ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠤᠤᠷ᠎ᠠ ᠨᠡᠭᠦᠷᠡᠰᠦᠳᠦ᠋ᠷᠦᠭᠴᠢᠳᠤ ᠬᠦᠭᠵᠢᠭᠦᠯᠦᠯᠳᠡ ᠶᠢᠨ ᠲᠥᠪ ᠨᠢ ᠵᠢᠶᠠᠩᠰᠦ ᠮᠤᠵᠢ ᠪᠣᠯᠤᠨ ᠱᠠᠩᠬᠠᠢ ᠬᠤᠳᠠ ᠳᠤ ᠬᠦᠷᠴᠦ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠠᠵᠢᠯ ᠤᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/3/2
      ᠠᠭᠤᠷ ᠠᠮᠢᠰᠬᠤᠯ ᠤᠨ ᠬᠤᠪᠢᠷᠠᠯᠲᠠ ᠶᠢ ᠢᠳᠡᠪᠬᠢᠲᠡᠶ ᠠᠷᠭᠠᠴᠠᠭᠠᠵᠤ᠂ ᠮᠠᠨ ᠤ ᠣᠷᠣᠨ ᠤ ᠭᠤᠣᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ ᠬᠦᠯᠡᠮᠵᠢ ᠶᠢᠨ ᠬᠡᠢ ᠪᠡᠶᠡᠲᠦ ᠭᠠᠳᠠᠭᠰᠢᠯᠠᠭᠤᠯᠬᠤ ᠲᠤᠭ᠎ᠠ ᠪᠠᠷᠢᠮᠲᠠ ᠶᠢᠨ ᠬᠠᠮᠢᠶᠠᠷᠤᠯᠲᠠ ᠪᠠ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠶᠢᠨ ᠲᠤᠰᠠᠳᠠ᠂ 2 ᠳ᠋ᠤᠭᠠᠷ ᠰᠠᠷ᠎ᠠ ᠶᠢᠨ 16 ᠤ ᠡᠳᠦᠷ ᠠᠴᠠ 17 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠪᠠ ᠤᠯᠠᠨ ᠤᠯᠤᠰ ᠤᠨ ᠬᠠᠮᠲᠤᠷᠠᠯᠴᠠᠭᠠᠨ ᠤ ᠭᠠᠵᠠᠷ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠳᠣᠣᠷ᠎ᠠ ᠨᠡᠭᠦᠷᠡᠰᠦᠲᠥ᠋ᠷᠥᠭᠴᠢᠲᠦ ᠬᠦᠭᠵᠢᠭᠦᠯᠦᠯᠳᠡ ᠶᠢᠨ ᠲᠥᠪ ᠨᠢ ᠤᠷᠢᠳ ᠬᠤᠵᠢᠳ ᠵᠢᠶᠠᠩᠰᠦ ᠮᠤᠵᠢ ᠶᠢᠨ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠱᠠᠩᠬᠠᠢ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠲᠤᠪᠴᠢᠶ᠎ᠠ᠂ ᠱᠠᠩᠬᠠᠢ ᠶᠢᠨ ᠣᠷᠴᠢᠨ ᠲᠣᠭᠤᠷᠢᠨ ᠤ ᠡᠨᠧᠷᠭᠢ ᠠᠷᠠᠯᠵᠢᠶᠠᠯᠠᠬᠤ ᠭᠠᠵᠠᠷ ᠲᠤ ᠬᠦᠷᠴᠦ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠳᠠ ᠬᠢᠪᠡ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠳᠡᠰ ᠳᠠᠷᠠᠭᠠᠯᠠᠯ᠂ ᠳᠠᠪᠲᠠᠨ ᠪᠠᠶᠢᠴᠠᠭᠠᠬᠤ ᠠᠵᠢᠯ ᠤᠨ ᠵᠠᠭᠪᠤᠷ᠂ ᠮᠡᠷᠭᠡᠵᠢᠯ ᠤᠨ ᠲᠤᠯᠭᠠᠭᠤᠷᠢᠯᠠᠯ ᠤᠨ ᠪᠠᠶᠢᠭᠤᠯᠤᠮᠵᠢ ᠶᠢᠨ ᠪᠠᠶᠢᠳᠠᠯ᠂ ᠠᠵᠤ ᠠᠬᠤᠶᠢᠯᠠᠯ ᠤᠨ ᠰᠠᠷ᠎ᠠ ᠶᠢᠨ ᠮᠡᠳᠡᠭᠦᠯᠦᠯᠲᠡ ᠪᠠ ᠮᠡᠳᠡᠭᠡ ᠵᠠᠩᠬᠢᠴᠢᠯᠠᠯᠳᠠ ᠶᠢᠨ ᠬᠠᠳᠠᠭᠠᠯᠠᠮᠵᠢ ᠶᠢᠨ ᠦᠨᠡᠮᠯᠡᠯ ᠤᠨ ᠪᠠᠶᠢᠳᠠᠯ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ ᠬᠢᠨᠠᠨ ᠬᠠᠷᠭᠤᠭᠤᠯᠬᠤ ᠠᠵᠢᠯ ᠤᠨ ᠡᠷᠴᠢᠮ ᠤᠨ ᠲᠣᠭᠤᠷᠢᠨ ᠳᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠤᠨ ᠠᠩᠬᠠᠳᠠᠭᠴᠢ ᠭᠡᠷ᠎ᠡ ᠶᠢ ᠬᠡᠷᠡᠭᠵᠢᠭᠦᠯᠬᠦ ᠦᠶᠡᠯᠡᠯ ᠤᠨ ᠬᠤᠭᠤᠴᠠᠭᠠᠨ ᠤ ᠭᠡᠷ᠎ᠡ ᠶᠢ ᠭᠦᠢᠴᠡᠳᠬᠡᠭᠰᠡᠨ ᠪᠠᠶᠢᠳᠠᠯ᠂ ᠨᠡᠭᠦᠷᠡᠰᠦᠲᠥ᠋ᠷᠥᠭᠴᠢ ᠶᠢᠨ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠬᠤ ᠤᠳᠤ ᠶᠢᠨ ᠲᠤᠷᠰᠢᠯᠭ᠎ᠠ᠂ ᠣᠷᠣᠰᠢᠵᠤ ᠪᠠᠶᠢᠭ᠎ᠠ ᠬᠦᠴᠢᠷ ᠠᠰᠠᠭᠤᠳᠠᠯ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠴᠢᠭᠯᠡᠯ ᠵᠡᠷᠭᠡ ᠠᠭᠤᠯᠭ᠎ᠠ ᠶᠢᠨ ᠲᠠᠯ᠎ᠠ ᠪᠠᠷ ᠵᠢᠶᠠᠩᠰᠦ ᠮᠤᠵᠢ ᠶᠢᠨ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠱᠠᠩᠬᠠᠢ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠲᠤᠪᠴᠢᠶ᠎ᠠ᠂ ᠱᠠᠩᠬᠠᠢ ᠶᠢᠨ ᠣᠷᠴᠢᠨ ᠲᠣᠭᠤᠷᠢᠨ ᠡᠨᠧᠷᠭᠢ ᠠᠷᠠᠯᠵᠢᠶᠠᠯᠠᠬᠤ ᠭᠠᠵᠠᠷ ᠤᠨ ᠬᠤᠯᠪᠣᠭᠳᠠᠯ ᠪᠦᠬᠦᠢ ᠠᠵᠢᠯᠳᠠᠨ ᠲᠠᠢ ᠲᠤᠰ ᠲᠤᠰ ᠨᠢᠭᠤᠷᠳᠠᠨ ᠶᠠᠷᠢᠯᠴᠠᠵᠤ ᠰᠣᠯᠢᠯᠴᠠᠪᠠ᠃ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠨᠢ ᠮᠠᠨ ᠤ ᠣᠷᠣᠨ ᠤ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠠᠵᠢᠯ ᠤᠨ ᠬᠠᠷᠠᠭ᠎ᠠ ᠶᠢ ᠤᠯᠠᠮ ᠨᠢᠭᠡ ᠠᠯᠬᠤᠮ ᠥᠷᠭᠡᠳᠬᠡᠵᠦ᠂ ᠮᠠᠨ ᠤ ᠣᠷᠣᠨ ᠤ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠮᠡᠳᠡᠭᠦᠯᠦᠯᠲᠡ ᠶᠢ ᠬᠠᠷᠭᠤᠭᠤᠯᠤᠨ ᠪᠠᠶᠢᠴᠠᠭᠠᠵᠤ ᠲᠠᠪᠳᠠᠨ ᠪᠠᠶᠢᠴᠠᠭᠠᠬᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠭᠦᠨᠵᠡᠭᠡᠶ ᠠᠬᠢᠭᠤᠯᠬᠤ ᠳᠤ ᠢᠳᠡᠪᠬᠢᠲᠡᠶ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号