ᠣᠳᠣ ᠶᠠᠭ ᠵᠠᠷᠯᠠᠨ ᠮᠡᠳᠡᠭᠳᠡᠵᠦ ᠪᠠᠶᠢᠨ᠎ᠠ ︕ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠯᠢᠶᠡᠩᠴᠧᠩ ᠰᠢᠶᠠᠨ ᠤᠯᠤᠰ ᠤᠨ ᠣᠷᠴᠢᠨ ᠲᠣᠭᠤᠷᠢᠨ ᠤ ᠡᠷᠡᠭᠦᠯ ᠮᠠᠨᠳᠤ ᠶᠢᠨ ᠬᠠᠮᠢᠶᠠᠷᠤᠯᠲᠠ ᠶᠢᠨ ᠲᠤᠷᠰᠢᠯᠲᠠ ᠶᠢᠨ ᠴᠡᠭ ᠢᠶᠠᠷ ᠰᠣᠩᠭᠤᠭᠳᠠᠪᠠ
ᠨᠡᠶᠢᠲᠡᠯᠡᠭᠰᠡᠨ ᠴᠠᠭ᠄
2023/9/22
      9 ᠰᠠᠷ᠎ᠠ ᠶᠢᠨ 11 ᠤ ᠡᠳᠦᠷ᠂ ᠠᠮᠢ ᠠᠬᠤᠢ ᠣᠷᠴᠢᠨ ᠲᠣᠭᠤᠷᠢᠨ ᠤ ᠶᠠᠮᠤᠨ 2023 ᠣᠨ ᠤ ᠤᠯᠤᠰ ᠤᠨ ᠣᠷᠴᠢᠨ ᠲᠣᠭᠤᠷᠢᠨ ᠤ ᠡᠷᠡᠭᠦᠯ ᠮᠠᠨᠳᠤ ᠶᠢᠨ ᠬᠠᠮᠢᠶᠠᠷᠤᠯᠲᠠ ᠶᠢᠨ ᠲᠤᠷᠰᠢᠯᠲᠠ ᠶᠢᠨ ᠴᠡᠭ ᠤᠨ ᠨᠡᠷᠡᠰ ᠲᠤ ᠣᠷᠣᠭᠤᠯᠬᠤ ᠪᠠᠷ ᠪᠠᠶᠢᠭ᠎ᠠ ᠨᠡᠷᠡᠰ ᠢ ᠵᠠᠷᠯᠠᠵᠤ᠂ ᠤᠯᠠᠭᠠᠨᠴᠠᠪ ᠬᠤᠲᠠ ᠶᠢᠨ ᠯᠢᠶᠡᠩᠴᠧᠩ ᠰᠢᠶᠠᠨ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠰᠣᠩᠭᠤᠭᠳᠠᠨ ᠣᠷᠣᠭᠰᠠᠨ ᠲᠤᠷᠰᠢᠯᠲᠠ ᠶᠢᠨ ᠴᠡᠭ ᠪᠣᠯᠵᠠᠢ᠃ ᠲᠣᠰ ᠤᠳᠠᠭᠠᠨ ᠤ ᠵᠠᠷᠯᠠᠨ ᠨᠡᠶᠢᠲᠡᠯᠡᠭᠰᠡᠨ ᠨᠡᠷᠡᠰ ᠪᠣᠯ ᠭᠤᠷᠪᠠᠳᠤᠭᠠᠷ ᠪᠦᠯᠦᠭ ᠤᠨ ᠣᠷᠣᠭᠤᠯᠬᠤ ᠪᠠᠷ ᠪᠠᠶᠢᠭ᠎ᠠ ᠬᠤᠲᠠ ᠶᠢᠨ ᠲᠤᠷᠰᠢᠯᠲᠠ ᠶᠢᠨ ᠴᠡᠭ ᠪᠣᠯᠣᠨ᠎ᠠ᠃ ᠤᠯᠤᠰ ᠤᠨ ᠣᠷᠴᠢᠨ ᠲᠣᠭᠤᠷᠢᠨ ᠤ ᠡᠷᠡᠭᠦᠯ ᠮᠠᠨᠳᠤ ᠶᠢᠨ ᠬᠠᠮᠢᠶᠠᠷᠤᠯᠲᠠ ᠶᠢᠨ ᠲᠤᠷᠰᠢᠯᠲᠠ ᠶᠢᠨ ᠴᠡᠭ ᠤᠨ ᠠᠵᠢᠯ ᠪᠣᠯ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠪᠣᠯᠣᠨ ᠡᠷᠡᠭᠦᠯ ᠡᠩᠬᠡ ᠳᠤᠮᠳᠠᠳᠤ ᠤᠯᠤᠰ ᠤᠨ ᠪᠠᠶᠢᠭᠤᠯᠤᠯᠲᠠ ᠶᠢ ᠬᠠᠮᠵᠢᠯᠴᠠᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠠᠷᠪᠠᠨ ᠳᠥᠷᠪᠡᠳᠦᠭᠡᠷ ᠲᠠᠪᠤᠨ ᠵᠢᠯ ᠤᠨ ᠬᠤᠭᠤᠴᠠᠭᠠᠨ ᠳᠤ᠂ ᠪᠦᠬᠦ ᠤᠯᠤᠰ ᠲᠤ 10 — 15 ᠭᠠᠵᠠᠷ ᠣᠷᠣᠨ ᠢ ᠰᠣᠩᠭᠤᠨ ᠣᠷᠴᠢᠨ ᠲᠣᠭᠤᠷᠢᠨ ᠤ ᠡᠷᠡᠭᠦᠯ ᠮᠠᠨᠳᠤ ᠶᠢᠨ ᠬᠠᠮᠢᠶᠠᠷᠤᠯᠲᠠ ᠶᠢᠨ ᠲᠤᠷᠰᠢᠯᠲᠠ ᠬᠢᠵᠦ᠂ ᠣᠷᠴᠢᠨ ᠲᠣᠭᠤᠷᠢᠨ ᠤ ᠡᠷᠡᠭᠦᠯ ᠮᠠᠨᠳᠤ ᠶᠢᠨ ᠳᠦᠷᠢᠮ ᠤᠨ ᠰᠢᠨ᠎ᠡ ᠡᠭᠦᠳᠦᠯᠲᠡ ᠪᠠ ᠮᠡᠷᠭᠡᠵᠢᠯ ᠤᠨ ᠠᠷᠭ᠎ᠠ ᠶᠢᠨ ᠰᠢᠨ᠎ᠡ ᠡᠭᠦᠳᠦᠯᠲᠡ ᠶᠢᠨ ᠲᠣᠭᠤᠷᠢᠨ ᠳᠤ ᠦᠢᠯᠡᠳᠦᠯᠭᠡ ᠶᠢᠨ ᠰᠦᠪᠡᠭᠴᠢᠯᠡᠯᠲᠡ ᠬᠢᠵᠦ᠂ ᠡᠭᠦᠨ ᠳᠤ ᠭᠤᠣᠯᠳᠠᠭᠤ ᠣᠷᠣᠨ ᠪᠦᠰᠡ ᠶᠢᠨ ᠥᠨᠳᠥᠷ ᠣᠷᠴᠢᠨ ᠲᠣᠭᠤᠷᠢᠨ ᠤ ᠡᠷᠡᠭᠦᠯ ᠮᠠᠨᠳᠤ ᠶᠢᠨ ᠲᠦᠭᠰᠢᠭᠦᠷᠢ ᠶᠢᠨ ᠢᠷᠡᠯᠲᠡ ᠶᠢᠨ ᠨᠠᠷᠢᠨ ᠲᠠᠩᠰᠠ ᠶᠢ ᠪᠠᠶᠢᠭᠤᠯᠬᠤ᠂ ᠣᠷᠴᠢᠨ ᠲᠣᠭᠤᠷᠢᠨ ᠤ ᠡᠷᠡᠭᠦᠯ ᠮᠠᠨᠳᠤ ᠶᠢᠨ ᠲᠦᠭᠰᠢᠭᠦᠷᠢ ᠶᠢ ᠬᠢᠨᠠᠨ ᠬᠡᠮᠵᠢᠬᠦ ᠪᠠ ᠦᠨᠡᠯᠡᠨ ᠵᠢᠱᠢᠬᠦ᠂ ᠣᠷᠴᠢᠨ ᠲᠣᠭᠤᠷᠢᠨ ᠤ ᠡᠷᠡᠭᠦᠯ ᠮᠠᠨᠳᠤ ᠶᠢᠨ ᠲᠦᠭᠰᠢᠭᠦᠷᠢ ᠶᠢ ᠣᠷᠣᠨ ᠬᠤᠪᠢᠶᠠᠨ ᠲᠠᠰ ᠬᠤᠪᠢᠶᠠᠨ ᠬᠠᠮᠢᠶᠠᠷᠤᠨ ᠡᠵᠡᠮᠳᠡᠬᠦ ᠶᠢ ᠠᠬᠢᠭᠤᠯᠬᠤ᠂ ᠣᠷᠴᠢᠨ ᠲᠣᠭᠤᠷᠢᠨ ᠤ ᠡᠷᠡᠭᠦᠯ ᠮᠠᠨᠳᠤ ᠶᠢᠨ ᠠᠮᠢ ᠠᠬᠤᠢ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠳᠠᠬᠢ ᠬᠥᠲᠥᠯᠥᠨ ᠳᠠᠭᠠᠭᠤᠯᠬᠤ ᠦᠢᠯᠡᠳᠦᠯ ᠢ ᠴᠢᠩᠭᠠᠳᠬᠠᠬᠤ᠂ ︽ᠣᠷᠴᠢᠨ ᠲᠣᠭᠤᠷᠢᠨ ᠤ ᠡᠷᠡᠭᠦᠯ ᠮᠠᠨᠳᠤ +︾ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠪᠠ ᠰᠠᠭᠤᠭᠠᠯᠢ ᠠᠷᠠᠳ ᠤᠨ ᠣᠷᠴᠢᠨ ᠲᠣᠭᠤᠷᠢᠨ ᠤ ᠡᠷᠡᠭᠦᠯ ᠮᠠᠨᠳᠤ ᠶᠢᠨ ᠬᠡᠪ ᠪᠣᠯᠪᠠᠰᠤᠷᠠᠯ ᠢ ᠶᠡᠬᠡᠪᠡᠷ ᠳᠡᠭᠡᠭᠰᠢᠯᠡᠭᠦᠯᠬᠦ ᠵᠡᠷᠭᠡ 6 ᠲᠠᠯ᠎ᠠ ᠶᠢᠨ ᠡᠭᠦᠷᠭᠡ ᠪᠠᠭᠲᠠᠨ᠎ᠠ᠃ ᠣᠷᠴᠢᠨ ᠲᠣᠭᠤᠷᠢᠨ ᠤ ᠡᠷᠡᠭᠦᠯ ᠮᠠᠨᠳᠤ ᠶᠢᠨ ᠬᠠᠮᠢᠶᠠᠷᠤᠯᠲᠠ ᠤᠯᠠᠨ ᠲᠠᠰ ᠳᠠᠪᠬᠤᠷᠭ᠎ᠠ ᠶᠢᠨ᠂ ᠤᠯᠠᠨ ᠶᠠᠩᠵᠤ ᠶᠢᠨ ᠪᠠ ᠣᠨᠴᠠᠯᠢᠭᠲᠤ ᠬᠥᠭᠵᠢᠯᠲᠡ ᠶᠢ ᠪᠡᠶᠡᠯᠡᠭᠦᠯᠪᠡ᠃ ᠣᠶᠢᠷ᠎ᠠ ᠶᠢᠨ ᠵᠢᠯ ᠳᠤ᠂ ᠤᠯᠠᠭᠠᠨᠴᠠᠪ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠤᠯᠤᠰ ᠤᠨ ᠣᠷᠴᠢᠨ ᠲᠣᠭᠤᠷᠢᠨ ᠤ ᠡᠷᠡᠭᠦᠯ ᠮᠠᠨᠳᠤ ᠶᠢᠨ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠣᠷᠴᠢᠨ ᠲᠣᠭᠤᠷᠢᠨ ᠤ ᠡᠷᠡᠭᠦᠯ ᠮᠠᠨᠳᠤ ᠶᠢᠨ ᠠᠵᠢᠯ ᠤᠨ ᠲᠥᠯᠦᠪᠵᠢᠭᠦᠯᠭᠡ ︾ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠤᠯᠤᠰ ᠤᠨ ᠣᠷᠴᠢᠨ ᠲᠣᠭᠤᠷᠢᠨ ᠤ ᠡᠷᠡᠭᠦᠯ ᠮᠠᠨᠳᠤ ᠶᠢᠨ ᠬᠠᠮᠢᠶᠠᠷᠤᠯᠲᠠ ᠶᠢᠨ ᠲᠤᠷᠰᠢᠯᠲᠠ ᠶᠢᠨ ᠴᠡᠭ ᠤᠨ ᠪᠠᠲᠤᠯᠠᠨ ᠲᠠᠨᠢᠯᠴᠠᠭᠤᠯᠬᠤ ᠪᠠ ᠭᠤᠶᠤᠴᠢᠯᠠᠨ ᠮᠡᠳᠡᠭᠦᠯᠬᠦ ᠠᠵᠢᠯ ᠢ ᠢᠳᠡᠪᠬᠢᠲᠡᠢ ᠥᠷᠨᠢᠭᠦᠯᠵᠦ᠂ ᠠᠷᠠᠳ ᠲᠦᠮᠡᠨ ᠤ ᠪᠡᠶ᠎ᠡ ᠰᠡᠳᠬᠢᠯ ᠤᠨ ᠡᠷᠡᠭᠦᠯ ᠮᠠᠨᠳᠤ ᠶᠢᠨ ᠣᠨᠣᠯᠵᠢᠬᠤᠨ ᠢ ᠠᠮᠢ ᠠᠬᠤᠢ ᠣᠷᠴᠢᠨ ᠲᠣᠭᠤᠷᠢᠨ ᠤ ᠪᠥᠬᠦ ᠲᠠᠯ᠎ᠠ ᠶᠢᠨ ᠠᠵᠢᠯ ᠳᠤ ᠠᠭᠤᠰᠤᠯᠴᠠᠭᠤᠯᠬᠤ ᠶᠢ ᠪᠠᠲᠤᠯᠠᠪᠠ᠃ ᠲᠠᠷᠠᠭᠠᠴᠢ ᠶᠢᠨ ᠠᠯᠬᠤᠮ ᠳᠤ᠂ ᠲᠤᠷᠰᠢᠯᠲᠠ ᠶᠢᠨ ᠴᠡᠭ ᠤᠨ ᠠᠵᠢᠯ ᠤᠨ ᠲᠥᠰᠥᠯ ᠤᠨ ᠲᠥᠯᠦᠪᠵᠢᠭᠦᠯᠭᠡ ᠶᠢᠨ ᠲᠤᠷᠰᠢᠯᠲᠠ ᠶᠢᠨ ᠬᠠᠷᠠᠯᠲᠠ ᠪᠠ ᠠᠵᠢᠯ ᠤᠨ ᠡᠭᠦᠷᠭᠡ ᠶᠣᠰᠣᠭᠠᠷ᠂ ᠳᠦᠷᠢᠮ ᠤᠨ ᠪᠠᠶᠢᠭᠤᠯᠤᠯᠲᠠ ᠪᠠ ᠲᠥᠷᠥ ᠶᠢᠨ ᠪᠣᠳᠣᠯᠭ᠎ᠠ ᠶᠢᠨ ᠬᠠᠮᠵᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠦᠵᠡᠰᠬᠦᠯᠡᠩᠲᠦ ᠰᠠᠶᠢᠬᠠᠨ ᠤᠯᠠᠭᠠᠨᠴᠠᠪ ᠤᠨ ᠪᠠᠶᠢᠭᠤᠯᠤᠯᠲᠠ ᠶᠢᠨ ᠠᠮᠢᠳᠤᠯᠢᠭ ᠦᠢᠯᠡᠳᠦᠯᠭᠡ ᠶᠢ ᠴᠢᠷᠮᠠᠶᠢᠨ ᠪᠢᠴᠢᠭᠯᠡᠨ᠎ᠡ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号