ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠶᠡᠷᠦᠩᠬᠡᠢ ᠥᠷᠲᠡᠭᠡ ᠶᠢᠨ ᠨᠠᠮ ᠤᠨ ᠬᠤᠷᠢᠶ᠎ᠠ ︽ᠦᠵᠡᠯ ᠰᠠᠨᠠᠭ᠎ᠠ ᠶᠢ ᠰᠤᠷᠤᠯᠴᠠᠨ᠂ ᠨᠠᠮᠴᠢ ᠴᠢᠨᠠᠷ ᠢ ᠴᠢᠩᠭᠠᠳᠬᠠᠵᠤ᠂ ᠦᠢᠯᠡᠳᠦᠯᠭᠡ ᠶᠢ ᠴᠢᠬᠤᠯᠠᠴᠢᠯᠠᠨ᠂ ᠰᠢᠨ᠎ᠡ ᠭᠠᠪᠢᠶ᠎ᠠ ᠪᠠᠶᠢᠭᠤᠯᠬᠤ︾ ᠭᠤᠣᠯ ᠰᠡᠳᠦᠪᠲᠦ ᠶᠠᠷᠢᠶ᠎ᠠ ᠢᠯᠡᠳᠬᠡᠯ ᠤᠨ ᠤᠷᠤᠯᠳᠤᠭᠠᠨ ᠢ ᠵᠣᠬᠢᠶᠠᠨ ᠪᠠᠶᠢᠭᠤᠯᠤᠨ ᠥᠷᠨᠢᠭᠦᠯᠪᠡ
ᠨᠡᠶᠢᠲᠡᠯᠡᠭᠰᠡᠨ ᠴᠠᠭ᠄
2023/9/18
      ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠬᠢᠨᠠᠨ ᠬᠡᠮᠵᠢᠬᠦ ᠶᠡᠷᠦᠩᠬᠡᠢ ᠥᠷᠲᠡᠭᠡ ᠶᠢᠨ ᠰᠢᠰᠲ᠋ᠧᠮ ᠤᠨ ᠠᠵᠢᠯᠲᠠᠨ ᠠᠵᠢᠯᠴᠢᠨ ᠤ ᠰᠢᠨ᠎ᠡ ᠡᠭᠦᠷᠭᠡᠯᠡᠯ᠂ ᠰᠢᠨ᠎ᠡ ᠵᠢᠳᠬᠦᠯ᠂ ᠰᠢᠨ᠎ᠡ ᠳᠦᠷᠰᠦ ᠪᠠᠶᠢᠳᠠᠯ ᠢ ᠳᠡᠯᠭᠡᠨ ᠦᠵᠡᠭᠦᠯᠵᠦ᠂ ᠨᠢᠭᠲᠠᠷᠠᠯ ᠤᠨ ᠬᠦᠴᠦᠨ᠂ ᠲᠥᠪᠯᠡᠩᠭᠦᠶ ᠬᠦᠴᠦᠨ ᠪᠠ ᠪᠦᠲᠦᠭᠡᠯᠴᠢ ᠬᠦᠴᠦᠨ ᠢ ᠦᠨᠡᠨᠬᠦ ᠴᠢᠩᠭᠠᠳᠬᠠᠬᠤ ᠶᠢᠨ ᠲᠥᠯᠥᠭᠡ᠂ 5 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠶᠡᠷᠦᠩᠬᠡᠢ ᠥᠷᠲᠡᠭᠡ ᠶᠢᠨ ᠨᠠᠮ ᠤᠨ ᠬᠤᠷᠢᠶ᠎ᠠ ᠬᠥᠬᠡᠬᠤᠲᠠ ᠳᠤ ︽ᠦᠵᠡᠯ ᠰᠠᠨᠠᠭ᠎ᠠ ᠶᠢ ᠰᠤᠷᠤᠯᠴᠠᠨ᠂ ᠨᠠᠮᠴᠢ ᠴᠢᠨᠠᠷ ᠢ ᠴᠢᠩᠭᠠᠳᠬᠠᠵᠤ᠂ ᠦᠢᠯᠡᠳᠦᠯᠭᠡ ᠶᠢ ᠴᠢᠬᠤᠯᠠᠴᠢᠯᠠᠨ᠂ ᠰᠢᠨ᠎ᠡ ᠭᠠᠪᠢᠶ᠎ᠠ ᠪᠠᠶᠢᠭᠤᠯᠬᠤ︾ ᠭᠤᠣᠯ ᠰᠡᠳᠦᠪᠲᠦ ᠶᠠᠷᠢᠶ᠎ᠠ ᠢᠯᠡᠳᠬᠡᠯ ᠤᠨ ᠤᠷᠤᠯᠳᠤᠭᠠᠨ ᠢ ᠥᠷᠨᠢᠭᠦᠯᠵᠦ᠂ ᠡᠯ᠎ᠡ ᠬᠤᠪᠢᠶᠠᠷᠢ ᠥᠷᠲᠡᠭᠡ ᠶᠢᠨ ᠨᠠᠮ ᠤᠨ ᠭᠡᠰᠢᠭᠦᠨ ᠺᠠᠳ᠋ᠷ ᠠᠵᠢᠯᠲᠠᠨ ᠰᠦᠯᠵᠢᠶᠡᠨ ᠳᠡᠭᠡᠷ᠎ᠡ ᠤᠷᠤᠯᠳᠤᠭᠠᠨ ᠤ ᠰᠢᠭᠤᠳ ᠨᠡᠪᠲᠡᠷᠡᠭᠦᠯᠭᠡ ᠶᠢ ᠰᠣᠨᠢᠷᠬᠠᠪᠠ᠃      ᠬᠢᠨᠠᠨ ᠬᠡᠮᠵᠢᠬᠦ ᠶᠡᠷᠦᠩᠬᠡᠢ ᠥᠷᠲᠡᠭᠡᠨ ᠤ ᠰᠢᠰᠲ᠋ᠧᠮ ᠤᠨ 16 ᠨᠠᠮ ᠤᠨ ᠡᠭᠦᠷ ᠤᠨ 17 ᠳᠤᠭᠤᠶᠢᠯᠠᠩ ᠤᠨ ᠣᠷᠣᠯᠴᠠᠭᠰᠠᠳ ᠭᠤᠣᠯ ᠰᠡᠳᠦᠪ ᠤᠨ ᠲᠣᠭᠤᠷᠢᠨ ᠳᠤ ᠠᠮᠢᠳᠤᠯᠢᠭ ᠪᠣᠳᠠᠲᠠᠢ ᠬᠡᠯᠡ ᠬᠡᠯᠡᠯᠭᠡ ᠦᠭᠡ ᠬᠡᠯᠡ ᠪᠠ ᠦᠨᠡᠨ ᠪᠣᠳᠠᠲᠠᠢ ᠬᠠᠶᠢᠷ᠎ᠠ ᠰᠡᠳᠬᠢᠯᠭᠡ ᠪᠠᠷ ᠬᠢᠨᠠᠨ ᠬᠡᠮᠵᠢᠬᠦ ᠶᠡᠷᠦᠩᠬᠡᠢ ᠥᠷᠲᠡᠭᠡᠨ ᠤ ᠰᠢᠰᠲ᠋ᠧᠮ ᠤᠨ ᠥᠷᠭᠡᠨ ᠤᠯᠠᠨ ᠺᠠᠳ᠋ᠷ ᠠᠵᠢᠯᠲᠠᠨ ᠠᠵᠢᠯᠴᠢᠨ ᠤ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ ᠦᠨᠡᠨ ᠰᠡᠳᠬᠢᠯᠭᠡ ᠶᠢ ᠠᠳᠠᠯᠢ ᠪᠤᠰᠤ ᠲᠠᠯ᠎ᠠ ᠠᠴᠠ ᠲᠣᠳᠣᠷᠠᠭᠤᠯᠵᠤ᠂ ᠬᠢᠨᠠᠨ ᠬᠡᠮᠵᠢᠬᠦ ᠶᠡᠷᠦᠩᠬᠡᠢ ᠥᠷᠲᠡᠭᠡᠨ ᠤ ᠠᠵᠢᠯᠲᠠᠨ ᠠᠵᠢᠯᠴᠢᠨ ᠤ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠭᠤᠶᠠᠴᠢ ᠦᠭᠡᠢ ᠪᠠᠷ ᠵᠢᠳᠬᠦᠬᠦ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃ ᠲᠦᠩᠯᠢᠶᠣᠣ ᠶᠢᠨ ᠬᠤᠪᠢᠶᠠᠷᠢ ᠥᠷᠲᠡᠭᠡ ᠶᠢᠨ ᠨᠠᠮ ᠤᠨ ᠡᠭᠦᠷ ᠤᠨ ᠯᠢᠦᠢ ᠲᠤᠤ᠂ ︽ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠴᠢᠷᠮᠠᠶᠢᠨ ᠠᠵᠢᠯᠯᠠᠵᠤ ᠭᠠᠪᠢᠶ᠎ᠠ ᠪᠠᠶᠢᠭᠤᠯᠤᠨ ᠦᠢᠯᠡᠰ ᠪᠣᠰᠬᠠᠰᠤᠭᠠᠢ︾ ᠭᠡᠬᠦ ᠰᠡᠳᠦᠪ ᠢᠶᠠᠷ ᠥᠪᠡᠷ ᠢ ᠪᠠᠨ ᠬᠢᠨᠠᠨ ᠬᠡᠮᠵᠢᠬᠦ ᠠᠵᠢᠯ ᠤᠨ ᠹᠷᠣᠨᠲ ᠲᠠᠬᠢ ᠰᠢᠨ᠎ᠡ ᠬᠥᠮᠥᠨ ᠪᠣᠯᠤᠭᠰᠠᠨ ᠤ ᠬᠤᠪᠢ ᠳᠤ᠂ ᠳᠡᠷᠭᠡᠳᠡᠬᠢ ᠨᠠᠮ ᠤᠨ ᠭᠡᠰᠢᠭᠦᠨ ᠤ ᠥᠯᠢᠭᠡᠷ ᠳᠠᠭᠤᠷᠢᠶᠠᠯ ᠤᠨ ᠤᠷᠢᠶᠠᠯᠠᠯ ᠳᠣᠣᠷ᠎ᠠ᠂ ᠬᠦᠴᠢᠷ ᠢ ᠰᠥᠷᠦᠨ ᠤᠷᠤᠭᠰᠢᠯᠠᠵᠤ᠂ ᠮᠡᠷᠭᠡᠵᠢᠯ ᠳᠡᠭᠡᠨ ᠴᠠᠭᠠᠷᠠᠭᠰᠠᠨ ᠬᠢᠨᠠᠨ ᠬᠡᠮᠵᠢᠬᠦ ᠠᠵᠢᠯᠲᠠᠨ ᠪᠠ ᠨᠠᠮ ᠳᠤ ᠣᠷᠣᠬᠤ ᠢᠳᠡᠪᠬᠢᠲᠡᠨ ᠤ ᠦᠰᠦᠨ ᠪᠣᠶᠢᠵᠢᠭᠰᠠᠨ ᠥᠩᠭᠡᠷᠡᠯᠲᠡ ᠪᠠᠨ ᠰᠡᠳᠬᠢᠯ ᠪᠠᠭ᠋ᠠᠳᠤᠮ᠎ᠠ ᠶᠠᠷᠢᠵᠤ᠂ ᠤᠷᠤᠯᠳᠤᠭᠠᠨ ᠤ ᠡᠴᠦᠰ ᠲᠤ ᠨᠢᠭᠡᠳᠦᠭᠡᠷ ᠲᠤ ᠲᠣᠳᠣᠷᠠᠭᠰᠠᠨ ᠪᠠᠶᠢᠨ᠎ᠠ︔ ᠪᠠᠶᠠᠨᠨᠠᠭᠤᠷ ᠤᠨ ᠬᠤᠪᠢᠶᠠᠷᠢ ᠥᠷᠲᠡᠭᠡᠨ ᠤ ᠨᠠᠮ ᠤᠨ ᠡᠭᠦᠷ ᠤᠨ ᠵᠠᠩ ᠰᠢᠦᠢ᠂ ︽ᠪᠢᠳᠡᠨ ᠤ ᠬᠠᠷᠢᠭᠤᠯᠲᠠ︾ ᠭᠡᠬᠦ ᠰᠡᠳᠦᠪ ᠢᠶᠠᠷ ᠥᠪᠡᠷ ᠤᠨ ᠢᠶᠠᠨ ᠴᠡᠷᠢᠭ ᠤᠨ ᠠᠯᠪᠠ ᠬᠠᠭᠠᠵᠤ ᠪᠠᠶᠢᠭ᠎ᠠ ᠪᠦᠰᠡᠭᠦᠢ᠂ ᠬᠢᠵᠢᠭ ᠲᠠᠢ ᠲᠡᠮᠡᠴᠡᠭᠰᠡᠨ ᠬᠠᠮᠲᠤ ᠰᠤᠷᠤᠭᠴᠢ᠂ ᠠᠵᠢᠯ ᠦᠢᠯᠡᠰ ᠢᠶᠠᠨ ᠳᠡᠭᠡᠳᠦᠯᠡᠵᠦ ᠡᠷᠡᠮᠡᠬᠡᠶᠢᠯᠡᠨ ᠠᠵᠢᠯᠯᠠᠵᠤ ᠪᠠᠶᠢᠭ᠎ᠠ ᠥᠷᠲᠡᠭᠡᠨ ᠳᠠᠷᠤᠭ᠎ᠠ ᠶᠢᠨ ᠢᠶᠠᠨ ᠠᠳᠠᠯᠢ ᠪᠤᠰᠤ ᠠᠵᠢᠯ ᠤᠨ ᠪᠠᠶᠢᠷᠢ ᠪᠠᠨ ᠪᠠᠲᠤ ᠰᠠᠬᠢᠵᠤ᠂ ᠲᠡᠷᠡᠴᠢᠯᠡᠨ ᠭᠤᠶᠦᠴᠢ ᠦᠭᠡᠢ ᠬᠤᠪᠢ ᠨᠡᠮᠡᠷᠢ ᠦᠵᠡᠭᠦᠯᠦᠭᠰᠡᠨ ᠠᠵᠢᠯᠯᠠᠭ᠎ᠠ ᠶᠢ ᠰᠡᠳᠬᠢᠯ ᠳᠣᠭᠳᠣᠯᠤᠮ᠎ᠠ ᠲᠣᠭᠠᠴᠢᠨ ᠶᠠᠷᠢᠵᠤ᠂ ᠬᠤᠶᠠᠳᠤᠭᠠᠷ ᠲᠤ ᠣᠷᠣᠵᠠᠢ︔ ᠠᠯᠪᠠᠨ ᠭᠡᠷ ᠤᠨ ᠨᠠᠮ ᠤᠨ ᠡᠭᠦᠷ ᠤᠨ ᠦ᠋ ᠽᠦ ᠮᠢᠩ ︽ᠡᠬᠡᠯ ᠵᠢᠷ ᠤᠨ ᠠᠵᠢᠯ ᠤᠨ ᠪᠠᠶᠢᠷᠢ ᠳᠤ ᠰᠠᠭᠤᠷᠢᠯᠠᠵᠤ᠂ ᠤᠷᠢ ᠵᠠᠯᠠᠭᠤ ᠶᠢᠨ ᠭᠡᠷᠡᠯ ᠭᠢᠯᠪᠠᠭ᠎ᠠ ᠪᠠᠨ ᠪᠠᠳᠠᠷᠠᠭᠤᠯᠤᠶ᠎ᠠ︾  ᠭᠡᠬᠦ ᠰᠡᠳᠦᠪᠲᠦ ᠶᠠᠷᠢᠶ᠎ᠠ ᠢᠯᠡᠳᠬᠡᠯ᠂ ᠤᠯᠠᠭᠠᠨᠬᠠᠳᠠ ᠶᠢᠨ ᠬᠤᠪᠢᠶᠠᠷᠢ ᠥᠷᠲᠡᠭᠡᠨ ᠤ ᠨᠠᠮ ᠤᠨ ᠡᠭᠦᠷ ᠤᠨ ᠲᠢᠶᠠᠨ ᠵᠢᠶᠠ ᠵᠢᠩ ︽ᠤᠭ ᠰᠠᠨᠠᠭ᠎ᠠ ᠪᠠᠨ ᠪᠠᠲᠤ ᠴᠡᠭᠡᠵᠢᠯᠡᠵᠦ᠂ ᠬᠦᠰᠡᠯ ᠵᠡᠭᠦᠳᠦ ᠪᠠᠨ ᠦᠯᠦ ᠮᠠᠷᠲᠠᠮᠤᠢ︾ ᠭᠡᠬᠦ ᠰᠡᠳᠦᠪᠲᠦ ᠶᠠᠷᠢᠶ᠎ᠠ ᠢᠯᠡᠳᠬᠡᠯ ᠨᠢ ᠳᠡᠷᠭᠡᠳᠡᠬᠢ ᠥᠯᠢᠭᠡᠷ ᠢᠶᠠᠷ ᠢᠶᠠᠨ ᠳᠠᠮᠵᠢᠭᠤᠯᠵᠤ᠂ ᠬᠢᠨᠠᠨ ᠰᠢᠯᠭᠠᠬᠤ ᠰᠢᠰᠲ᠋ᠧᠮ ᠤᠨ ᠺᠠᠳ᠋ᠷ ᠠᠵᠢᠯᠲᠠᠨ ᠤ ᠤᠨᠤᠯ ᠤᠨ ᠰᠤᠷᠤᠯᠴᠠᠯᠭ᠎ᠠ᠂ ᠦᠵᠡᠯ ᠰᠠᠨᠠᠭᠠᠨ ᠤ ᠳᠡᠭᠡᠭᠰᠢᠯᠡᠯᠲᠡ᠂ ᠲᠤᠬᠠᠶᠢᠯᠠᠭᠰᠠᠨ ᠠᠵᠢᠯ ᠤᠨ ᠲᠠᠯ᠎ᠠ ᠪᠠᠷ ᠣᠯᠣᠭᠰᠠᠨ ᠠᠮᠵᠢᠯᠲᠠ ᠶᠢ ᠲᠣᠳᠣᠷᠠᠭᠤᠯᠵᠤ᠂ ᠵᠡᠷᠭᠡ ᠪᠠᠷ ᠭᠤᠷᠪᠠᠳᠤᠭᠠᠷ ᠲᠤ ᠵᠢᠭᠰᠠᠭᠠᠭᠳᠠᠪᠠ᠃ ᠨᠠᠮ ᠤᠨ ᠪᠠᠶᠢᠭᠤᠯᠤᠯᠲᠠ ᠬᠢᠭᠡᠳ ᠠᠵᠢᠯᠲᠠᠨ ᠤ ᠶᠠᠪᠤᠳᠠᠯ ᠤᠨ ᠭᠠᠵᠠᠷ ︵ᠴᠠᠭᠳᠠᠨ ᠪᠠᠶᠢᠴᠠᠭᠠᠬᠤ ᠠᠯᠪᠠᠨ ᠭᠡᠷ︶᠂ ᠶᠡᠷᠦᠩᠬᠡᠶᠢᠯᠡᠨ ᠦᠨᠡᠯᠡᠬᠦ ᠲᠠᠰᠤᠭ ᠬᠢᠭᠡᠳ ᠤᠰᠤᠨ ᠤ ᠣᠷᠴᠢᠨ ᠲᠣᠭᠤᠷᠢᠨ ᠢ ᠬᠢᠨᠠᠨ ᠬᠡᠮᠵᠢᠬᠦ ᠲᠠᠰᠤᠭ ᠤᠨ ᠬᠠᠮᠲᠤᠷᠠᠭᠰᠠᠨ ᠨᠠᠮ ᠤᠨ ᠡᠭᠦᠷ᠂ ᠣᠷᠳᠣᠰ ᠤᠨ ᠬᠤᠪᠢᠶᠠᠷᠢ ᠥᠷᠲᠡᠭᠡ ᠶᠢᠨ ᠨᠠᠮ ᠤᠨ ᠡᠭᠦᠷ᠂ ᠰᠢᠯᠢ ᠶᠢᠨ ᠭᠤᠣᠯ ᠤᠨ ᠬᠤᠪᠢᠶᠠᠷᠢ ᠥᠷᠲᠡᠭᠡ ᠶᠢᠨ ᠨᠠᠮ ᠤᠨ ᠡᠭᠦᠷ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠭᠥᠷᠳᠡᠪᠡ᠃      ᠲᠤᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ ᠤ ᠬᠢᠨᠠᠨ ᠬᠡᠮᠵᠢᠬᠦ ᠶᠡᠷᠦᠩᠬᠡᠢ ᠥᠷᠲᠡᠭᠡᠨ ᠤ ᠵᠠᠯᠠᠭᠤ ᠺᠠᠳ᠋ᠷᠴᠤᠳ ᠤᠨ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ᠂ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠠᠵᠢᠯ ᠤᠨ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠤᠷᠮᠠᠰᠢᠭᠤᠯᠤᠨ ᠵᠣᠷᠢᠭᠵᠢᠭᠤᠯᠵᠤ᠂ ᠤᠷᠤᠯᠳᠤᠭᠠᠨ ᠢ ᠰᠣᠨᠢᠷᠬᠠᠭᠰᠠᠨ ᠺᠠᠳ᠋ᠷ ᠠᠵᠢᠯᠲᠠᠳ᠂ ᠠᠮᠢ ᠠᠬᠤᠢ ᠣᠷᠴᠢᠨ ᠲᠣᠭᠤᠷᠢᠨ ᠤ ᠬᠢᠨᠠᠨ ᠪᠠᠶᠢᠴᠠᠭᠠᠭᠴᠢ ᠪᠣᠯᠤᠭᠰᠠᠨ ᠤ ᠬᠤᠪᠢ ᠳᠤ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠡᠮᠦᠨ᠎ᠡ ᠹᠷᠣᠨᠲ ᠢ ᠢᠮᠠᠭᠲᠠ ᠪᠠᠲᠤ ᠰᠠᠬᠢᠵᠤ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠳᠤᠷᠠᠲᠠᠶ᠎ᠠ ᠬᠤᠪᠢ ᠨᠡᠮᠡᠷᠢ ᠦᠵᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠦᠢᠯᠡᠰ ᠲᠤ ᠬᠤᠪᠢ ᠨᠡᠮᠡᠷᠢ ᠪᠠᠨ ᠦᠵᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠴᠢᠷᠮᠠᠶᠢᠨ ᠲᠡᠮᠡᠴᠡᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号