ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠤᠨ ᠠᠭᠠᠷ ᠮᠠᠨᠳᠠᠯ ᠤᠨ ᠣᠷᠴᠢᠨ ᠲᠣᠭᠤᠷᠢᠨ ᠤ ᠭᠠᠵᠠᠷ ᠤᠨ ᠨᠠᠮ ᠤᠨ ᠡᠭᠦᠷ ᠪᠣᠯᠣᠨ ᠪᠠᠶᠠᠨᠨᠠᠭᠤᠷ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠨᠠᠮ ᠤᠨ ᠡᠭᠦᠷ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠡᠷᠬᠢᠯᠡᠪᠡ
ᠨᠡᠶᠢᠲᠡᠯᠡᠭᠰᠡᠨ ᠴᠠᠭ᠄
2023/11/17
      ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠤᠨ ᠨᠠᠮ ᠤᠨ ᠵᠣᠬᠢᠶᠠᠨ ᠪᠠᠶᠢᠭᠤᠯᠤᠯᠲᠠ ᠬᠢᠭᠡᠳ ᠪᠠᠶᠠᠨᠨᠠᠭᠤᠷ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠭᠤᠷᠤᠨᠳᠤᠬᠢ ᠬᠠᠷᠢᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠨᠠᠮ ᠤᠨ ᠪᠠᠶᠢᠭᠤᠯᠤᠯᠲᠠ ᠬᠢᠭᠡᠳ ᠲᠤᠬᠠᠶᠢᠯᠠᠭᠰᠠᠨ ᠠᠵᠢᠯ ᠤᠨ ᠡᠯ᠎ᠡ ᠵᠦᠢᠯ ᠤᠨ ᠠᠵᠢᠯ ᠢ ᠬᠠᠮᠲᠤ ᠪᠠᠷ ᠠᠬᠢᠭᠤᠯᠵᠤ᠂ ᠬᠠᠮᠲᠤ ᠪᠠᠷ ᠳᠡᠭᠡᠭᠰᠢᠯᠡᠭᠦᠯᠬᠦ ᠶᠢ ᠠᠬᠢᠭᠤᠯᠵᠤ᠂ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠬᠦ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ ᠪᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠨᠭ᠍ᠭᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶ᠎ᠠ᠂ ᠪᠠᠶᠠᠨᠨᠠᠭᠤᠷ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ︽ᠪᠠᠷᠢᠮᠵᠢᠶ᠎ᠠ ᠪᠠ ᠬᠦᠰᠦᠨᠦᠭᠲᠦ ᠠᠴᠠ ᠵᠥᠷᠢᠶ᠎ᠡ ᠪᠠᠨ ᠡᠷᠢᠵᠦ᠂ ᠰᠢᠨ᠎ᠡ ᠶᠢ ᠡᠭᠦᠳᠴᠦ ᠲᠡᠷᠢᠭᠦᠨ ᠤ ᠬᠢ ᠶᠢ ᠡᠭᠦᠳᠴᠦ ᠲᠡᠷᠢᠭᠦᠨ ᠤ ᠬᠢ ᠶᠢ ᠲᠡᠮᠡᠴᠡᠨ ᠣᠯᠬᠤ︾ ᠲᠣᠭᠤᠷᠢᠭ ᠬᠤᠲᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠪᠰᠤᠷᠤᠯᠴᠠᠭ᠎ᠠ ᠪᠠᠶᠢᠭᠤᠯᠵᠤ ᠦᠢᠯᠡᠴᠢᠯᠡᠭᠡ ᠪᠠᠲᠤᠯᠠᠭ᠎ᠠ ᠶᠢ ᠬᠠᠮᠲᠤ ᠪᠠᠷ ᠪᠠᠶᠢᠭᠤᠯᠬᠤ ︽ᠲᠠᠪᠤᠨ ᠶᠡᠭᠡ ᠡᠭᠦᠷᠭᠡ︾ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠱᠠᠭᠠᠷᠳᠠᠯᠭ᠎ᠠ ᠶᠢ ᠦᠨᠳᠦᠰᠦᠯᠡᠨ᠂ 10 ᠰᠠᠷ᠎ᠠ ᠶᠢᠨ 24 ᠤ ᠡᠳᠦᠷ ᠠᠴᠠ 25 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠤᠨ ᠠᠭᠠᠷ ᠮᠠᠨᠳᠠᠯ ᠤᠨ ᠣᠷᠴᠢᠨ ᠲᠣᠭᠤᠷᠢᠨ ᠤ ᠭᠠᠵᠠᠷ ᠤᠨ ᠨᠠᠮ ᠤᠨ ᠡᠭᠦᠷ ᠪᠠᠶᠠᠨᠨᠠᠭᠤᠷ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠪᠠᠶᠢᠭᠤᠯᠭ᠎ᠠ ᠶᠢᠨ ᠨᠠᠮ ᠤᠨ ᠡᠭᠦᠷ ᠲᠠᠢ ︽ᠬᠠᠪᠰᠤᠷᠤᠯᠴᠠᠭ᠎ᠠ ᠪᠠᠶᠢᠭᠤᠯᠵᠤ ᠬᠠᠮᠲᠤ ᠪᠠᠷ ᠬᠦᠴᠦᠨ ᠢᠶᠠᠨ ᠬᠠᠮᠲᠤᠳᠬᠠᠨ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ ᠬᠥᠭᠵᠢᠯᠲᠡ ᠶᠢ ᠠᠬᠢᠭᠤᠯᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃      ᠬᠤᠶᠠᠷ ᠲᠠᠯ᠎ᠠ ᠶᠢᠨ ᠨᠠᠮ ᠤᠨ ᠡᠭᠦᠷ ᠰᠤᠷᠤᠯᠴᠠᠬᠤ ᠪᠠ ᠶᠠᠷᠢᠯᠴᠠᠬᠤ ᠬᠤᠷᠠᠯ ᠬᠢᠵᠦ᠂ ᠲᠣᠰ ᠲᠣᠰ ᠤᠨ ᠨᠢᠭᠡᠴᠢ ᠶᠢᠨ ᠢᠶᠠᠨ ᠦᠨᠳᠦᠰᠦᠨ ᠪᠠᠶᠢᠳᠠᠯ ᠪᠣᠯᠣᠨ ᠨᠠᠮ ᠤᠨ ᠪᠠᠶᠢᠭᠤᠯᠤᠯᠲᠠ ᠶᠢᠨ ᠠᠵᠢᠯ ᠤᠨ ᠣᠨᠴᠠᠯᠢᠭ᠂ ᠠᠵᠢᠯ ᠤᠨ ᠦᠷ᠎ᠡ ᠪᠦᠲᠦᠮᠵᠢ ᠵᠡᠷᠭᠡ ᠶᠢ ᠲᠣᠰ ᠲᠣᠰ ᠲᠠᠨᠢᠯᠴᠠᠭᠤᠯᠵᠤ᠂ ᠬᠤᠶᠠᠷ ᠲᠠᠯ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ᠂ ᠡᠩᠨᠡᠭᠡ ᠶᠢᠨ ᠪᠠᠶᠢᠭᠤᠯᠤᠯᠲᠠ ᠵᠢᠴᠢ ᠨᠠᠮ ᠤᠨ ᠡᠭᠦᠷ ᠤᠨ ᠬᠠᠮᠲᠤ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠰᠠᠨᠠᠯ ᠢᠶᠠᠨ ᠰᠣᠯᠢᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠥᠪᠯᠡᠷᠡᠭᠦᠯᠦᠨ ᠰᠤᠷᠤᠯᠴᠠᠪᠠ᠃ ᠠᠵᠤ ᠠᠬᠤᠶᠢᠯᠠᠯ ᠤᠨ ᠲᠥᠯᠥᠭᠡᠯᠡᠭᠴᠢᠳ ᠤᠨ ᠳᠤᠷᠠᠳᠤᠭᠰᠠᠨ ᠠᠰᠠᠭᠤᠳᠠᠯ ᠳᠤ ᠬᠠᠷᠢᠭᠤᠯᠲᠠ ᠥᠭᠪᠡ᠃      ᠬᠤᠶᠠᠷ ᠲᠠᠯ᠎ᠠ ᠶᠢᠨ ᠨᠠᠮ ᠤᠨ ᠡᠭᠦᠷ ︽ᠶᠡᠷᠦᠩᠬᠡᠢ ᠱᠦᠵᠢ ᠶᠢᠨ ᠤᠯᠠ ᠮᠥᠷ ᠢ ᠬᠠᠶᠢᠵᠤ︾᠂ ᠪᠠᠶᠠᠨᠨᠠᠭᠤᠷ ᠤᠨ ᠤᠯᠤᠰ ᠤᠨ ᠡᠵᠡᠩᠨᠡᠯᠲᠡ ᠶᠢᠨ ᠰᠢᠨᠬᠤᠸᠠ ᠣᠢ ᠰᠢᠭᠤᠢ ᠶᠢᠨ ᠲᠠᠯᠠᠪᠠᠶ ᠪᠣᠯᠣᠨ ᠤᠯᠠᠭᠠᠨᠰᠤᠬᠠᠢ ᠵᠡᠷᠭᠡ ᠭᠠᠵᠠᠷ ᠢᠶᠠᠷ ᠲᠣᠭᠤᠷᠢᠨ ᠦᠵᠡᠵᠦ᠂ ᠶᠡᠷᠦᠩᠬᠡᠢ ᠱᠦᠵᠢ ᠶᠢᠨ ᠤᠯᠠᠭᠠᠨᠰᠤᠬᠠᠢ ᠳᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠰᠡᠳᠬᠢᠯ ᠲᠠᠯᠪᠢᠨ ᠵᠠᠰᠠᠵᠤ᠂ ᠨᠢᠮᠪᠠᠢ ᠬᠠᠶᠢᠷᠠᠯᠠᠨ ᠬᠠᠮᠠᠭᠠᠯᠠᠵᠤ᠂ ᠢᠮᠠᠭᠲᠠ ᠲᠤᠭᠤᠰᠢᠯᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠵᠦ᠂ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠬᠠᠯᠠᠰᠢᠷᠠᠯ ᠦᠭᠡᠢ ᠴᠢᠷᠮᠠᠶᠢᠨ ᠠᠵᠢᠯᠯᠠᠵᠤ᠂ ︽ᠪᠣᠭᠤᠮᠲᠠ ᠶᠢᠨ ᠭᠠᠳᠠᠨᠠᠬᠢ ᠬᠡᠷᠡᠯᠳᠦ ᠰᠤᠪᠤᠳ︾ ᠤᠨ ᠭᠦᠨᠵᠡᠭᠡᠢ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠰᠠᠶᠢᠲᠤᠷ ᠰᠠᠬᠢᠨ ᠬᠠᠮᠠᠭᠠᠯᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠤᠯᠠᠮ ᠴᠢᠨᠠᠭᠰᠢᠳᠠ ᠴᠢᠩᠭᠠᠳᠬᠠᠵᠠᠢ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号