ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠣᠷᠳᠣᠰ ᠬᠤᠲᠠ ᠳᠤ ᠬᠦᠷᠴᠦ ᠨᠠᠮᠤᠷ ᠡᠪᠦᠯ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠵᠤ ᠬᠠᠪᠰᠤᠷᠤᠨ ᠲᠡᠳᠬᠦᠬᠦ ᠵᠢᠯᠣᠭᠤᠳᠤᠯᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/15
      ᠬᠥᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠨᠠᠮᠤᠷ ᠡᠪᠦᠯ ᠤᠨ ᠤᠯᠠᠷᠢᠯ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠦᠨᠡᠨᠬᠦ ᠰᠠᠶᠢᠲᠤᠷ ᠬᠢᠵᠦ᠂ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠲᠠᠰᠤᠷᠠᠯᠳᠡ ᠦᠭᠡᠢ ᠰᠠᠶᠢᠵᠢᠷᠠᠭᠤᠯᠬᠤ ᠶᠢᠨ ᠲᠥᠯᠥᠭᠡ᠂ 9 ᠰᠠᠷ᠎ᠠ ᠶᠢᠨ 6 ︱ 7  ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠤᠨ ᠠᠭᠠᠷ ᠮᠠᠨᠳᠠᠯ ᠤᠨ ᠣᠷᠴᠢᠨ ᠲᠣᠭᠤᠷᠢᠨ ᠤ ᠭᠠᠵᠠᠷ ᠤᠨ ᠳᠠᠷᠤᠭ᠎ᠠ ᠱᠢ ᠵᠢᠶᠦ᠋ᠨ ᠶᠧ ᠪᠦᠯᠬᠦᠮ ᠳᠠᠭᠠᠭᠤᠯᠵᠤ᠂ ᠬᠠᠪᠰᠤᠷᠤᠨ ᠲᠡᠳᠬᠦᠬᠦ ᠠᠵᠢᠯ ᠤᠨ ᠳᠤᠭᠤᠶᠢᠯᠠᠩ ᠢ ᠵᠣᠬᠢᠶᠠᠨ ᠪᠠᠶᠢᠭᠤᠯᠵᠤ ᠣᠷᠳᠣᠰ ᠬᠤᠳᠠ ᠳᠤ ᠬᠦᠷᠴᠦ 2023 ︱ 2024 ᠣᠨ ᠤ ᠨᠠᠮᠤᠷ ᠡᠪᠦᠯ ᠤᠨ ᠤᠯᠠᠷᠢᠯ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠵᠤ ᠬᠠᠪᠰᠤᠷᠤᠨ ᠲᠡᠳᠬᠦᠬᠦ ᠠᠵᠢᠯ ᠢ ᠵᠢᠯᠣᠭᠤᠳᠪᠠ᠃      ᠬᠠᠪᠰᠤᠷᠤᠨ ᠲᠡᠳᠬᠦᠬᠦ ᠠᠵᠢᠯ ᠤᠨ ᠳᠤᠭᠤᠶᠢᠯᠠᠩ ᠤᠷᠢᠳ ᠬᠤᠵᠢᠳ ᠥᠪᠥᠷ ᠮᠣᠩᠭᠤᠯ ᠤᠨ ᠢ ᠲᠠᠢ ᠨᠡᠭᠦᠷᠡᠰᠦ ᠪᠠᠷ ᠲᠣᠰᠣ ᠦᠢᠯᠡᠳᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠳ᠋ᠦᠩ ᠬᠤᠸᠠ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠵᠡᠭᠦᠨᠭᠠᠷ ᠬᠤᠰᠢᠭᠤᠨ ᠤ ᠵᠡᠭᠦᠨᠭᠠᠷ ᠢᠯᠴᠢ ᠶᠢᠨ ᠴᠠᠬᠢᠯᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠴᠢ ᠷᠦᠢ ᠮᠠᠰᠢᠨ ᠲᠡᠷᠭᠡᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠣᠷᠳᠣᠰ ᠤᠨ ᠬᠤᠪᠢᠶᠠᠷᠢ ᠺᠣᠮᠫᠠᠨᠢ ᠵᠡᠷᠭᠡ ᠳᠣᠯᠣᠭᠠᠨ ᠠᠵᠤ ᠠᠬᠤᠶᠢᠯᠠᠯ ᠢᠶᠠᠷ ᠲᠣᠭᠤᠷᠢᠨ ᠦᠵᠡᠪᠡ᠃ VOCs ᠲᠠᠢ ᠬᠤᠯᠪᠣᠭᠳᠠᠭᠰᠠᠨ ᠠᠵᠤ ᠠᠬᠤᠶᠢᠯᠠᠯ ᠤᠨ ᠵᠠᠰᠠᠯᠲᠠ ᠶᠢᠨ ᠤᠷ᠎ᠠ ᠮᠡᠷᠭᠡᠰᠢᠯ᠂ ᠰᠦᠯᠵᠢᠶᠡᠨ ᠳᠡᠭᠡᠷᠡᠬᠢ ᠬᠢᠨᠠᠨ ᠬᠡᠮᠵᠢᠯᠲᠡ ᠵᠡᠷᠭᠡ ᠭᠤᠭᠴᠤᠭ᠎ᠠ ᠳᠤ ᠭᠤᠣᠯᠳᠠᠯᠭ᠎ᠠ ᠲᠠᠢ ᠪᠠᠷ ᠲᠤᠬᠠᠢ ᠶᠢᠨ ᠲᠠᠯᠠᠪᠤᠷ ᠲᠤ ᠬᠠᠪᠰᠤᠷᠤᠨ ᠲᠡᠳᠬᠦᠵᠦ ᠵᠢᠭᠠᠨ ᠵᠢᠯᠤᠭᠤᠳᠴᠤ᠂ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠠᠵᠢᠯᠯᠠᠬᠤ ᠳᠤᠭᠤᠶᠢᠯᠠᠩ ᠠᠴᠠ ᠠᠵᠤ ᠠᠬᠤᠶᠢᠯᠠᠯ ᠢ ᠬᠠᠪᠰᠤᠷᠤᠨ ᠦᠨᠡᠨᠬᠦ ᠬᠡᠷᠡᠭᠵᠢᠭᠦᠯᠵᠦ ᠪᠣᠯᠬᠤᠶᠢᠴᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ ᠠᠵᠤ ᠠᠬᠤᠶᠢᠯᠠᠯ ᠤᠨ ᠡᠬᠢ ᠡᠭᠦᠰᠦᠯ ᠠᠴᠠ ᠨᠢ ᠡᠵᠡᠮᠳᠡᠬᠦ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠦᠲᠦᠮᠵᠢᠲᠡᠢ ᠪᠠᠭᠠᠰᠬᠠᠬᠤ ᠶᠢ ᠱᠠᠯᠠᠪᠳᠠᠭᠤᠯᠵᠠᠢ᠃ ᠡᠭᠦᠨ ᠤ ᠬᠠᠮᠲᠤ᠂ ᠠᠵᠢᠯᠯᠠᠬᠤ ᠳᠤᠭᠤᠶᠢᠯᠠᠩ ᠤᠨ ᠬᠢᠨ ᠲᠤᠬᠠᠢ ᠶᠢᠨ ᠲᠠᠯᠠᠪᠠᠶ ᠳᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠳᠥᠭᠦᠮ  ᠪᠦᠲᠦᠴᠡᠲᠦ ᠣᠷᠣᠨ ᠰᠠᠭᠤᠴᠠᠲᠤ ᠲᠣᠭᠤᠷᠢᠭ ᠤᠨ ᠳᠤᠯᠠᠭᠠᠯᠭ᠎ᠠ ᠶᠢᠨ ᠥᠭᠡᠷᠡᠴᠢᠯᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠵᠠᠮ ᠬᠠᠷᠢᠯᠴᠠᠭᠠᠨ ᠤ ᠰᠠᠯᠠᠭ᠎ᠠ ᠮᠥᠴᠢᠷ ᠲᠠᠢ ᠬᠠᠮᠲᠤᠷᠠᠨ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ᠶᠢᠨ ᠵᠠᠮ ᠤᠨ ᠪᠠᠶᠢᠴᠠᠭᠠᠯᠲᠠ ᠪᠠ ᠵᠠᠮ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ ᠬᠠᠮᠢᠶ᠎ᠠ ᠪᠦᠬᠦᠢ ᠮᠡᠷᠭᠡᠵᠢᠯ ᠤᠨ ᠠᠵᠢᠯᠲᠠᠳ ᠲᠣᠨᠤᠭ ᠲᠥᠬᠦᠭᠡᠷᠦᠮᠵᠢ ᠪᠠᠨ ᠠᠪᠴᠤ ᠲᠤᠬᠠᠢ ᠶᠢᠨ ᠲᠠᠯᠠᠪᠤᠷ ᠤᠨ ᠮᠡᠷᠭᠡᠵᠢᠯ ᠤᠨ ᠳᠡᠮᠵᠢᠯᠭᠡ ᠬᠠᠩᠭᠠᠵᠤ᠂ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ᠶᠢᠨ ᠵᠢᠯᠣᠭᠤᠴᠢ ᠳᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠭᠤᠯᠭ᠎ᠠ ᠬᠢᠵᠦ᠂ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ᠶᠢᠨ ᠭᠠᠳᠠᠭᠰᠢᠯᠠᠭᠤᠯᠬᠤ ᠬᠡᠢ ᠶᠢᠨ  ᠪᠠᠷᠢᠮᠵᠢᠶ᠎ᠠ ᠳᠤ ᠬᠦᠷᠬᠦ ᠶᠢ ᠠᠬᠢᠭᠤᠯᠪᠠ᠃      ᠠᠵᠢᠯᠯᠠᠬᠤ ᠳᠤᠭᠤᠶᠢᠯᠠᠩ ᠤᠨ ᠲᠣᠰ ᠤᠳᠠᠭᠠᠨ ᠤ ᠬᠠᠪᠰᠤᠷᠤᠨ ᠲᠡᠳᠬᠦᠬᠦ ᠵᠢᠯᠣᠭᠤᠳᠤᠯᠭ᠎ᠠ ᠪᠠᠷ ᠳᠡᠮᠵᠢᠨ᠂ ᠣᠷᠳᠣᠰ ᠤᠨ ᠠᠵᠤ ᠠᠬᠤᠶᠢᠯᠠᠯ ᠢ ᠬᠠᠪᠰᠤᠷᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠰᠠᠯᠲᠠ ᠪᠠ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠶᠢᠮᠠᠭ ᠬᠤᠲᠠ ᠶᠢᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠪᠣᠳᠠᠲᠠᠶᠢᠵᠢᠭᠤᠯᠵᠤ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮᠤᠷ ᠡᠪᠦᠯ ᠤᠨ ᠤᠯᠠᠷᠢᠯ ᠤᠨ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠪᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号