ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠲᠢᠩᠬᠢᠮ ᠲᠤᠰᠬᠠᠢ ᠬᠥᠮᠥᠨ ᠲᠣᠮᠢᠯᠠᠨ ᠠᠭᠤᠷ ᠠᠮᠢᠰᠬᠤᠯ ᠤᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠬᠢᠭᠡᠳ ᠨᠠᠭᠦᠷᠡᠰᠦᠲᠦ᠋ᠷᠦᠭᠴᠢ ᠶᠢᠨ ᠮᠥᠩᠭᠦᠨ ᠭᠦᠢᠯᠭᠡᠭᠡᠨ ᠤ ᠲᠤᠰᠬᠠᠢ ᠰᠡᠳᠦᠪᠲᠦ ᠪᠤᠯᠪᠠᠰᠤᠷᠠᠯ ᠳᠤ ᠣᠷᠣᠯᠴᠠᠭᠤᠯᠪᠠ
ᠨᠡᠶᠢᠲᠡᠯᠡᠭᠰᠡᠨ ᠴᠠᠭ᠄
2023/9/25
      ᠶᠢᠰᠦᠳᠦᠭᠡᠷ ᠤᠳᠠᠭᠠᠨ ᠤ ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠭᠤᠷ ᠠᠮᠢᠰᠬᠤᠯ ᠤᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠬᠢᠭᠡᠳ ᠨᠠᠭᠦᠷᠡᠰᠦᠲᠦ᠋ᠷᠦᠭᠴᠢ ᠶᠢᠨ ᠮᠥᠩᠭᠦᠨ ᠭᠦᠢᠯᠭᠡᠭᠡᠨ ᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠤᠯᠠᠮ ᠴᠢᠨᠠᠭᠰᠢᠳᠠ ᠠᠬᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠠᠴᠠ ᠬᠥᠮᠥᠨ ᠲᠣᠮᠢᠯᠠᠨ ᠠᠮᠢ ᠠᠬᠤᠢ ᠣᠷᠴᠢᠨ ᠲᠣᠭᠤᠷᠢᠨ ᠤ ᠶᠠᠮᠤᠨ ᠤ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠵᠤᠷᠭᠠᠨ ᠠᠴᠠ ᠭᠤᠣᠯᠯᠠᠨ ᠡᠷᠬᠢᠯᠡᠵᠤ᠂ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠳᠤᠮᠳᠠᠳᠤ ᠠᠩᠭ᠍ᠯᠢ ᠶᠢᠨ ᠤᠯᠠᠨ ᠤᠯᠤᠰ ᠤᠨ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠳᠡᠭᠡᠳᠦ ᠰᠤᠷᠭᠠᠭᠤᠯᠢ ᠶᠢᠨ ᠳᠠᠭᠠᠭᠠᠨ ᠡᠷᠬᠢᠯᠡᠭᠰᠡᠨ ︽ᠠᠭᠤᠷ ᠠᠮᠢᠰᠬᠤᠯ ᠤᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠪᠣᠯᠣᠨ ᠨᠠᠭᠦᠷᠡᠰᠦᠲᠦ᠋ᠷᠦᠭᠴᠢ ᠶᠢᠨ ᠮᠥᠩᠭᠦᠨ ᠭᠦᠢᠯᠭᠡᠭᠡᠨ ᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ︾ ᠳᠤ ᠣᠷᠣᠯᠴᠠᠭᠤᠯᠪᠠ᠃ ᠲᠣᠰ ᠤᠳᠠᠭᠠᠨ ᠤ ᠪᠤᠯᠪᠠᠰᠤᠷᠠᠯ ᠨᠢ ᠭᠤᠣᠯᠳᠠᠭᠤ ᠠᠭᠤᠷ ᠠᠮᠢᠰᠬᠤᠯ ᠤᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠪᠦᠬᠦᠯᠢ ᠴᠣᠭᠴᠠ ᠶᠢᠨ ᠠᠵᠢᠯ᠂ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ ᠠᠭᠤᠷ ᠠᠮᠢᠰᠬᠤᠯ ᠤᠨ ᠬᠤᠪᠢᠷᠠᠯᠲᠠ ᠶᠢ ᠢᠳᠡᠪᠬᠢᠲᠡᠢ ᠠᠷᠭᠠᠴᠠᠭᠠᠬᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠭᠤᠷ ᠠᠮᠢᠰᠬᠤᠯ ᠤᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠰᠢᠨᠡᠴᠢᠯᠡᠯᠲᠡ ᠪᠠ ᠦᠢᠯᠡᠳᠦᠯᠭᠡ᠂ ᠠᠭᠤᠷ ᠠᠮᠢᠰᠬᠤᠯ ᠤᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠲᠤᠷᠰᠢᠯᠲᠠ ᠶᠢᠨ ᠦᠷ᠎ᠡ ᠪᠦᠲᠦᠮᠵᠢ ᠶᠢ ᠦᠨᠡᠯᠡᠨ ᠵᠢᠱᠢᠬᠦ ᠪᠣᠷᠣ ᠲᠥᠯᠥᠪ ᠪᠠ ᠵᠠᠭᠪᠤᠷ᠂ ᠠᠭᠤᠷ ᠠᠮᠢᠰᠬᠤᠯ ᠤᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠲᠥᠷᠥᠯ ᠵᠦᠢᠯ ᠤᠨ ᠬᠥᠮᠥᠷᠭᠡ ᠵᠢᠴᠢ ᠲᠥᠷᠥᠯ ᠵᠦᠢᠯ ᠢ ᠰᠢᠯᠢᠨ ᠰᠣᠩᠭᠤᠬᠤ ᠪᠠᠷᠢᠮᠵᠢᠶ᠎ᠠ ᠵᠡᠷᠭᠡ ᠠᠭᠤᠯᠭ᠎ᠠ ᠶᠢᠨ ᠲᠣᠭᠤᠷᠢᠨ ᠳᠤ ᠶᠠᠪᠤᠭᠳᠠᠵᠤ᠂ ᠪᠤᠯᠪᠠᠰᠤᠷᠠᠯ ᠳᠤ ᠣᠷᠣᠯᠴᠠᠭᠰᠠᠳ ᠬᠢᠴᠢᠶᠡᠯ ᠰᠣᠨᠣᠰᠬᠤ᠂ ᠰᠡᠳᠬᠢᠬᠦ᠂ ᠶᠠᠷᠢᠯᠴᠠᠬᠤ᠂ ᠰᠣᠯᠢᠯᠴᠠᠬᠤ᠂ ᠥᠪᠡᠷ ᠢᠶᠠᠨ ᠰᠤᠷᠤᠯᠴᠠᠬᠤ ᠵᠡᠷᠭᠡ ᠶᠢ ᠤᠶᠠᠯᠳᠤᠭᠤᠯᠬᠤ ᠪᠠᠷ ᠳᠡᠮᠵᠢᠨ᠂ ᠦᠵᠡᠯ ᠰᠠᠨᠠᠭ᠎ᠠ ᠲᠠᠨᠢᠯᠲᠠ ᠪᠠ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠤ ᠬᠠᠮᠲᠤ ᠪᠠᠰᠠ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠬᠢᠭᠡᠳ ᠪᠤᠰᠤᠳ ᠮᠤᠵᠢ ᠬᠤᠲᠠ ᠶᠢᠨ ᠬᠤᠭᠤᠷᠤᠨᠳᠤᠬᠢ ᠠᠵᠢᠯ ᠤᠨ ᠰᠣᠯᠢᠯᠴᠠᠭ᠎ᠠ ᠶᠢ ᠠᠬᠢᠭᠤᠯᠤᠭᠰᠠᠨ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号