ᠲᠤᠬᠠᠢ ᠶᠢᠨ ᠲᠠᠯᠠᠪᠤᠷ ᠲᠤ ᠬᠠᠪᠰᠤᠷᠤᠨ ᠲᠡᠳᠬᠦᠵᠦ ︽ᠨᠢᠭᠡ ᠶᠢ ᠵᠠᠰᠠᠵᠤ ᠭᠤᠷᠪᠠ ᠶᠢ ᠬᠤᠪᠢᠷᠠᠭᠤᠯᠬᠤ︾ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠤᠷᠤᠭᠰᠢᠲᠠᠢ ᠶᠠᠪᠤᠭᠳᠠᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2023/9/26
      ︽ᠪᠤᠭᠤᠲᠤ ᠬᠤᠲᠠ ᠶᠢᠨ 2023 ᠣᠨ ᠤ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠠᠵᠢᠯᠯᠠᠭᠠᠨ ᠤ ᠲᠥᠰᠥᠯ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ᠂ ᠬᠥᠷᠥᠰᠥ ᠰᠢᠷᠣᠢ᠂ ᠭᠠᠵᠠᠷ ᠳᠣᠣᠷᠠᠬᠢ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠪᠤᠭᠤᠲᠤ ᠬᠤᠳᠠ ᠶᠢᠨ ᠬᠢᠨ ᠬᠥᠷᠥᠰᠥ ᠰᠢᠷᠣᠢ ᠶᠢᠨ ᠪᠣᠬᠢᠷᠲᠤᠯ ᠢ ᠭᠤᠣᠯᠳᠠᠯᠭ᠎ᠠ ᠲᠠᠢ ᠬᠢᠨᠠᠨ ᠬᠠᠮᠢᠶᠠᠷᠬᠤ ᠨᠢᠭᠡᠴᠢ ᠳᠤ ᠦᠨᠡᠨ ᠬᠦ ᠦᠢᠯᠡᠴᠢᠯᠡᠵᠦ᠂ 9 ᠰᠠᠷ᠎ᠠ ᠶᠢᠨ 11 ᠤ ᠡᠳᠦᠷ ᠪᠠ 13 ᠤ ᠡᠳᠦᠷ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠳᠡᠳ᠋ ᠳᠠᠷᠤᠭ᠎ᠠ ᠵᠠᠩ ᠴᠢᠩ ᠳᠠᠭᠠᠭᠤᠯᠤᠨ᠂ ᠬᠥᠷᠥᠰᠥ ᠰᠢᠷᠣᠢ ᠶᠢᠨ ᠠᠮᠢ ᠠᠬᠤᠢ ᠣᠷᠴᠢᠨ ᠲᠣᠭᠤᠷᠢᠨ ᠤ ᠰᠠᠯᠠᠭ᠎ᠠ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ᠂ ᠮᠡᠷᠭᠡᠵᠢᠯ ᠤᠨ ᠪᠠᠲᠤᠯᠠᠭ᠎ᠠ ᠶᠢᠨ ᠲᠥᠪ ᠵᠢᠴᠢ ᠡᠯ᠎ᠡ ᠬᠠᠮᠢᠶ᠎ᠠ ᠪᠦᠬᠦᠢ ᠬᠥᠷᠥᠰᠥ ᠰᠢᠷᠣᠢ ᠶᠢᠨ ᠪᠣᠬᠢᠷᠲᠤᠯ ᠢ ᠭᠤᠣᠯᠳᠠᠯᠭ᠎ᠠ ᠲᠠᠢ ᠬᠢᠨᠠᠨ ᠬᠠᠮᠢᠶᠠᠷᠬᠤ ᠨᠢᠭᠡᠴᠢ ᠲᠠᠢ ᠬᠠᠮᠲᠤᠷᠠᠨ ᠠᠵᠤ ᠠᠬᠤᠶᠢᠯᠠᠯ ᠤᠨ ᠲᠤᠬᠠᠢ ᠶᠢᠨ ᠲᠠᠯᠠᠪᠤᠷ ᠲᠤ ᠬᠠᠪᠰᠤᠷᠤᠨ ᠲᠡᠳᠬᠦᠬᠦ ᠠᠵᠢᠯ ᠢ ᠥᠷᠨᠢᠭᠦᠯᠪᠡ᠃ ᠪᠤᠭᠤᠲᠤ ᠬᠤᠳᠠ ︽ᠬᠤᠪᠣᠷ ᠰᠢᠷᠣᠢ ᠶᠢᠨ ᠬᠤᠳᠠ︾ ᠪᠣᠯᠤᠭᠰᠠᠨ ᠤ ᠬᠤᠪᠢ ᠳᠤ᠂ ᠬᠤᠪᠣᠷ ᠰᠢᠷᠣᠢ ᠶᠢᠨ ᠬᠠᠳᠠᠭᠠᠯᠠᠭᠳᠠᠴᠠ ᠪᠣᠯᠣᠨ ᠲᠡᠮᠦᠷᠯᠢᠭ ᠬᠠᠶᠢᠯᠤᠭᠤᠯᠬᠤ ᠶᠢ ᠰᠠᠯᠭᠠᠬᠤ ᠦᠢᠯᠡᠳᠪᠦᠷᠢᠯᠡᠯ ᠤᠨ ᠴᠢᠳᠠᠪᠤᠷᠢ ᠳᠡᠯᠡᠬᠡᠢ ᠶᠢᠨ ᠨᠢᠭᠡᠳᠦᠭᠡᠷ ᠲᠤ ᠣᠷᠣᠵᠤ᠂ ᠬᠤᠪᠣᠷ ᠰᠢᠷᠣᠢ ᠶᠢᠨ ᠲᠦᠭᠦᠬᠡᠢ ᠮᠠᠲ᠋ᠧᠷᠢᠶᠠᠯ ᠤᠨ ᠬᠠᠩᠭᠠᠯᠭ᠎ᠠ ᠶᠢᠨ ᠪᠠᠲᠤᠯᠠᠪᠤᠷᠢ ᠶᠢᠨ ᠲᠠᠯ᠎ᠠ ᠪᠠᠷ ᠬᠠᠷᠢᠴᠠᠯᠠᠰᠢᠭᠦᠢ ᠳᠠᠪᠠᠭᠤᠯᠢᠭ ᠢ ᠡᠵᠡᠯᠡᠵᠦ᠂ ᠣᠳᠣᠬᠠᠨ ᠳᠤ ᠬᠤᠪᠣᠷ ᠰᠢᠷᠣᠢ ᠶᠢᠨ ᠠᠵᠤ ᠦᠢᠯᠡᠰ ᠨᠢ ᠨᠢᠭᠡᠨᠲᠡ ᠲᠦᠭᠦᠬᠡᠢ ᠠᠭᠤᠷᠬᠠᠢ ᠶᠢ ᠨᠡᠭᠡᠭᠡᠨ ᠮᠠᠯᠲᠠᠵᠤ ᠰᠣᠩᠭᠤᠨ ᠬᠠᠶᠢᠯᠤᠭᠤᠯᠬᠤ ᠶᠢ ᠰᠠᠯᠭᠠᠬᠤ ᠠᠴᠠ ᠴᠢᠳᠠᠪᠬᠢᠲᠤ ᠮᠠᠲ᠋ᠧᠷᠢᠶᠠᠯ ᠤᠨ ᠦᠵᠦᠭᠦᠷ ᠲᠤ ᠬᠡᠷᠡᠭᠯᠡᠬᠦ ᠬᠦᠷᠲᠡᠯᠡᠬᠢ ᠪᠦᠷᠢᠨ ᠪᠦᠲᠦᠨ ᠠᠵᠤ ᠦᠢᠯᠡᠰ ᠤᠨ ᠰᠢᠰᠲ᠋ᠥᠮ ᠢ ᠪᠦᠷᠢᠯᠳᠦᠭᠦᠯᠵᠡᠢ᠃ 2022 ᠣᠨ ᠳᠤ ᠪᠤᠭᠤᠲᠤ ᠬᠤᠲᠠ ᠶᠢᠨ ᠬᠤᠪᠣᠷ ᠰᠢᠷᠣᠢ ᠶᠢᠨ ᠠᠵᠢᠯ ᠲᠥᠷᠥᠯ ᠤᠨ ᠬᠢᠨ 677.5 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ ᠲᠡᠦᠬᠡ ᠶᠢᠨ ᠰᠢᠨ᠎ᠡ ᠲᠡᠮᠳᠡᠭᠯᠡᠯ ᠳᠤ ᠬᠥᠷᠪᠡ᠃ ᠭᠡᠲᠡᠯ᠎ᠡ ᠬᠤᠪᠣᠷ ᠰᠢᠷᠣᠢ ᠶᠢᠨ ᠠᠵᠢᠯ ᠲᠥᠷᠥᠯ ᠳᠡᠭᠡᠳᠦ ᠬᠤᠷᠳᠤᠴᠠ ᠪᠠᠷ ᠬᠥᠭᠵᠢᠬᠦ ᠶᠢᠨ ᠵᠡᠷᠭᠡ ᠳᠤ᠂ ᠬᠤᠪᠣᠷ ᠰᠢᠷᠣᠢ ᠶᠢᠨ ᠨᠡᠭᠡᠭᠡᠨ ᠠᠰᠢᠭᠯᠠᠯᠲᠠ ᠠᠴᠠ ᠪᠣᠯᠤᠭᠰᠠᠨ ᠬᠥᠷᠥᠰᠥ ᠰᠢᠷᠣᠢ᠂ ᠭᠠᠵᠠᠷ ᠳᠣᠣᠷᠠᠬᠢ ᠤᠰᠤᠨ ᠤ ᠪᠣᠬᠢᠷᠲᠤᠯ ᠤᠨ ᠲᠦᠭᠰᠢᠭᠦᠷᠢ ᠴᠦ ᠳᠠᠭᠠᠯᠳᠤᠨ ᠨᠡᠮᠡᠭᠳᠡᠭᠰᠡᠨ ᠪᠠᠶᠢᠨ᠎ᠠ᠃ ᠡᠶᠢᠮᠦ ᠠᠴᠠ᠂ ᠪᠤᠭᠤᠲᠤ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠬᠢᠭᠡᠳ ᠬᠠᠷᠢᠶ᠎ᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠢ ᠤᠷᠢᠵᠤ ᠮᠡᠷᠭᠡᠵᠢᠯ᠂ ᠲᠥᠷᠥ ᠶᠢᠨ ᠪᠣᠳᠣᠯᠭ᠎ᠠ᠂ ᠦᠢᠯᠡᠴᠢᠯᠡᠭᠡ ᠶᠢ ᠠᠵᠤ ᠠᠬᠤᠶᠢᠯᠠᠯ ᠳᠤ ᠬᠦᠷᠭᠡᠵᠦ᠂ ᠬᠥᠨᠳᠡᠯᠡᠨ ᠲᠣᠭᠤᠷᠢᠭ ᠤᠨ ᠪᠤᠭᠤᠲᠤ ᠬᠤᠲᠠ ᠶᠢᠨ ᠬᠤᠸᠠ ᠮᠧᠢ ᠬᠤᠪᠣᠷ ᠰᠢᠷᠣᠢ ᠶᠢᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠤᠮᠠᠷᠠᠲᠤ ᠶᠢᠨ ᠬᠤᠪᠣᠷ ᠰᠢᠷᠣᠢ ︵ᠪᠦᠯᠦᠭᠯᠡᠯ︶ ᠶᠢᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠲᠡᠮᠦᠷᠯᠢᠭ ᠪᠣᠯᠪᠠᠰᠤᠷᠠᠭᠤᠯᠬᠤ ᠬᠤᠪᠢᠶᠠᠷᠢ ᠺᠣᠮᠫᠠᠨᠢ ᠵᠢᠴᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠥᠪᠥᠷ ᠮᠣᠩᠭᠤᠯ ᠤᠨ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠪᠠ ᠬᠤᠪᠣᠷ ᠰᠢᠷᠣᠢ ᠶᠢᠨ ᠬᠢᠵᠠᠭᠠᠷᠲᠤ ᠺᠣᠮᠫᠠᠨᠢ ᠶᠢᠨ ᠵᠢᠦᠢ ᠹᠧᠩ ᠬᠤᠪᠣᠷ ᠰᠢᠷᠣᠢ ᠶᠢᠨ ᠬᠤᠪᠢᠶᠠᠷᠢ ᠺᠣᠮᠫᠠᠨᠢ ᠵᠡᠷᠭᠡ 6 ᠠᠵᠤ ᠠᠬᠤᠶᠢᠯᠠᠯ ᠢ ᠲᠤᠬᠠᠢ ᠶᠢᠨ ᠲᠠᠯᠠᠪᠤᠷ ᠲᠤᠨᠢ ᠬᠠᠪᠰᠤᠷᠤᠨ ᠲᠡᠳᠬᠦᠵᠦ ᠵᠢᠭᠠᠨ ᠵᠢᠯᠣᠭᠤᠳᠪᠠ᠃ ᠲᠣᠰ ᠤᠳᠠᠭ᠎ᠠ ᠬᠠᠪᠰᠤᠷᠤᠨ ᠲᠡᠳᠬᠦᠬᠦ ᠲᠠᠯ᠎ᠠ ᠪᠠᠷ ᠭᠤᠣᠯᠳᠠᠭᠤ ᠬᠥᠷᠥᠰᠥ ᠰᠢᠷᠣᠢ ᠶᠢᠨ ᠪᠣᠬᠢᠷᠲᠤᠯ ᠢ ᠭᠤᠣᠯᠳᠠᠯᠭ᠎ᠠ ᠲᠠᠢ ᠬᠢᠨᠠᠨ ᠬᠠᠮᠢᠶᠠᠷᠬᠤ ᠨᠢᠭᠡᠴᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠵᠢᠴᠢ ︽ᠡᠷᠬᠢᠨ ᠬᠠᠷᠠᠬᠤ︾᠂ ᠬᠥᠷᠥᠰᠥ ᠰᠢᠷᠣᠢ ᠵᠢᠴᠢ ᠭᠠᠵᠠᠷ ᠳᠣᠣᠷᠠᠬᠢ ᠤᠰᠤ ᠶᠢ ᠥᠪᠡᠰᠦᠪᠡᠨ ᠬᠢᠨᠠᠨ ᠬᠡᠮᠵᠢᠬᠦ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠣᠶᠢᠯᠠᠭᠠᠬᠤ ᠵᠢᠴᠢ ᠠᠵᠤ ᠠᠬᠤᠶᠢᠯᠠᠯ ᠤᠨ ︽ᠦᠢᠯᠡᠳᠪᠦᠷᠢᠯᠡᠬᠦ ᠶᠢᠨ ᠳᠠᠭᠠᠤ ᠵᠠᠰᠠᠬᠤ︾ ᠶᠠᠪᠤᠴᠠ ᠳᠤ ᠬᠥᠷᠥᠰᠥ ᠰᠢᠷᠣᠢ ᠶᠢᠨ ᠪᠣᠬᠢᠷᠲᠤᠯ ᠢ ᠤᠷᠢᠳᠴᠢᠯᠠᠨ ᠰᠡᠷᠭᠡᠶᠢᠯᠡᠬᠦ ᠳᠤ ᠭᠤᠣᠯᠳᠠᠯᠭ᠎ᠠ ᠲᠠᠢ ᠬᠠᠪᠰᠤᠷᠤᠨ ᠲᠡᠳᠬᠦᠪᠡ᠃ ᠦᠢᠯᠡᠳᠪᠦᠷᠢᠯᠡᠵᠦ ᠪᠠᠶᠢᠭ᠎ᠠ ᠠᠵᠤ ᠠᠬᠤᠶᠢᠯᠠᠯ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠰᠬᠠᠢ ᠵᠦᠢᠯ ᠤᠨ ᠪᠡᠯᠡ ᠮᠥᠩᠭᠦ ᠶᠢᠨ ᠲᠥᠷᠥᠯ ᠵᠦᠢᠯ ᠤᠨ ᠨᠥᠭᠡᠴᠡᠯᠡᠬᠦ ᠬᠥᠮᠥᠷᠭᠡ ᠶᠢ ᠬᠥᠮᠥᠷᠭᠡ ᠳᠤ ᠣᠷᠣᠭᠤᠯᠬᠤ ᠵᠦᠭᠯᠡᠭᠦᠷ ︵2022 ᠣᠨ︶︾ ᠶᠣᠰᠣᠭᠠᠷ ᠲᠥᠷᠥᠯ ᠵᠦᠢᠯ ᠭᠤᠶᠤᠴᠢᠯᠠᠨ ᠮᠡᠳᠡᠭᠦᠯᠬᠦ ᠶᠢ ᠬᠠᠪᠰᠤᠷᠤᠨ ᠵᠢᠯᠣᠭᠤᠳᠪᠠ︔ ᠦᠢᠯᠡᠳᠪᠦᠷᠢᠯᠡᠯ ᠤᠨ ᠤᠷ᠎ᠠ ᠮᠡᠷᠭᠡᠰᠢᠯ᠂ ᠲᠣᠨᠤᠭ ᠲᠥᠬᠦᠭᠡᠷᠦᠮᠵᠢ ᠶᠢ ᠳᠡᠰ ᠳᠡᠪᠰᠢᠭᠦᠯᠦᠨ ᠥᠭᠡᠷᠡᠴᠢᠯᠡᠬᠦ᠂ ᠪᠣᠬᠢᠷᠲᠤᠯ ᠢ ᠵᠠᠰᠠᠬᠤ ᠲᠥᠬᠦᠭᠡᠷᠦᠮᠵᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ᠂ ᠪᠣᠬᠢᠷᠲᠤᠯ ᠦᠭᠡᠢ ᠪᠣᠯᠭᠠᠨ ᠥᠭᠡᠷᠡᠴᠢᠯᠡᠬᠦ᠂ ᠪᠣᠬᠢᠷᠲᠤᠯ ᠭᠠᠳᠠᠭᠰᠢᠯᠠᠭᠤᠯᠬᠤ ᠭᠠᠵᠠᠷ ᠢ ᠴᠡᠭᠴᠡᠯᠡᠨ ᠵᠠᠰᠠᠬᠤ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠪᠠ᠃ ᠲᠣᠰ ᠤᠳᠠᠭᠠᠨ ᠤ ᠬᠠᠪᠰᠤᠷᠤᠨ ᠲᠡᠳᠬᠦᠬᠦ ᠠᠵᠢᠯ ᠢ ᠥᠷᠨᠢᠭᠦᠯᠦᠭᠰᠡᠨ ᠪᠥᠭᠡᠳ ᠠᠰᠠᠭᠤᠳᠠᠯ ᠢ ᠰᠢᠢᠳᠪᠦᠷᠢᠯᠡᠬᠦ ᠠᠴᠠ ᠭᠠᠷᠳᠠᠵᠤ᠂ ᠪᠤᠭᠤᠲᠤ ᠬᠤᠲᠠ ᠶᠢᠨ ᠭᠠᠵᠠᠷ ᠳᠣᠣᠷᠠᠬᠢ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ᠂ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠦᠨᠡᠨ ᠬᠦ ᠠᠬᠢᠭᠤᠯᠵᠤ᠂ ︽ᠡᠷᠬᠢᠨ ᠬᠠᠷᠠᠬᠤ︾ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠳᠤ ᠬᠦᠴᠦᠨ ᠨᠡᠮᠡᠷᠢᠯᠡᠵᠦ᠂ ᠪᠥᠬᠦ ᠬᠤᠲᠠ ᠶᠢᠨ ︽ᠨᠢᠭᠡ ᠶᠢ ᠵᠠᠰᠠᠵᠤ ᠭᠤᠷᠪᠠ ᠶᠢ ᠬᠤᠪᠢᠷᠠᠭᠤᠯᠬᠤ︾ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠤᠷᠤᠭᠰᠢᠲᠠᠢ ᠶᠠᠪᠤᠭᠳᠠᠬᠤ ᠳᠤ ᠠᠬᠢᠭᠤᠯᠬᠤ ᠦᠢᠯᠡᠳᠦᠯ ᠦᠵᠡᠭᠦᠯᠪᠡ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号