ᠥᠪᠥᠷ ᠮᠣᠩᠭᠤᠯ ᠨᠠᠮᠤᠷ ᠡᠪᠦᠯ ᠤᠨ ᠤᠯᠠᠷᠢᠯ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠬᠢᠯᠡᠭᠦᠯᠪᠡ
ᠨᠡᠶᠢᠲᠡᠯᠡᠭᠰᠡᠨ ᠴᠠᠭ᠄
2023/9/18
      8 ᠳ᠋ᠤᠭᠠᠷ ᠰᠠᠷ᠎ᠠ ᠶᠢᠨ 24 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠲᠢᠩᠬᠢᠮ 2023 ᠣᠨ ᠤ ᠪᠥᠬᠦ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠠᠬᠢᠭᠤᠯᠬᠤ ᠵᠢᠴᠢ ᠨᠠᠮᠤᠷ ᠡᠪᠦᠯ ᠤᠨ ᠤᠯᠠᠷᠢᠯ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠡᠬᠢᠯᠡᠯᠲᠡ ᠶᠢᠨ ᠬᠤᠷᠠᠯ ᠢ ᠬᠤᠷᠠᠯᠳᠤᠭᠤᠯᠵᠤ᠂ ᠬᠦᠨᠳᠦ ᠪᠣᠬᠢᠷᠲᠤᠯ ᠲᠠᠢ ᠴᠠᠭ ᠠᠭᠤᠷ ᠢ ᠲᠦᠷᠭᠡᠳᠬᠡᠨ ᠴᠡᠪᠡᠷᠰᠢᠭᠦᠯᠵᠦ᠂ ᠨᠠᠩ ᠡᠷᠡᠰ ᠪᠠᠲᠤ ᠣᠪᠣᠷ᠂ ᠨᠠᠩ ᠴᠢᠩᠭ᠎ᠠ ᠠᠷᠭ᠎ᠠ ᠬᠡᠮᠵᠢᠶ᠎ᠡ᠂ ᠨᠠᠩ ᠯᠠᠪᠳᠠᠭᠤᠨ ᠪᠠᠲᠤᠲᠠᠢ ᠰᠤᠷᠲᠠᠯ ᠢᠶᠠᠷ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠪᠠ᠃      ᠬᠤᠷᠠᠯ ᠠᠴᠠ᠂ ᠬᠥᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠪᠣᠯ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠮᠥᠨ᠂ ᠡᠷᠬᠡᠪᠰᠢ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠷᠣᠨ ᠪᠦᠰᠡ ᠶᠢᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠶᠢ ᠴᠢᠩᠭᠠᠳᠬᠠᠵᠤ᠂ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠠᠪᠴᠤ᠂ ᠣᠷᠴᠢᠨ ᠲᠣᠭᠤᠷᠢᠨ ᠤ ᠠᠭᠠᠷ ᠤᠨ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠤᠨ ᠣᠨ ᠤ ᠬᠠᠷᠠᠯᠲᠠ ᠶᠢᠨ ᠡᠭᠦᠷᠭᠡ ᠶᠢ ᠪᠡᠶᠡᠯᠡᠭᠦᠯᠵᠦ᠂ ᠨᠠᠮᠤᠷ ᠡᠪᠦᠯ ᠤᠨ ᠤᠯᠠᠷᠢᠯ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠨᠡᠨᠬᠦ ᠰᠠᠶᠢᠲᠤᠷ ᠬᠢᠵᠦ᠂ ᠥᠪᠥᠷ ᠮᠣᠩᠭᠤᠯ ᠤᠨ ᠦᠵᠡᠰᠬᠦᠯᠡᠩᠲᠦ ᠰᠠᠶᠢᠬᠠᠨ ᠬᠥᠬᠡ ᠣᠭᠲᠠᠷᠭᠤᠢ ᠶᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠡᠯ᠎ᠡ ᠠᠶᠢᠮᠠᠭ ᠬᠤᠲᠠ ᠶᠢᠨ ᠬᠢᠨ ᠠᠵᠤ ᠦᠢᠯᠡᠳᠪᠦᠷᠢ ᠶᠢᠨ ᠨᠦᠬᠡᠨ ᠵᠤᠤᠬ᠎ᠠ ᠶᠢᠨ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠶᠢ ᠭᠦᠨᠵᠡᠭᠡᠢ ᠬᠡᠷᠡᠭᠵᠢᠭᠦᠯᠵᠦ᠂ ᠴᠡᠪᠡᠷ ᠡᠨᠧᠷᠭᠢ ᠶᠢᠨ ᠣᠷᠤᠯᠠᠭᠤᠯᠤᠯᠲᠠ ᠶᠢ ᠲᠦᠷᠭᠡᠳᠬᠡᠨ ᠠᠬᠢᠭᠤᠯᠵᠤ᠂ ᠠᠵᠤ ᠦᠢᠯᠡᠳᠪᠦᠷᠢ ᠶᠢᠨ ᠨᠦᠬᠡᠨ ᠵᠤᠤᠬ᠎ᠠ ᠶᠢ ᠪᠥᠬᠦ ᠲᠠᠯ᠎ᠠ ᠪᠠᠷ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ ᠶᠢ ᠪᠡᠶᠡᠯᠡᠭᠦᠯᠬᠦ ᠬᠡᠷᠡᠭᠲᠡᠶ︔ ᠬᠢᠮᠢ ᠶᠢᠨ ᠠᠵᠤ ᠦᠢᠯᠡᠳᠪᠦᠷᠢ᠂ ᠠᠵᠤ ᠦᠢᠯᠡᠳᠪᠦᠷᠢ ᠶᠢᠨ ᠲᠦᠷᠬᠢᠮᠡᠯ ᠵᠠᠰᠠᠯ᠂ ᠡᠮ ᠡᠮᠨᠡᠯᠭᠡ᠂ ᠪᠣᠭᠤᠳᠠᠯ ᠳᠠᠷᠤᠮᠠᠯᠯᠠᠯ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠠᠵᠤ ᠦᠢᠯᠡᠳᠪᠦᠷᠢ ᠶᠢᠨ ᠢᠷᠡᠯᠲᠡ ᠶᠢᠨ VOCs  ᠤᠨ ᠲᠤᠰᠬᠠᠢ ᠵᠠᠰᠠᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠭᠡᠷᠡᠭᠳᠡᠢ︔ ᠨᠡᠭᠦᠷᠡᠰᠦ ᠰᠢᠲᠠᠭᠠᠬᠤ ᠭᠦᠸᠧᠯᠦ ᠶᠢ ᠶᠡᠷᠦᠩᠬᠡᠶᠢᠯᠡᠨ ᠵᠠᠰᠠᠬᠤ ᠶᠢ ᠦᠷᠭᠦᠯᠵᠢᠯᠡᠨ ᠬᠡᠷᠡᠭᠵᠢᠭᠦᠯᠵᠦ᠂ ᠠᠷᠢᠭᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠠᠬᠢᠭᠤᠯᠤᠨ᠂ ᠬᠠᠮᠢᠶ᠎ᠠ ᠪᠦᠬᠦᠢ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠲᠣᠭᠲᠠᠭᠠᠨ ᠬᠡᠷᠡᠭᠵᠢᠭᠦᠯᠵᠦ᠂ ᠲᠠᠷᠠᠬᠠᠢ ᠪᠤᠲᠠᠷᠬᠠᠢ ᠨᠡᠭᠦᠷᠡᠰᠦ ᠶᠢ ᠳᠠᠬᠢᠨ ᠰᠢᠲᠠᠭᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ︔ ᠪᠣᠳᠠᠰ ᠤᠨ ᠮᠠᠲ᠋ᠧᠷᠢᠶᠠᠯ ᠤᠨ ᠣᠪᠣᠭᠠᠯᠠᠬᠤ ᠲᠠᠯᠠᠪᠤᠷ ᠤᠨ ᠲᠣᠭᠤᠰᠣ ᠳᠡᠭᠳᠡᠬᠦ ᠶᠢ ᠵᠠᠰᠠᠬᠤ ᠶᠢ ᠦᠷᠭᠦᠯᠵᠢᠯᠡᠨ ᠠᠬᠢᠭᠤᠯᠵᠤ᠂ ᠠᠵᠤ ᠠᠬᠤᠶᠢᠯᠠᠯ ᠤᠨ ᠨᠤᠨᠳᠠᠭ ᠬᠡᠯᠪᠡᠷᠢ ᠶᠢᠨ ᠪᠣᠳᠠᠰ ᠤᠨ ᠮᠠᠲ᠋ᠧᠷᠢᠶᠠᠯ ᠢ ᠲᠡᠭᠡᠭᠡᠪᠦᠷᠢᠯᠡᠬᠦ ᠪᠠ ᠳᠠᠮᠵᠢᠭᠤᠯᠤᠨ ᠲᠡᠭᠡᠭᠡᠪᠦᠷᠢᠯᠡᠬᠦ ᠶᠠᠪᠤᠴᠠ ᠳᠠᠬᠢ ᠲᠣᠭᠤᠰᠣ ᠳᠡᠭᠳᠡᠬᠦ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠨᠤᠨᠳᠠᠭ ᠬᠡᠯᠪᠡᠷᠢ ᠶᠢᠨ ᠪᠣᠳᠠᠰ ᠤᠨ ᠮᠠᠲ᠋ᠧᠷᠢᠶᠠᠯ ᠤᠨ ᠪᠢᠲᠡᠭᠦᠮᠵᠢᠯᠡᠭᠰᠡᠨ ᠬᠡᠯᠪᠡᠷᠢ ᠶᠢᠨ ᠲᠡᠭᠡᠭᠡᠪᠦᠷᠢ ᠶᠢ ᠴᠢᠩᠭ᠎ᠠ ᠨᠠᠶᠢᠳᠠᠪᠤᠷᠢᠵᠢᠭᠤᠯᠬᠤ ᠭᠡᠷᠡᠭᠳᠡᠢ︔ ︽ᠲᠠᠷᠠᠬᠠᠢ ᠪᠤᠲᠠᠷᠬᠠᠢ᠂ ᠡᠮᠬᠢ ᠵᠠᠮᠪᠠᠷᠠᠭ᠎ᠠ ᠦᠭᠡᠢ᠂ ᠪᠣᠬᠢᠷᠲᠤᠯ ᠲᠠᠢ︾ ᠠᠵᠤ ᠠᠬᠤᠶᠢᠯᠠᠯ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠴᠢᠩᠭ᠎ᠠ ᠰᠢᠢᠳᠬᠡᠵᠦ ᠴᠢᠩᠭ᠎ᠠ ᠵᠠᠰᠠᠬᠤ ᠰᠦᠷ ᠬᠦᠴᠦᠲᠦ ᠪᠠᠶᠢᠳᠠᠯ ᠢ ᠪᠠᠲᠤᠯᠠᠵᠤ᠂ ︽ᠲᠠᠷᠠᠬᠠᠢ᠂ ᠡᠮᠬᠢ ᠵᠠᠮᠪᠠᠷᠠᠭ᠎ᠠ ᠦᠭᠡᠢ᠂ ᠪᠣᠬᠢᠷᠲᠤᠯ ᠲᠠᠢ︾ ᠠᠵᠤ ᠠᠬᠤᠶᠢᠯᠠᠯ ᠢ ᠬᠥᠳᠡᠯᠦᠩᠭᠦᠢ ᠪᠠᠷ ᠰᠢᠢᠳᠪᠦᠷᠢᠯᠡᠬᠦ ᠭᠡᠷᠡᠭᠳᠡᠢ︔ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠶᠢ ᠬᠠᠮᠢᠶᠠᠷᠤᠨ ᠡᠵᠡᠮᠳᠡᠬᠦ ᠡᠷᠴᠢᠮ ᠢ ᠴᠢᠩᠭᠠᠷᠠᠭᠤᠯᠵᠤ᠂ ᠪᠠᠷᠢᠯᠭ᠎ᠠ ᠪᠠᠷᠢᠬᠤ ᠨᠢᠭᠡᠴᠢ ᠶᠢ ᠱᠠᠯᠠᠪᠳᠠᠭᠤᠯᠤᠨ ᠵᠢᠯᠤᠭᠤᠳᠴᠤ ᠪᠠᠶᠢᠭᠠᠳ 100% ᠤᠨ 6 ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠬᠤᠲᠠ ᠶᠢᠨ ᠵᠠᠮ ᠤᠨ ᠮᠠᠰᠢᠨ ᠢᠶᠠᠷ ᠱᠦᠭᠦᠷᠳᠡᠬᠦ ᠨᠣᠷᠮ᠎ᠠ ᠶᠢ ᠳᠡᠭᠡᠭᠰᠢᠯᠡᠭᠦᠯᠦᠨ᠂ ᠬᠥᠮᠥᠨ ᠤ ᠬᠦᠴᠦᠨ ᠤ ᠬᠤᠶᠠᠳᠠᠭᠢ ᠤᠳᠠᠭᠠᠨ ᠤ ᠲᠣᠭᠤᠰᠣ ᠳᠡᠭᠳᠡᠬᠦ ᠶᠢ ᠪᠠᠭᠠᠰᠬᠠᠬᠤ ᠭᠡᠷᠡᠭᠳᠡᠢ᠃ ᠨᠡᠭᠦᠷᠡᠰᠦ ᠲᠡᠭᠡᠭᠡᠪᠦᠷᠢᠯᠡᠬᠦ ᠲᠡᠷᠭᠡ᠂ ᠬᠤᠭ ᠰᠢᠪᠠᠷ ᠤᠨ ᠲᠡᠷᠭᠡ᠂ ᠪᠠᠷᠢᠯᠭ᠎ᠠ ᠶᠢᠨ ᠲᠡᠭᠡᠭᠡᠪᠦᠷᠢ ᠶᠢᠨ ᠲᠡᠷᠭᠡ ᠶᠢ ᠴᠢᠩᠭ᠎ᠠ ᠬᠠᠮᠢᠶᠠᠷᠴᠤ᠂ ᠳᠠᠭᠠᠭᠠᠴᠠ ᠠᠴᠠ ᠬᠡᠲᠦᠷᠡᠭᠦᠯᠬᠦ᠂ ᠵᠠᠮ ᠳᠠᠭᠠᠤ ᠠᠰᠬᠠᠬᠤ᠂ ᠳᠤᠷ᠎ᠠ ᠪᠠᠷ ᠢᠶᠠᠨ ᠴᠢᠳᠬᠤᠬᠤ ᠵᠡᠷᠭᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠢ︔ ᠲᠣᠰᠣ᠂ ᠵᠠᠮ᠂ ᠲᠡᠷᠭᠡ᠂ ᠠᠵᠤ ᠠᠬᠤᠶᠢᠯᠠᠯ ᠤᠨ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠵᠦ᠂ ᠪᠣᠬᠢᠷᠲᠤᠯ ᠶᠡᠬᠡᠲᠡᠢ ᠮᠠᠰᠢᠨ ᠲᠡᠷᠭᠡᠨ ᠤ ᠤᠳᠤᠭ᠎ᠠ ᠬᠡᠢ ᠶᠢᠨ ᠭᠠᠳᠠᠭᠰᠢᠯᠠᠭᠤᠯᠤᠯᠲᠠ ᠶᠢ ᠰᠤᠭᠤᠴᠢᠨ ᠬᠡᠮᠵᠢᠬᠦ ᠡᠷᠴᠢᠮ ᠢ ᠴᠢᠩᠭᠠᠷᠠᠭᠤᠯᠵᠤ᠂ ︽ᠬᠠᠷ᠎ᠠ ᠤᠲᠤᠭ᠎ᠠ ᠪᠤᠷᠭᠢᠯᠤᠭᠰᠠᠨ︾ ᠮᠠᠰᠢᠨ ᠲᠡᠷᠭᠡ ᠪᠣᠯᠣᠨ ᠪᠠᠷᠢᠮᠵᠢᠶ᠎ᠠ ᠠᠴᠠ ᠬᠡᠲᠦᠷᠡᠭᠦᠯᠦᠨ ᠭᠠᠳᠠᠭᠰᠢᠯᠠᠭᠤᠯᠤᠭᠰᠠᠨ ᠮᠠᠰᠢᠨ ᠲᠡᠷᠭᠡ ᠶᠢᠨ ᠵᠠᠮ ᠳᠤ ᠭᠠᠷᠴᠤ ᠶᠠᠪᠤᠬᠤ ᠶᠢ ᠡᠷᠡᠰ ᠬᠤᠷᠢᠭᠯᠠᠵᠤ᠂ ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠮᠧᠬᠠᠨᠢᠭ ᠢ ᠳ᠋ᠤᠭᠠᠷᠯᠠᠨ ᠳᠠᠩᠰᠠᠯᠠᠬᠤ ᠪᠠ ᠭᠠᠳᠠᠭᠰᠢᠯᠠᠭᠤᠯᠤᠯᠲᠠ ᠶᠢ ᠪᠠᠶᠢᠴᠠᠭᠠᠨ ᠬᠡᠮᠵᠢᠬᠦ ᠶᠢ ᠭᠦᠨᠵᠡᠭᠡᠢ ᠠᠬᠢᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠶᠡᠬᠡᠪᠡᠷ ᠳᠡᠯᠭᠡᠷᠡᠭᠦᠯᠵᠦ᠂ ︽ᠰᠢᠨ᠎ᠡ ᠡᠨᠧᠷᠭᠢ + ᠲᠠᠷᠠᠬᠠᠢ ᠪᠤᠲᠠᠷᠬᠠᠢ ᠪᠠᠶᠢᠭᠰᠠᠨ ᠢ ᠴᠤᠭᠯᠠᠷᠠᠯ ᠪᠣᠯᠭᠠᠨ ᠥᠭᠡᠷᠡᠴᠢᠯᠡᠬᠦ︾ ᠲᠡᠭᠡᠭᠡᠪᠦᠷᠢ ᠶᠢᠨ ᠵᠠᠭᠪᠤᠷ ᠢ ᠢᠳᠡᠪᠬᠢᠲᠡᠢ ᠠᠬᠢᠭᠤᠯᠬᠤ ᠬᠡᠷᠡᠭᠲᠡᠢ︔ ᠡᠮᠦᠨ᠎ᠡ ᠬᠤᠶᠢᠨ᠎ᠠ ᠵᠡᠭᠦᠨ ᠪᠠᠷᠠᠭᠤᠨ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠵᠤ᠂ ᠣᠷᠣᠨ ᠪᠦᠰᠡ ᠶᠢᠨ ᠣᠷᠴᠢᠨ ᠲᠣᠭᠤᠷᠢᠨ ᠤ ᠠᠭᠠᠷ ᠤᠨ ᠴᠢᠨᠠᠷᠵᠢᠯ ᠢ ᠰᠠᠶᠢᠵᠢᠷᠠᠭᠤᠯᠬᠤ ᠶᠢ ᠠᠬᠢᠭᠤᠯᠵᠤ᠂ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠨ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠲᠠᠩᠰᠠ ᠶᠢ ᠬᠥᠳᠡᠯᠦᠩᠭᠦᠢ ᠪᠠᠷ ᠰᠢᠨᠡᠳᠬᠡᠵᠦ᠂ ᠭᠤᠣᠯᠳᠠᠯᠭ᠎ᠠ ᠲᠠᠢ ᠠᠵᠢᠯ ᠲᠥᠷᠥᠯ ᠠᠵᠤ ᠠᠬᠤᠶᠢᠯᠠᠯ ᠤᠨ ᠠᠵᠢᠯ ᠤᠨ ᠠᠮᠵᠢᠯᠲᠠ ᠪᠦᠲᠦᠮᠵᠢ ᠶᠢ ᠲᠠᠰ ᠬᠤᠪᠢᠶᠠᠬᠤ᠂ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠢ ᠪᠠᠷ ᠲᠥᠷᠥᠯ ᠬᠤᠪᠢᠶᠠᠨ ᠠᠷᠭ᠎ᠠ ᠪᠣᠳᠣᠯᠭ᠎ᠠ ᠠᠭᠠᠷ ᠤᠨ ᠶᠠᠰᠤ ᠴᠢᠨᠠᠷ ᠢ ᠤᠷᠢᠳᠴᠢᠯᠠᠨ ᠮᠡᠳᠡᠭᠡᠯᠡᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠪᠠᠴᠢᠮ ᠪᠠᠶᠢᠳᠠᠯ ᠢ ᠠᠷᠭᠠᠴᠠᠭᠠᠬᠤ ᠶᠢᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠷᠠᠭᠤᠯᠤᠨ᠂ ᠣᠷᠣᠨ ᠪᠦᠰᠡ ᠶᠢᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠶᠢ ᠰᠢᠨᠵᠢᠯᠡᠬᠦ ᠤᠬᠠᠭᠠᠨᠴᠢ ᠪᠠᠷ᠂ ᠨᠠᠷᠢᠯᠢᠭ ᠣᠨᠣᠴᠠᠲᠠᠢ ᠪᠠᠷ ᠬᠡᠷᠡᠭᠵᠢᠭᠦᠯᠵᠦ᠂ ᠬᠦᠨᠳᠦ ᠪᠣᠬᠢᠷᠲᠤᠯ ᠲᠠᠢ ᠴᠠᠭ ᠠᠭᠤᠷ ᠢ ᠠᠷᠢᠯᠭᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠬᠦᠴᠦᠯᠡᠨ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃      ᠮᠠᠨ ᠤ ᠣᠷᠣᠨ ᠤ ᠨᠠᠮᠤᠷ ᠡᠪᠦᠯ ᠤᠨ ᠤᠯᠠᠷᠢᠯ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠬᠡᠷᠡᠭᠵᠢᠭᠦᠯᠬᠦ ᠲᠥᠰᠥᠯ ᠶᠣᠰᠣᠭᠠᠷ᠂ 8 ᠰᠠᠷ᠎ᠠ ᠶᠢᠨ 21 ᠤ ᠡᠳᠦᠷ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠠᠴᠠ ᠡᠳᠦᠷ ᠪᠦᠷᠢ ᠡᠯ᠎ᠡ ᠠᠶᠢᠮᠠᠭ ᠬᠤᠲᠠ ᠳᠤ ᠠᠭᠠᠷ ᠤᠨ ᠴᠢᠨᠠᠷᠵᠢᠯ ᠢ ᠤᠷᠢᠳᠴᠢᠯᠠᠨ ᠮᠡᠳᠡᠭᠡᠯᠡᠬᠦ ᠮᠡᠳᠡᠭᠡ ᠵᠠᠩᠭᠢ ᠶᠢ ᠬᠦᠷᠭᠡᠬᠦ ᠶᠢᠨ ᠬᠠᠮᠲᠤ ᠤᠷᠢᠳᠴᠢᠯᠠᠨ ᠮᠡᠳᠡᠭᠡᠯᠡᠭᠰᠡᠨ ᠪᠠᠶᠢᠳᠠᠯ ᠢᠶᠠᠨ ᠦᠨᠳᠦᠰᠦᠯᠡᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠪᠠᠨ ᠳᠤᠷᠠᠳᠴᠤ᠂ ᠬᠠᠮᠢᠶᠠᠷᠤᠨ ᠡᠵᠡᠮᠳᠡᠬᠦ ᠶᠠᠪᠤᠴᠠ ᠳᠠᠭᠤᠰᠤᠭᠰᠠᠨ ᠤ ᠳᠠᠷᠠᠭ᠎ᠠ ᠬᠠᠮᠢᠶ᠎ᠠ ᠪᠦᠬᠦᠢ ᠠᠶᠢᠮᠠᠭ ᠬᠤᠲᠠ ᠶᠢᠨ ᠬᠢᠨ ᠪᠣᠬᠢᠷᠲᠤᠯ ᠤᠨ ᠵᠠᠳᠠᠯᠤᠯᠲᠠ ᠪᠠ ᠠᠷᠭ᠎ᠠ ᠬᠡᠮᠵᠢᠶ᠎ᠡ ᠶᠢᠨ ᠦᠷ᠎ᠡ ᠪᠦᠲᠦᠮᠵᠢ ᠶᠢᠨ ᠮᠡᠳᠡᠭᠦᠯᠦᠯᠲᠡ ᠪᠠᠨ ᠴᠠᠭ ᠲᠤᠬᠠᠢ ᠳᠤᠨᠢ ᠳᠡᠭᠡᠭᠰᠢ ᠮᠡᠳᠡᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠠᠴᠠ ᠬᠢᠨᠠᠯᠲᠠ ᠲᠠᠯᠪᠢᠵᠤ ᠬᠠᠪᠰᠤᠷᠤᠨ ᠲᠡᠳᠬᠦᠬᠦ ᠵᠢᠯᠤᠭᠤᠳᠬᠤ ᠳᠤᠭᠤᠶᠢᠯᠠᠩ ᠪᠠᠶᠢᠭᠤᠯᠵᠤ᠂ 8 ᠰᠠᠷ᠎ᠠ ᠶᠢᠨ ᠰᠡᠭᠦᠯᠴᠢ ᠠᠴᠠ ᠡᠬᠢᠯᠡᠨ ᠡᠯ᠎ᠡ ᠠᠶᠢᠮᠠᠭ ᠬᠤᠲᠠ ᠶᠢᠨ 2023 ︱ 2024 ᠣᠨ ᠤ ᠨᠠᠮᠤᠷ ᠡᠪᠦᠯ ᠤᠨ ᠤᠯᠠᠷᠢᠯ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠬᠠᠪᠰᠤᠷᠤᠨ ᠵᠢᠯᠣᠭᠤᠳᠤᠨ᠎ᠠ᠂ ᠡᠯ᠎ᠡ ᠠᠶᠢᠮᠠᠭ ᠬᠤᠲᠠ ᠶᠢᠨ ᠬᠢᠨ ᠡᠷᠬᠡᠪᠰᠢ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠᠶᠢᠭᠤᠯᠵᠤ᠂ ︽ᠡᠭᠦᠷᠭᠡ ᠬᠦᠷᠭᠡᠬᠦ ︱ ᠵᠢᠭᠰᠠᠭᠠᠨ ᠪᠠᠶᠢᠴᠠᠭᠠᠬᠤ ᠶᠢ ᠥᠷᠨᠢᠭᠦᠯᠬᠦ ︱ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ︱ ᠳ᠋ᠤᠭᠠᠷ ᠬᠠᠰᠤᠬᠤ ᠶᠢ ᠪᠡᠶᠡᠯᠡᠭᠦᠯᠬᠦ︾ ᠪᠢᠲᠡᠭᠦᠮᠵᠢᠯᠡᠭᠰᠡᠨ ᠵᠠᠭᠪᠤᠷ ᠶᠣᠰᠣᠭᠠᠷ ᠬᠠᠪᠰᠤᠷᠤᠨ ᠲᠡᠳᠬᠦᠵᠦ ᠵᠢᠯᠤᠭᠤᠳᠬᠤ ᠠᠵᠢᠯ ᠢ ᠬᠠᠮᠵᠢᠯᠴᠠᠨ ᠰᠠᠶᠢᠲᠤᠷ ᠬᠢᠵᠦ᠂ ᠵᠤᠷᠪᠤᠰᠯᠠᠨ ᠳᠡᠩᠰᠡᠯᠡᠵᠦ᠂ ᠮᠥᠷᠳᠡᠵᠦ ᠱᠠᠯᠠᠪᠳᠠᠭᠤᠯᠤᠨ ᠭᠦᠢᠴᠡᠳᠬᠡᠵᠦ᠂ ᠲᠥᠷᠥᠯ ᠢᠯᠭᠠᠯ᠂ ᠲᠥᠷᠥᠯ ᠵᠦᠢᠯ ᠤᠨ ᠠᠰᠠᠭᠤᠳᠠᠯ ᠨᠢᠭᠡᠪᠦᠷᠢ ᠪᠠᠷ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠶᠢᠨ ᠨᠠᠶᠢᠳᠠᠪᠤᠷᠵᠢᠭᠤᠯᠤᠯᠳᠠ ᠶᠢ ᠴᠢᠩᠭ᠎ᠠ ᠪᠥᠭᠡᠳ ᠪᠣᠳᠠᠲᠠᠢ ᠪᠠᠷ ᠠᠬᠢᠭᠤᠯᠬᠤ ᠬᠡᠷᠡᠭᠲᠡᠶ︔ ᠨᠢᠭᠡᠨᠲᠡ ᠬᠠᠷᠭᠤᠭᠤᠯᠤᠨ ᠲᠣᠳᠣᠯᠠᠵᠤ᠂ ᠬᠡᠷᠡᠭ ᠪᠣᠯᠭᠠᠨ ᠳᠠᠩᠰᠠᠯᠠᠬᠤ ᠨᠥᠬᠦᠴᠡᠯ ᠳᠤ ᠨᠡᠶᠢᠴᠡᠭᠰᠡᠨ ᠪᠠᠶᠢᠪᠠᠯ᠂ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠶᠣᠰᠣᠭᠠᠷ᠂ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠵᠦ ᠪᠣᠳᠠᠲᠠᠶᠢᠵᠢᠭᠤᠯᠬᠤ ᠬᠡᠷᠡᠭᠲᠡᠶ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号