ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠶᠡᠷᠦᠩᠬᠡᠢ ᠥᠷᠲᠡᠭᠡ ᠳᠣᠯᠣᠳᠤᠭᠠᠷ ᠬᠤᠭᠤᠴᠠᠭᠠᠨ ᠤ ᠫᠢᠩᠫᠠᠩ ᠪᠥᠮᠪᠦᠭᠡ ᠶᠢᠨ ᠤᠷᠤᠯᠳᠤᠭᠠᠨ ᠳᠤ ᠳᠠᠬᠢᠨᠲᠠ ᠰᠠᠶᠢᠨ ᠪᠦᠲᠦᠮᠵᠢ ᠣᠯᠪᠠ
ᠨᠡᠶᠢᠲᠡᠯᠡᠭᠰᠡᠨ ᠴᠠᠭ᠄
2023/9/18
      ︽ᠦᠵᠡᠯ ᠰᠠᠨᠠᠭ᠎ᠠ ᠶᠢ ᠰᠤᠷᠤᠯᠴᠠᠨ᠂ ᠨᠠᠮᠴᠢ ᠴᠢᠨᠠᠷ ᠢ ᠴᠢᠩᠭᠠᠳᠬᠠᠵᠤ᠂ ᠦᠢᠯᠡᠳᠦᠯᠭᠡ ᠶᠢ ᠴᠢᠬᠤᠯᠠᠴᠢᠯᠠᠨ᠂ ᠰᠢᠨ᠎ᠡ ᠭᠠᠪᠢᠶ᠎ᠠ ᠪᠠᠶᠢᠭᠤᠯᠬᠤ︾ ᠭᠤᠣᠯ ᠰᠡᠳᠦᠪᠲᠦ ᠬᠥᠮᠦᠵᠢᠯ ᠤᠨ ᠶᠡᠷᠦᠩᠬᠡᠢ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠥᠷᠲᠡᠭᠡᠨ ᠤ ᠰᠢᠰᠲ᠋ᠧᠮ ᠤᠨ ᠺᠠᠳ᠋ᠷ ᠠᠵᠢᠯᠲᠠᠨ ᠠᠵᠢᠯᠴᠢᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠠᠵᠢᠯᠲᠠᠨ ᠠᠵᠢᠯᠴᠢᠨ ᠤ ᠪᠡᠶ᠎ᠡ ᠰᠡᠳᠬᠢᠯ ᠤᠨ ᠡᠷᠡᠭᠦᠯ ᠮᠠᠨᠳᠤ ᠶᠢ ᠠᠬᠢᠭᠤᠯᠵᠤ᠂ ᠬᠠᠮᠲᠤ ᠶᠢᠨ ᠢᠷᠠᠭᠤ ᠠᠯᠳᠠᠷᠲᠤ ᠰᠡᠳᠬᠢᠯᠭᠡ ᠪᠠ ᠨᠢᠭᠲᠠᠷᠠᠯ ᠤᠨ ᠬᠦᠴᠦᠨ ᠢ ᠴᠢᠩᠭᠠᠷᠠᠭᠤᠯᠤᠨ᠂ ᠰᠢᠨ᠎ᠡ ᠴᠠᠭ ᠦᠶ᠎ᠡ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯᠲᠠᠨ ᠠᠵᠢᠯᠴᠢᠨ ᠤ ᠪᠣᠬᠢᠷᠲᠤᠯ ᠦᠭᠡᠢ᠂ ᠠᠮᠢᠵᠢᠷᠠᠯ ᠤᠨ ᠬᠦᠴᠦᠨ᠂ ᠬᠠᠮᠲᠤ ᠪᠠᠷ ᠡᠳ᠋ᠯᠡᠬᠦ ᠣᠶᠢᠯᠠᠭᠠᠭᠳᠠᠬᠤᠨ ᠵᠢᠴᠢ ᠠᠵᠢᠯ ᠬᠢᠵᠦ ᠦᠢᠯᠡᠰ ᠪᠣᠰᠬᠠᠬᠤ ᠭᠦᠨ ᠵᠤᠵᠠᠭᠠᠨ ᠠᠭᠤᠷ ᠠᠮᠢᠰᠬᠤᠯ ᠢ ᠢᠯᠡᠷᠡᠭᠦᠯᠬᠦ ᠶᠢᠨ ᠲᠥᠯᠥᠭᠡ᠂ 6 ᠰᠠᠷ᠎ᠠ ᠶᠢᠨ 30 ᠤ ᠡᠳᠦᠷ ᠠᠴᠠ 7 ᠰᠠᠷ᠎ᠠ ᠶᠢᠨ 2 ᠤᠨ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠰᠢᠰᠲ᠋ᠧᠮ ᠤᠨ ᠳᠣᠯᠣᠳᠤᠭᠠᠷ ᠬᠤᠭᠤᠴᠠᠭᠠᠨ ᠤ ᠫᠢᠩᠫᠠᠩ ᠪᠥᠮᠪᠦᠭᠡ ᠶᠢᠨ ᠤᠷᠤᠯᠳᠤᠭᠠᠨ ᠢ ᠶᠠᠪᠤᠭᠳᠠᠭᠤᠯᠪᠠ᠂ ᠬᠢᠨᠠᠨ ᠬᠡᠮᠵᠢᠬᠦ ᠶᠡᠷᠦᠩᠬᠡᠢ ᠥᠷᠲᠡᠭᠡ ᠶᠢᠨ ᠬᠢᠨ ᠡᠯ᠎ᠡ ᠬᠤᠪᠢᠶᠠᠷᠢ ᠥᠷᠲᠡᠭᠡ ᠶᠢᠨ ᠬᠢᠨ ᠠᠴᠠ ᠰᠣᠩᠭᠤᠨ ᠰᠢᠯᠭᠠᠠᠷᠠᠭᠤᠯᠵᠤ ᠂ 22 ᠬᠥᠮᠥᠨ ᠢᠶᠠᠷ ᠪᠦᠷᠢᠯᠳᠦᠭᠰᠡᠨ ᠲᠥᠯᠥᠭᠡᠯᠡᠭᠴᠢᠳ ᠤᠨ ᠠᠩᠭᠢ ᠪᠦᠷᠢᠯᠳᠦᠭᠦᠯᠵᠦ ᠂ ᠲᠣᠰ ᠤᠳᠠᠭᠠᠨ ᠤ ᠤᠷᠤᠯᠳᠤᠭᠠᠨ ᠳᠤ ᠣᠷᠣᠯᠴᠠᠭᠤᠯᠪᠠ᠃      ᠲᠤᠰ ᠤᠳᠠᠭᠠᠨ ᠤ ᠠᠵᠢᠯᠯᠠᠭ᠎ᠠ ᠨᠢ ᠡᠯ᠎ᠡ ᠬᠤᠪᠢᠶᠠᠷᠢ ᠥᠷᠲᠡᠭᠡᠨ ᠤ ᠠᠵᠢᠯᠲᠠᠨ ᠠᠵᠢᠯᠴᠢᠳ ᠤᠨ ᠬᠤᠭᠤᠷᠤᠨᠳᠤᠬᠢ ᠰᠣᠯᠢᠯᠴᠠᠭ᠎ᠠ ᠪᠠ ᠨᠡᠪᠲᠡᠷᠡᠯᠴᠡᠭᠡ ᠶᠢ ᠴᠢᠩᠭᠠᠳᠬᠠᠵᠤ᠂ ᠫᠢᠩᠫᠠᠩ ᠪᠥᠮᠪᠥᠭᠡᠨ ᠳᠤ ᠪᠠᠭ᠋ᠠᠲᠠᠢ ᠬᠥᠮᠥᠰ ᠲᠤ ᠨᠢᠭᠡ ᠤᠳᠠᠭᠠᠨ ᠤ ᠬᠠᠷᠢᠯᠴᠠᠨ ᠰᠤᠷᠤᠯᠴᠠᠬᠤ᠂ ᠬᠠᠷᠢᠯᠴᠠᠨ ᠰᠣᠯᠢᠯᠴᠠᠬᠤ᠂ ᠨᠥᠬᠦᠷᠯᠡᠯ ᠢᠶᠠᠨ ᠵᠤᠵᠠᠭᠠᠳᠬᠠᠬᠤ ᠲᠣᠬᠢᠶᠠᠯ ᠣᠯᠭᠤᠵᠤ᠂ ᠪᠡᠶ᠎ᠡ ᠰᠡᠳᠬᠢᠯ ᠤᠨ ᠳᠠᠷᠤᠭᠠᠰᠤ ᠶᠢ ᠬᠥᠩᠭᠡᠯᠡᠨ᠂ ᠠᠵᠢᠯ ᠳᠤ ᠰᠢᠨ᠎ᠡ ᠠᠮᠢᠵᠢᠷᠠᠯ ᠤᠨ ᠬᠦᠴᠦᠨ ᠣᠯᠭᠤᠭᠰᠠᠨ ᠪᠠᠶᠢᠨ᠎ᠠ᠃ ᠡᠭᠦᠨ ᠤ ᠬᠠᠮᠲᠤ᠂ ᠤᠷᠤᠯᠳᠤᠭᠠᠨ ᠳᠤ ᠣᠷᠣᠯᠴᠠᠭᠰᠠᠳ ᠪᠠᠰᠠ ᠣᠷᠭᠢᠯᠤᠮ᠎ᠠ ᠬᠠᠯᠠᠭᠤᠨ ᠰᠡᠳᠬᠢᠯᠭᠡ ᠡᠪᠦᠷᠯᠡᠨ᠂ ᠢᠲᠡᠭᠡᠯ ᠵᠣᠷᠢᠭ ᠪᠠᠳᠠᠷᠠᠩᠭᠤᠢ ᠣᠶᠤᠨ ᠰᠠᠨᠠᠭᠠᠨ ᠤ ᠳᠦᠷᠰᠦ ᠪᠠᠶᠢᠳᠠᠯ ᠢᠶᠠᠨ ᠳᠡᠯᠭᠡᠨ ᠦᠵᠡᠭᠦᠯᠵᠦ᠂ ᠬᠦᠴᠢᠷ ᠪᠡᠷᠬᠡ ᠶᠢ ᠢᠯᠠᠨ ᠳᠠᠪᠠᠵᠤ᠂ ᠲᠡᠰᠪᠦᠷᠢ ᠬᠠᠲᠠᠭᠤᠵᠢᠯᠲᠠᠢ ᠲᠡᠮᠡᠴᠡᠨ᠂ ᠬᠤᠪᠢ ᠨᠡᠮᠡᠷᠢ ᠦᠵᠡᠭᠦᠯᠵᠦ ᠴᠢᠳᠠᠬᠤ ︽ᠣᠷᠴᠢᠨ ᠠᠬᠤᠢ ᠶᠢᠨ ᠬᠢᠨᠠᠨ ᠬᠡᠮᠵᠢᠯᠲᠡ ᠶᠢᠨ ᠬᠠᠳᠠᠨ ᠪᠠᠲᠤ ᠵᠣᠷᠢᠭ ᠰᠠᠨᠠᠭ᠎ᠠ︾ ᠶᠢ ᠭᠦᠢᠴᠡᠳ ᠪᠠᠳᠠᠷᠠᠭᠤᠯᠵᠤ᠂ ᠡᠷᠡᠭᠦᠯ ᠥᠭᠡᠳᠡᠷᠬᠡᠭ᠂ ᠪᠦᠯᠬᠦᠮᠳᠡᠨ ᠬᠠᠮᠵᠢᠯᠴᠠᠬᠤ᠂ ᠲᠡᠷᠢᠭᠦᠨ ᠤ  ᠬᠢ ᠶᠢ ᠲᠡᠮᠡᠴᠡᠨ ᠣᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠭᠰᠠᠨ ᠪᠠᠶᠢᠨ᠎ᠠ᠃ ᠬᠢᠨᠠᠨ ᠬᠡᠮᠵᠢᠬᠦ ᠶᠡᠷᠦᠩᠬᠡᠢ ᠥᠷᠲᠡᠭᠡ ᠶᠢᠨ ᠬᠢᠨ ᠪᠦᠬᠦ ᠺᠠᠳ᠋ᠷ ᠠᠵᠢᠯᠲᠠᠨ ᠢ ᠳᠠᠭᠠᠭᠤᠯᠤᠨ ᠠᠮᠢ ᠠᠬᠤᠢ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ︽ᠲᠤᠯᠭᠠᠭᠤᠷᠢ︾ ᠶᠢᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠡᠷᠡᠭᠦᠯ ᠴᠢᠭᠢᠷᠠᠭ ᠪᠡᠶ᠎ᠡ ᠮᠠᠬᠠᠪᠤᠳ ᠪᠣᠯᠣᠨ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠦᠢᠯᠡᠰ ᠲᠤ ᠣᠷᠣᠯᠴᠠᠵᠤ᠂ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨ᠎ᠡ ᠬᠦᠴᠦᠨ ᠨᠡᠮᠡᠷᠢᠯᠡᠬᠦ ᠪᠣᠯᠣᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号