ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠲᠢᠩᠬᠢᠮ ᠪᠦᠬᠦ ᠣᠷᠣᠨ ᠤ ᠬᠥᠷᠥᠰᠥ ᠰᠢᠷᠣᠢ᠂ ᠭᠠᠵᠠᠷ ᠳᠣᠣᠷᠠᠬᠢ ᠤᠰᠤ ᠪᠣᠯᠣᠨ ᠮᠠᠯᠵᠢᠬᠤ ᠲᠠᠷᠢᠶᠠᠯᠠᠬᠤ ᠣᠷᠣᠨ ᠤ ᠪᠣᠬᠢᠷᠲᠤᠯ ᠢ ᠰᠡᠷᠭᠡᠶᠢᠯᠡᠨ ᠵᠠᠰᠠᠬᠤ ᠪᠣᠯᠪᠠᠰᠤᠷᠠᠯ ᠤᠨ ᠠᠩᠭᠢ ᠡᠷᠬᠢᠯᠠᠪᠠ
ᠨᠡᠶᠢᠲᠡᠯᠡᠭᠰᠡᠨ ᠴᠠᠭ᠄
2023/9/26
      2023 ᠣᠨ ᠤ 9 ᠰᠠᠷ᠎ᠠ ᠶᠢᠨ 5 ᠤ ᠡᠳᠦᠷ ᠠᠴᠠ 8 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠠᠴᠠ ᠭᠤᠣᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠬᠢᠭᠡᠳ ᠬᠥᠷᠥᠰᠥ ᠰᠢᠷᠣᠢ ᠶᠢᠨ ᠠᠮᠢ ᠠᠬᠤᠢ ᠣᠷᠴᠢᠨ ᠲᠣᠭᠤᠷᠢᠨ ᠤ ᠮᠡᠷᠭᠡᠵᠢᠯ ᠤᠨ ᠲᠥᠪ ᠠᠴᠠ ᠳᠠᠭᠠᠭᠠᠨ ᠡᠷᠭᠢᠯᠡᠭᠰᠡᠨ 2023 ᠣᠨ ᠤ ᠪᠥᠬᠦ ᠣᠷᠣᠨ ᠤ ᠬᠥᠷᠥᠰᠥ ᠰᠢᠷᠣᠢ᠂ ᠭᠠᠵᠠᠷ ᠳᠣᠣᠷᠠᠬᠢ ᠤᠰᠤ ᠪᠠ ᠮᠠᠯᠵᠢᠬᠤ ᠲᠠᠷᠢᠶᠠᠯᠠᠬᠤ ᠣᠷᠣᠨ ᠤ ᠪᠣᠬᠢᠷᠲᠤᠯ ᠢ ᠰᠡᠷᠭᠡᠶᠢᠯᠡᠨ ᠵᠠᠰᠠᠬᠤ ᠪᠤᠯᠪᠠᠰᠤᠷᠠᠯ ᠤᠨ ᠠᠩᠭᠢ ᠶᠢ ᠬᠥᠬᠡᠬᠤᠲᠠ ᠳᠤ ᠡᠷᠭᠢᠯᠡᠵᠦ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ᠤ ᠠᠮᠢ ᠠᠬᠤᠢ ᠣᠷᠴᠢᠨ ᠲᠣᠭᠤᠷᠢᠨ ᠤ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠦᠷᠢᠶᠡᠨ ᠤ ᠬᠠᠷᠢᠭᠤᠴᠠᠯᠭᠠᠲᠠᠨ ᠨᠥᠬᠦᠳ ᠵᠢᠴᠢ ᠲᠤᠬᠠᠶᠢᠯᠠᠭᠰᠠᠨ ᠠᠵᠢᠯ ᠤᠨ ᠠᠵᠢᠯᠲᠠᠨ 150 ᠭᠠᠷᠤᠢ ᠬᠥᠮᠥᠨ ᠪᠤᠯᠪᠠᠰᠤᠷᠠᠯ ᠳᠤ ᠣᠷᠣᠯᠴᠠᠵᠠᠢ᠃      ᠪᠤᠯᠪᠠᠰᠤᠷᠠᠯ ᠤᠨ ᠠᠩᠭᠢ ᠳᠤ᠂ ᠣᠶᠢᠷ᠎ᠠ ᠶᠢᠨ ᠵᠢᠯ ᠤᠨ ᠲᠤᠷᠰᠢᠬᠢ ᠪᠥᠬᠦ ᠣᠷᠣᠨ ᠤ ᠬᠥᠷᠥᠰᠥ ᠰᠢᠷᠣᠢ᠂ ᠭᠠᠵᠠᠷ ᠳᠣᠣᠷᠠᠬᠢ ᠤᠰᠤ ᠪᠣᠯᠣᠨ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳ᠋ᠦᠩᠨᠡᠭᠰᠡᠨ ᠪᠥᠭᠡᠳ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠬᠤ᠂ ᠭᠠᠵᠠᠷ ᠳᠣᠣᠷᠠᠬᠢ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠠᠬᠢᠭᠤᠯᠬᠤ᠂ ᠬᠥᠳᠡᠭᠡ ᠲᠣᠰᠬᠤᠨ ᠤ ᠪᠣᠬᠢᠷᠲᠤᠯ ᠢ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠪᠠ ᠲᠤᠯᠭᠠᠭᠤᠷᠢᠯᠠᠨ ᠪᠠᠲᠤᠯᠠᠬᠤ ᠶᠢ ᠴᠢᠩᠭᠠᠳᠬᠠᠬᠤ ᠵᠡᠷᠭᠡ ᠲᠠᠯ᠎ᠠ ᠪᠠᠷ ᠲᠠᠷᠠᠭᠠᠴᠢ ᠶᠢᠨ ᠠᠯᠬᠤᠮ ᠤᠨ ᠠᠵᠢᠯ ᠤᠨ ᠱᠠᠭᠠᠷᠳᠠᠯᠭ᠎ᠠ ᠶᠢ ᠳᠤᠷᠠᠳᠪᠠ᠃ ᠡᠭᠦᠨ ᠤ ᠬᠠᠮᠲᠤ᠂ ᠡᠯ᠎ᠡ ᠠᠶᠢᠮᠠᠭ ᠬᠤᠲᠠ ᠶᠢᠨ ᠬᠥᠷᠥᠰᠥ ᠰᠢᠷᠣᠢ᠂ ᠭᠠᠵᠠᠷ ᠳᠣᠣᠷᠠᠬᠢ ᠤᠰᠤ ᠪᠣᠯᠣᠨ ᠬᠥᠳᠡᠭᠡ ᠲᠣᠰᠬᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠡᠯ᠎ᠡ ᠠᠶᠢᠮᠠᠭ ᠬᠤᠲᠠ ᠶᠢᠨ ᠡᠯ᠎ᠡ ᠵᠦᠢᠯ ᠤᠨ ᠠᠵᠢᠯ ᠢ ᠠᠬᠢᠭᠤᠯᠬᠤ ᠶᠠᠪᠤᠴᠠ ᠳᠤ ᠢᠯᠡᠷᠡᠭᠰᠡᠨ ᠠᠰᠠᠭᠤᠳᠠᠯ᠂ ᠬᠦᠴᠢᠷ ᠠᠰᠠᠭᠤᠳᠠᠯ ᠤᠨ ᠲᠤᠬᠠᠢ ᠭᠦᠨᠵᠡᠭᠡᠢ ᠨᠡᠪᠲᠡᠷᠡᠯᠴᠡᠨ ᠰᠣᠯᠢᠯᠴᠠᠭᠰᠠᠨ ᠪᠥᠭᠡᠳ ᠠᠵᠢᠯ ᠢ ᠠᠬᠢᠭᠤᠯᠬᠤ ᠳᠤ ᠠᠰᠢᠭᠲᠠᠢ ᠰᠠᠨᠠᠯ ᠪᠠ ᠰᠠᠨᠠᠭᠤᠯᠭ᠎ᠠ ᠳᠤᠷᠠᠳᠪᠠ᠃ ᠤᠯᠠᠨ ᠢᠶᠠᠷ ᠢᠶᠠᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ ᠰᠢᠨ᠎ᠡ ᠡᠭᠦᠷᠭᠡ ᠶᠢ ᠣᠨᠣᠪᠴᠢᠲᠠᠢ ᠡᠵᠡᠮᠳᠡᠵᠦ᠂ ᠥᠪᠡᠷᠲᠡᠭᠡᠨ ᠵᠠᠰᠠᠬᠤ ᠣᠷᠣᠨ ᠤ ᠶᠠᠭ ᠠᠬᠢᠭᠤᠯᠵᠤ ᠪᠠᠶᠢᠭ᠎ᠠ ︽ᠲᠠᠪᠤᠨ ᠶᠡᠭᠡ ᠡᠭᠦᠷᠭᠡ︾ ᠶᠢᠨ ᠲᠣᠭᠤᠷᠢᠨ ᠳᠤ᠂ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠪᠤᠳᠤᠯ ᠪᠣᠯᠣᠨ ᠲᠤᠯᠭᠠᠮ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠪᠠᠶᠢᠯᠳᠤᠬᠤ ᠪᠣᠳᠣᠯᠭ᠎ᠠ ᠶᠢᠨ ᠲᠣᠭᠲᠠᠪᠤᠷᠢ ᠲᠡᠪᠴᠢᠶᠡᠷᠢ ᠪᠠᠨ ᠪᠠᠲᠤᠯᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠠᠷᠢᠭᠤᠨ ᠣᠷᠣᠨ ᠢ ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃      ᠲᠣᠰ ᠤᠳᠠᠭᠠᠨ ᠤ ᠪᠤᠯᠪᠠᠰᠤᠷᠠᠯ ᠳᠤ ᠠᠮᠢ ᠠᠬᠤᠢ ᠣᠷᠴᠢᠨ ᠲᠣᠭᠤᠷᠢᠨ ᠤ ᠶᠠᠮᠤᠨ ᠤ ᠬᠥᠷᠥᠰᠥ ᠰᠢᠷᠣᠢ ᠠᠮᠢ ᠠᠬᠤᠢ ᠣᠷᠴᠢᠨ ᠲᠣᠭᠤᠷᠢᠨ ᠤ ᠵᠤᠷᠭᠠᠨ᠂ ᠬᠥᠷᠥᠰᠥ ᠰᠢᠷᠣᠢ ᠬᠢᠭᠡᠳ ᠬᠥᠳᠡᠭᠡ ᠠᠵᠤ ᠠᠬᠤᠢ ᠬᠥᠳᠡᠭᠡ ᠲᠣᠰᠬᠤᠨ ᠤ ᠠᠮᠢ ᠠᠬᠤᠢ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠮᠡᠷᠭᠡᠵᠢᠯ ᠤᠨ ᠲᠥᠪ ᠤᠨ ᠣᠷᠳᠣ ᠬᠤᠭᠤᠴᠠᠭ᠎ᠠ ᠪᠠᠷ ᠬᠥᠷᠥᠰᠥ ᠰᠢᠷᠣᠢ᠂ ᠭᠠᠵᠠᠷ ᠳᠣᠣᠷᠠᠬᠢ ᠤᠰᠤ ᠪᠠ ᠬᠥᠳᠡᠭᠡ ᠲᠣᠰᠬᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶ᠎ᠠ ᠪᠦᠬᠦᠢ ᠠᠵᠢᠯ ᠢ ᠡᠷᠭᠢᠯᠡᠵᠦ ᠪᠠᠶᠢᠭ᠎ᠠ ᠲᠤᠰᠬᠠᠢ ᠮᠡᠷᠭᠡᠵᠢᠯᠲᠡᠨ ᠨᠠᠷ ᠲᠤᠬᠠᠢ ᠶᠢᠨ ᠲᠠᠯᠠᠪᠤᠷ ᠲᠤ ᠢᠷᠠᠵᠤ ᠬᠢᠴᠢᠶᠡᠯ ᠣᠷᠣᠪᠠ᠃ ︽ᠤᠷᠢᠳᠠᠪᠠᠷ ᠬᠢᠨᠠᠨ ᠬᠠᠮᠢᠶᠠᠷᠬᠤ ᠭᠠᠵᠠᠷ ᠤᠨ ᠬᠠᠮᠢᠶ᠎ᠠ ᠪᠦᠬᠦᠢ ᠬᠠᠮᠢᠶᠠᠷᠤᠯᠲᠠ ᠶᠢᠨ ᠱᠠᠭᠠᠷᠳᠠᠯᠭ᠎ᠠ︾ ︽ᠬᠥᠷᠥᠰᠥ ᠰᠢᠷᠣᠢ ᠶᠢᠨ ᠪᠣᠬᠢᠷᠲᠤᠯ ᠤᠨ ᠪᠠᠶᠢᠳᠠᠯ ᠤᠨ ᠪᠠᠶᠢᠴᠠᠭᠠᠯᠲᠠ᠂ ᠲᠦᠭᠰᠢᠭᠦᠷᠢ ᠶᠢ ᠦᠨᠡᠯᠡᠨ ᠵᠢᠱᠢᠬᠦ᠂ ᠦᠷ᠎ᠡ ᠪᠦᠲᠦᠮᠵᠢ ᠶᠢ ᠦᠨᠡᠯᠡᠨ ᠵᠢᠱᠢᠬᠦ ᠮᠡᠷᠭᠡᠵᠢᠯ ᠤᠨ ᠭᠤᠣᠯᠳᠠᠯᠭ᠎ᠠ ᠵᠢᠴᠢ ᠮᠡᠳᠡᠭᠦᠯᠦᠯᠲᠡ ᠶᠢ ᠬᠢᠨᠠᠨ ᠲᠣᠭᠲᠠᠭᠠᠬᠤ ᠱᠠᠭᠠᠷᠳᠠᠯᠭ᠎ᠠ︾ ︽ᠭᠠᠵᠠᠷ ᠳᠣᠣᠷᠠᠬᠢ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠭᠤᠣᠯᠳᠠᠯᠭ᠎ᠠ ᠲᠠᠢ ᠣᠷᠣᠨ ᠢ ᠵᠠᠭᠠᠭᠯᠠᠨ ᠲᠣᠭᠲᠠᠭᠠᠬᠤ ᠵᠢᠴᠢ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠲᠣᠭᠲᠠᠭᠠᠬᠤ ᠮᠡᠷᠭᠡᠵᠢᠯ ᠤᠨ ᠭᠤᠣᠯᠳᠠᠯᠭ᠎ᠠ︾ ︽ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠮᠡᠷᠭᠡᠵᠢᠯ ᠵᠢᠴᠢ ᠲᠥᠷᠥ ᠶᠢᠨ ᠪᠣᠳᠣᠯᠭ᠎ᠠ ᠶᠢᠨ ᠭᠤᠣᠯᠳᠠᠯᠭ᠎ᠠ︾ ︽ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠵᠠᠰᠠᠬᠤ ᠬᠢᠭᠡᠳ ᠬᠢᠨᠠᠯᠲᠠ ᠲᠠᠯᠪᠢᠵᠤ ᠵᠢᠯᠤᠭᠤᠳᠬᠤ ᠮᠡᠷᠭᠡᠵᠢᠯ ᠤᠨ ᠠᠷᠭ᠎ᠠ ᠵᠠᠮ︾ ᠵᠡᠷᠭᠡ ᠲᠠᠯ᠎ᠠ ᠶᠢᠨ ᠠᠭᠤᠯᠭ᠎ᠠ ᠪᠠ ᠪᠣᠳᠠᠲᠠᠢ ᠠᠵᠢᠯ ᠤᠨ ᠱᠠᠭᠠᠷᠳᠠᠯᠭ᠎ᠠ᠂ ᠡᠭᠦᠨ ᠤ ᠬᠠᠮᠲᠤ ᠲᠤᠬᠠᠢ ᠶᠢᠨ ᠭᠠᠵᠠᠷ ᠲᠤᠨᠢ ᠡᠳᠦᠷ ᠲᠤᠲᠤᠮ ᠤᠨ ᠠᠵᠢᠯ ᠤᠨ ᠳᠤᠮᠳᠠ ᠲᠣᠬᠢᠶᠠᠯᠳᠤᠭᠰᠠᠨ ᠮᠠᠳᠠᠭ ᠲᠠᠢ ᠠᠰᠠᠭᠤᠳᠠᠯ᠂ ᠲᠦᠪᠡᠭᠲᠡᠢ ᠠᠰᠠᠭᠤᠳᠠᠯ ᠳᠤ ᠬᠠᠷᠢᠭᠤᠯᠲᠠ ᠥᠭᠴᠡᠢ᠃      ᠲᠣᠰ ᠤᠳᠠᠭᠠᠨ ᠤ ᠪᠤᠯᠪᠠᠰᠤᠷᠠᠯ ᠨᠢ ᠡᠳᠦᠷ ᠲᠤᠲᠤᠮ ᠤᠨ ᠲᠤᠬᠠᠶᠢᠯᠠᠭᠰᠠᠨ ᠠᠵᠢᠯ ᠲᠠᠢ ᠨᠢᠭᠲᠠ ᠤᠶᠠᠯᠳᠤᠭᠤᠯᠤᠨ᠂ ᠬᠢᠴᠢᠶᠡᠯ ᠤᠨ ᠠᠭᠤᠯᠭ᠎ᠠ ᠡᠯᠪᠡᠭ ᠪᠠᠶᠠᠯᠢᠭ ᠪᠠᠶᠢᠵᠤ᠂ ᠪᠥᠬᠦ ᠣᠷᠣᠨ ᠤ ᠬᠥᠷᠥᠰᠥ ᠰᠢᠷᠣᠢ᠂ ᠭᠠᠵᠠᠷ ᠳᠣᠣᠷᠠᠬᠢ ᠤᠰᠤ ᠪᠠ ᠮᠠᠯᠵᠢᠬᠤ ᠲᠠᠷᠢᠶᠠᠯᠠᠬᠤ ᠣᠷᠣᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠦᠷᠢᠶᠡᠨ ᠳᠠᠬᠢ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠤᠯᠠᠨ ᠢᠶᠠᠷ ᠢᠶᠠᠨ᠂ ᠪᠣᠯᠪᠠᠰᠤᠷᠠᠯ ᠤᠨ ᠬᠢᠴᠢᠶᠡᠯ ᠨᠢ ᠮᠠᠰᠢ ᠴᠢᠩᠭ᠎ᠠ ᠵᠢᠯᠤᠭᠤᠳᠬᠤ ᠴᠢᠨᠠᠷ ᠪᠣᠯᠣᠨ ᠬᠠᠨᠳᠤᠯᠭᠠᠲᠤ ᠴᠢᠨᠠᠷ ᠲᠠᠢ ᠪᠠᠶᠢᠵᠤ᠂ ᠬᠤᠶᠢᠰᠢᠳᠠ ᠶᠢᠨ ᠠᠵᠢᠯ ᠤᠨ ᠳᠤᠮᠳᠠ ᠪᠠᠨ ᠨᠠᠷᠢᠨ ᠬᠢᠨᠠᠮᠠᠭᠠᠢ ᠰᠤᠷᠤᠯᠴᠠᠨ ᠬᠡᠷᠡᠭᠯᠡᠵᠦ᠂ ᠬᠥᠷᠥᠰᠥ ᠰᠢᠷᠣᠢ᠂ ᠭᠠᠵᠠᠷ ᠳᠣᠣᠷᠠᠬᠢ ᠤᠰᠤ ᠪᠣᠯᠣᠨ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠰᠠᠨᠠᠯ ᠨᠢᠭᠡᠲᠡᠢ ᠢᠯᠡᠳᠬᠡᠪᠡ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号