᠭᠦᠨᠵᠡᠭᠡᠶᠢᠷᠡᠨ ᠤᠮᠠᠷᠠᠲᠤ ᠤᠷᠤᠨ ᠤ ᠠᠷᠢᠭᠤᠨ ᠴᠡᠪᠡᠷ ᠢᠶᠠᠷ ᠲᠤᠯᠠᠭᠠᠯᠠᠭ᠎ᠠ ᠠᠪᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/6/10
   ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ︽ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠪᠤᠭᠤᠲᠤ ᠬᠤᠳᠠ ᠪᠠ ᠤᠷᠳᠤᠰ ᠬᠤᠳᠠ ᠶᠢᠨ ᠠᠷᠢᠭᠤᠨ ᠴᠡᠪᠡᠷ ᠲᠤᠯᠠᠭᠠᠯᠠᠭ᠎ᠠ  ᠠᠪᠬᠤ ᠥᠭᠡᠷᠡᠴᠢᠯᠡᠯᠲᠡ ᠶᠢ ᠠᠬᠢᠭᠤᠯᠬᠤ ᠶᠢᠨ ᠲᠤᠰᠠᠳᠠ᠂ 4 ᠳ᠋ᠤᠭᠡᠷ ᠰᠠᠷ᠎ᠠ ᠶᠢᠨ 27 ᠤ ᠡᠳᠦᠷ ᠠᠴᠠ 29 ᠤ ᠡᠳᠦᠷ ᠪᠣᠯᠲᠠᠯ᠎ᠠ᠂ ᠠᠭᠠᠷ ᠮᠠᠨᠳᠠᠯ ᠤᠨ ᠣᠷᠴᠢᠨ ᠲᠣᠭᠤᠷᠢᠨ ᠤ ᠭᠠᠵᠠᠷ ᠤᠨ ᠨᠠᠮ ᠤᠨ ᠡᠭᠦᠷ ᠤᠨ ᠱᠦᠵᠢ᠂ ᠭᠠᠵᠠᠷ ᠤᠨ ᠳᠠᠷᠤᠭ᠎ᠠ ᠸᠠᠩ ᠢ ᠯᠢᠩ ᠤᠯᠤᠰ ᠤᠨ ᠡᠳ᠋ ᠤᠨ ᠵᠠᠰᠠᠭ ᠤᠨ ᠶᠠᠮᠤᠨ᠂ ᠠᠮᠢ ᠠᠬᠤᠢ ᠣᠷᠴᠢᠨ ᠲᠣᠭᠤᠷᠢᠨ ᠤ ᠶᠠᠮᠤᠨ ᠤ ᠠᠭᠠᠷ ᠮᠠᠨᠳᠠᠯ ᠤᠨ ᠵᠤᠷᠭᠠᠨ ᠵᠢᠴᠢ ᠲᠢᠩᠬᠢᠮ ᠤᠨ ᠤᠳᠤᠷᠢᠳᠤᠯᠭ᠎ᠠ ᠳᠤ ᠪᠠᠷ᠎ᠠ ᠪᠤᠯᠵᠤ ᠪᠤᠭᠤᠲᠤ ᠬᠤᠳᠠ ᠪᠠ ᠤᠷᠳᠤᠰ ᠬᠤᠳᠠ ᠳᠤ ᠭᠦᠨᠵᠡᠭᠡᠶᠢᠷᠡᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠤᠷᠬᠢᠯ ᠤᠨ ᠬᠡᠮᠵᠢᠭᠳᠡᠯ᠂ ᠨᠡᠭᠦᠷᠡᠰᠦᠲᠥ᠋ᠷᠥᠭᠴᠢ ᠶᠢᠨ ᠲᠠᠪᠬᠤᠷ ᠢᠰᠦᠯ ᠢ ᠰᠠᠭᠠᠷᠮᠠᠭᠵᠢᠭᠤᠯᠬᠤ ᠵᠢᠴᠢ ᠠᠷᠢᠭᠤᠨ ᠴᠡᠪᠡᠷ ᠲᠤᠯᠠᠭᠠᠯᠠᠭ᠎ᠠ ᠠᠪᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠵᠡᠢ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠤᠷᠳᠤᠰ ᠬᠤᠳᠠ ᠶᠢᠨ ᠢ ᠯᠢ ᠪᠦᠯᠦᠭᠯᠡᠯ᠂ ᠪᠤᠭᠤᠲᠤ ᠬᠤᠳᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠱᠠᠩ ᠸᠧ ᠲᠤ ᠬᠤᠤ ᠲᠣᠰᠬᠤᠨ᠂ ᠴᠢᠩᠱᠠᠨ ᠲᠣᠭᠤᠷᠢᠭ ᠤᠨ ᠢᠯᠴᠢ ᠶᠢᠨ ᠡᠬᠢ ᠡᠭᠦᠰᠦᠯ ᠤᠨ ᠦᠢᠯᠡᠳᠪᠦᠷᠢ ᠵᠡᠷᠭᠡ ᠳᠤ ᠬᠦᠷᠴᠦ᠂ ᠠᠷᠢᠭᠤᠨ ᠴᠡᠪᠡᠷ ᠲᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠠᠵᠢᠯ ᠢ ᠠᠬᠤᠢ ᠲᠠᠯᠠᠪᠠᠢ ᠳᠤ ᠤᠢᠢᠯᠠᠭᠠᠨ ᠵᠢᠯᠣᠭᠤᠳᠪᠠ᠃ ᠦᠨᠦ ᠵᠢᠯ ᠤᠯᠤᠰ ᠤᠨ ᠲᠤᠰᠬᠠᠶ ᠪᠠᠯᠠ ᠮᠥᠩᠭᠦ ᠶᠢᠨ ᠳᠡᠮᠵᠢᠯᠭᠡ ᠳᠣᠤᠷ᠎ᠠ᠂ ᠠᠷᠢᠭᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠰᠠᠭᠤᠭᠠᠯᠢ ᠠᠷᠠᠳ ᠢ ᠳᠤᠯᠠᠭᠠᠨ ᠪᠦᠯᠢᠶᠡᠨ ᠡᠪᠦᠯᠵᠢᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠠᠮᠢ ᠠᠬᠤᠶ ᠣᠷᠴᠢᠨ ᠲᠤᠭᠤᠷᠢᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号