ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠲᠡᠷᠢᠭᠦᠨ ᠨᠢᠭᠤᠷ   -   ᠲᠡᠷᠢᠭᠦᠨ ᠵᠣᠷᠪᠣᠰ
ᠰᠢ᠎ᠵᠢᠨ᠎ᠫᠢᠩ ᠺᠣᠷᠢᠶᠠ᠎ᠶᠢᠨ ᠶᠡᠷᠦᠩᠬᠡᠢᠯᠡᠭᠴᠢ ᠯᠢ ᠽᠠᠢ ᠮᠢᠩ᠎ᠲᠠᠢ ᠬᠡᠯᠡᠯᠴᠡᠭᠡ ᠬᠢᠪᠡ
ᠨᠡᠶ᠋ᠢᠲᠡᠯᠡᠭᠰᠡᠨ ᠴᠠᠭ᠄ 2026-01-06

1 ᠰᠠᠷ᠎ᠠ᠎ᠶᠢᠨ 5᠎ᠤ ᠦᠳᠡ᠎ᠶᠢᠨ ᠬᠣᠢᠨ᠎ᠠ᠂ ᠤᠯᠤᠰ᠎ᠤᠨ ᠲᠡᠷᠢᠭᠦᠯᠡᠭᠴᠢ ᠰᠢ᠎ᠵᠢᠨ᠎ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠲᠦᠷᠦ᠎ᠶᠢᠨ ᠶᠠᠪᠤᠳᠠᠯ᠎ᠤᠨ ᠠᠶ᠋ᠢᠯᠴᠢᠯᠠᠯᠲᠠ ᠬᠢᠬᠦ᠎ᠪᠡᠷ ᠢᠷᠡᠭᠰᠡᠨ ᠺᠣᠷᠢᠶᠠ᠎ᠶᠢᠨ ᠶᠡᠷᠦᠩᠬᠡᠢᠯᠡᠭᠴᠢ ᠯᠢ ᠽᠠᠢ ᠮᠢᠩ᠎ᠲᠠᠢ ᠬᠡᠯᠡᠯᠴᠡᠭᠡ ᠬᠢᠪᠡ᠃

ᠰᠢ᠎ᠵᠢᠨ᠎ᠫᠢᠩ ᠺᠣᠷᠢᠶᠠ᠎ᠶᠢᠨ ᠠᠷᠠᠳ ᠲᠦᠮᠡᠨ᠎ᠳᠦ ᠰᠢᠨ᠎ᠡ ᠵᠢᠯ᠎ᠦᠨ ᠴᠢᠩ ᠰᠡᠳᠬᠢᠯ᠎ᠦᠨ ᠵᠥᠩᠨᠡᠯ ᠳᠡᠪᠰᠢᠭᠦᠯᠪᠡ᠃ ᠰᠢ᠎ᠵᠢᠨ᠎ᠫᠢᠩ᠂ ᠪᠢ ᠶᠡᠷᠦᠩᠬᠡᠢᠯᠡᠭᠴᠢ ᠯᠢ ᠽᠠᠢ ᠮᠢᠩ᠎ᠲᠠᠢ ᠬᠣᠶᠠᠷ ᠤᠳᠠᠭ᠎ᠠ ᠠᠭᠤᠯᠵᠠᠭᠰᠠᠨ ᠪᠥᠭᠡᠳ ᠬᠠᠷᠢᠯᠴᠠᠨ ᠠᠶ᠋ᠢᠯᠴᠢᠯᠠᠯᠲᠠ ᠬᠢᠭᠰᠡᠨ ᠨᠢ ᠬᠣᠶᠠᠷ ᠲᠠᠯ᠎ᠠ᠎ᠪᠠᠷ᠎ᠢᠶᠠᠨ ᠳᠤᠮᠳᠠᠳᠤ ᠺᠣᠷᠢᠶᠠ᠎ᠶᠢᠨ ᠬᠠᠷᠢᠯᠴᠠᠭ᠎ᠠ᠎ᠶᠢ ᠴᠢᠬᠤᠯᠠᠴᠢᠯᠠᠵᠤ ᠪᠠᠢᠬᠤ᠎ᠶᠢ ᠢᠯᠡᠷᠡᠭᠦᠯᠪᠡ᠃ ᠨᠠᠢᠵᠠ ᠪᠠ ᠬᠦᠷᠰᠢ ᠵᠡᠷᠭᠡᠯᠡᠳᠡᠭᠡ ᠪᠣᠯᠤᠭᠰᠠᠨ᠎ᠤ ᠬᠤᠪᠢ᠎ᠳᠤ᠂ ᠳᠤᠮᠳᠠᠳᠤ ᠺᠣᠷᠢᠶᠠ ᠢᠯᠡᠭᠦᠬᠡᠨ ᠶᠠᠪᠤᠯᠴᠠᠵᠤ᠂ ᠪᠠᠢᠩᠭᠤ ᠶᠠᠪᠤᠯᠴᠠᠵᠤ᠂ ᠦᠷᠭᠦᠯᠵᠢ ᠨᠡᠪᠲᠡᠷᠡᠯᠴᠡᠪᠡᠯ ᠵᠣᠬᠢᠨ᠎ᠠ᠃ ᠳᠤᠮᠳᠠᠳᠤ ᠤᠯᠤᠰ ᠢᠮᠠᠭᠲᠠ ᠳᠤᠮᠳᠠᠳᠤ ᠺᠣᠷᠢᠶᠠ᠎ᠶᠢᠨ ᠬᠠᠷᠢᠯᠴᠠᠭ᠎ᠠ᠎ᠶᠢ ᠡᠷᠬᠢᠨ ᠲᠣᠭᠣᠷᠢᠨ᠎ᠤ ᠭᠠᠳᠠᠭᠠᠳᠤ ᠬᠠᠷᠢᠯᠴᠠᠭ᠎ᠠ᠎ᠵᠢᠨ ᠴᠢᠬᠤᠯᠠ ᠪᠠᠢᠷᠢᠨ᠎ᠳᠤ ᠲᠠᠯᠪᠢᠵᠤ᠂ ᠺᠣᠷᠢᠶᠠ᠎ᠳ᠋ᠤ ᠠᠪᠬᠤ ᠲᠥᠷᠥ᠎ᠶᠢᠨ ᠪᠣᠳᠣᠯᠭ᠎ᠠ᠎ᠵᠢᠨ ᠦᠷᠭᠦᠯᠵᠢᠯᠡᠬᠦ ᠴᠢᠨᠠᠷ᠂ ᠲᠣᠭᠲᠠᠪᠤᠷᠢᠲᠤ ᠴᠢᠨᠠᠷ᠎ᠢ ᠪᠠᠲᠤᠯᠠᠭᠰᠠᠭᠠᠷ ᠢᠷᠡᠪᠡ᠃ ᠳᠤᠮᠳᠠᠳᠤ ᠤᠯᠤᠰ ᠳᠤᠷᠠᠲᠠᠶ᠎ᠠ ᠺᠣᠷᠢᠶᠠ᠎ᠶᠢᠨ ᠬᠢᠨ᠎ᠲᠠᠢ ᠬᠠᠮᠲᠤ᠎ᠪᠠᠷ ᠨᠥᠬᠥᠷᠰᠡᠭ ᠬᠠᠮᠲᠤᠷᠠᠯᠴᠠᠭᠠᠨ᠎ᠤ ᠴᠢᠭᠯᠡᠯ᠎ᠢ ᠪᠠᠲᠤ ᠡᠵᠡᠮᠳᠡᠵᠦ᠂ ᠬᠠᠷᠢᠯᠴᠠᠨ ᠠᠰᠢᠭ᠍ᠲᠠᠢ ᠬᠠᠮᠲᠤ᠎ᠪᠠᠷ ᠠᠰᠢᠭ᠋ ᠭᠥᠷᠳᠡᠬᠦ ᠵᠣᠷᠢᠯᠲᠠ᠎ᠶᠢ ᠪᠠᠷᠢᠮᠲᠠᠯᠠᠵᠤ᠂ ᠳᠤᠮᠳᠠᠳᠤ ᠺᠣᠷᠢᠶᠠ᠎ᠶᠢᠨ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭᠠᠨ᠎ᠤ ᠬᠠᠨᠢᠲᠠᠨ᠎ᠤ ᠬᠠᠷᠢᠯᠴᠠᠭ᠎ᠠ᠎ᠶᠢᠨ ᠡᠷᠡᠭᠦᠯ ᠵᠠᠮ᠎ᠢᠶᠠᠷ ᠤᠷᠤᠭᠰᠢᠯᠠᠬᠤ᠎ᠶᠢ ᠠᠬᠢᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠦ ᠠᠵᠠ ᠵᠢᠷᠭᠠᠯ᠎ᠢ ᠦᠨᠡᠨ ᠬᠦ᠌ ᠨᠡᠮᠡᠭᠳᠡᠭᠦᠯᠵᠦ᠂ ᠭᠠᠵᠠᠷ ᠣᠷᠣᠨ ᠴᠢᠨᠠᠭᠰᠢᠯᠠᠪᠠᠯ ᠳᠡᠯᠡᠬᠡᠢ᠎ᠶᠢᠨ ᠡᠩᠬᠡ ᠲᠠᠢᠪᠤᠩ ᠬᠥᠭᠵᠢᠯᠲᠡ᠎ᠳᠦ ᠵᠥᠪ ᠡᠨᠧᠷᠭᠢ ᠣᠯᠭᠣᠨ᠎ᠠ ᠭᠡᠵᠦ ᠵᠢᠭᠠᠵᠤ ᠭᠠᠷᠭᠠᠪᠠ᠃

ᠰᠢ᠎ᠵᠢᠨ᠎ᠫᠢᠩ᠂ ᠳᠤᠮᠳᠠᠳᠤ ᠺᠣᠷᠢᠶᠠ ᠬᠣᠶᠠᠷ ᠤᠯᠤᠰ 《ᠡᠶ᠎ᠡ ᠡᠪ᠎ᠢ ᠡᠷᠬᠢᠮᠯᠡᠬᠦ》᠂ 《ᠨᠠᠢᠷᠠᠮᠳᠠᠭᠤ ᠠᠳᠠᠯ᠎ᠠ ᠢᠯᠭᠠᠭ᠎ᠠ ᠲᠠᠢ ᠪᠠᠢᠬᠤ》᠎ᠵᠢ ᠤᠷᠳᠤ ᠬᠤᠭᠤᠴᠠᠭ᠎ᠠ ᠪᠠᠷᠢᠮᠲᠠᠯᠠᠵᠤ᠂ ᠨᠡᠢᠭᠡᠮ᠎ᠦᠨ ᠪᠠᠢᠭᠤᠯᠤᠯ ᠪᠣᠯᠣᠨ ᠦᠵᠡᠯ ᠤᠬᠠᠮᠰᠠᠷ᠎ᠤᠨ ᠬᠡᠯᠪᠡᠷᠢ᠎ᠶᠢᠨ ᠵᠥᠷᠢᠶ᠎ᠡ᠎ᠡᠴᠡ ᠳᠠᠪᠠᠵᠤ᠂ ᠬᠠᠷᠢᠯᠴᠠᠨ ᠠᠮᠵᠢᠯᠲᠠ ᠪᠦᠲᠦᠮᠵᠢ ᠭᠠᠷᠭᠠᠵᠤ᠂ ᠬᠠᠮᠲᠤ᠎ᠪᠠᠷ ᠬᠥᠭᠵᠢᠪᠡ᠃ ᠬᠣᠶᠠᠷ ᠲᠠᠯ᠎ᠠ᠎ᠪᠠᠷ᠎ᠢᠶᠠᠨ ᠡᠨᠡ ᠬᠦ᠌ ᠰᠢᠯᠢᠳᠡᠭ ᠤᠯᠠᠮᠵᠢᠯᠠᠯ᠎ᠢᠶᠠᠨ ᠦᠷᠭᠦᠯᠵᠢᠯᠡᠭᠦᠯᠵᠦ᠂ ᠢᠲᠡᠭᠡᠯᠴᠡᠭᠡ᠎ᠪᠡᠨ ᠲᠠᠰᠤᠷᠠᠯᠳᠠ ᠦᠭᠡᠢ ᠨᠡᠮᠡᠭᠳᠡᠭᠦᠯᠵᠦ᠂ ᠲᠤᠰ ᠲᠤᠰ᠎ᠤᠨ᠎ᠢᠶᠠᠨ ᠰᠣᠩᠭᠣᠭᠰᠠᠨ ᠬᠥᠭᠵᠢᠯᠲᠡ᠎ᠶᠢᠨ ᠵᠠᠮ᠎ᠢ ᠬᠦᠨᠳᠦᠳᠬᠡᠵᠦ᠂ ᠲᠤᠰ ᠲᠤᠰ᠎ᠤᠨ ᠭᠣᠣᠯᠯᠠᠭ᠍ᠴᠢ ᠠᠰᠢᠭ᠋ ᠲᠤᠰᠠ ᠪᠣᠯᠣᠨ ᠠᠩᠬᠠᠷᠴᠤ ᠪᠠᠢᠭ᠎ᠠ ᠴᠢᠬᠤᠯᠠ ᠶᠡᠬᠡ ᠠᠰᠠᠭᠤᠳᠠᠯ᠎ᠢ ᠬᠠᠷᠠᠭᠠᠯᠵᠠᠵᠤ᠂ ᠶᠠᠷᠢᠯᠴᠠᠭ᠎ᠠ ᠵᠥᠪᠳᠡᠯᠴᠡᠭᠡ᠎ᠪᠡᠷ ᠳᠠᠮᠵᠢᠨ ᠵᠥᠷᠢᠯᠳᠦᠭᠡᠨ᠎ᠢᠶᠡᠨ ᠵᠣᠬᠢᠰᠲᠠᠢ ᠰᠢᠢᠳᠪᠦᠷᠢᠯᠡᠬᠦ᠎ᠶᠢ ᠪᠠᠷᠢᠮᠲᠠᠯᠠᠪᠠᠯ ᠵᠣᠬᠢᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠦᠭᠦᠳᠡ ᠬᠤᠷᠠᠯ᠎ᠡᠴᠡ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠦᠪᠵᠢᠭᠦᠯᠭᠡ᠎ᠶᠢᠨ ᠰᠠᠨᠠᠭᠤᠯᠭ᠎ᠠ᠎ᠶᠢ ᠬᠢᠨᠠᠨ ᠵᠦᠪᠯᠡᠵᠦ ᠪᠠᠲᠤᠯᠠᠭᠠᠳ᠂ ᠢᠷᠡᠭᠡᠳᠦᠢ᠎ᠶᠢᠨ 5 ᠵᠢᠯ᠎ᠦᠨ ᠳᠤᠮᠳᠠᠳᠤ ᠤᠯᠤᠰ᠎ᠤᠨ ᠬᠥᠭᠵᠢᠯᠲᠡ᠎ᠶᠢᠨ ᠪᠣᠷᠣ᠌ ᠲᠥᠰᠥᠪ᠎ᠢ ᠵᠢᠷᠤᠭᠯᠠᠭᠰᠠᠨ ᠪᠥᠭᠡᠳ ᠳᠡᠯᠡᠬᠡᠢ᠎ᠶᠢᠨ ᠡᠯ᠎ᠡ ᠤᠯᠤᠰ᠎ᠲᠤ ᠥᠷᠭᠡᠨ ᠠᠭᠤᠳᠠᠮ ᠠᠵᠠ ᠲᠣᠬᠢᠶᠠᠯ ᠬᠠᠩᠭᠠᠪᠠ᠃ ᠳᠤᠮᠳᠠᠳᠤ ᠺᠣᠷᠢᠶᠠ᠎ᠶᠢᠨ ᠠᠵᠤ ᠠᠬᠤᠢ᠎ᠶᠢᠨ ᠬᠠᠷᠢᠯᠴᠠᠭ᠎ᠠ ᠨᠢᠭ᠍ᠲᠠ᠂ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶᠢᠨ ᠬᠡᠯᠬᠢᠶ᠎ᠡ ᠭᠦᠨᠵᠡᠭᠡᠢ ᠠᠭᠤᠰᠤᠯᠴᠠᠵᠤ᠂ ᠬᠠᠮᠲᠤᠷᠠᠯᠴᠠᠭ᠎ᠠ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭ᠍ᠲᠠᠢ ᠪᠠᠢᠵᠤ᠂ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠶᠢᠨ ᠵᠣᠯᠭᠠᠯᠴᠠᠭ᠎ᠠ ᠪᠣᠯᠣᠨ ᠲᠦᠷᠦ ᠎ᠶᠢᠨ ᠪᠣᠳᠣᠯᠭ᠎ᠠ᠎ᠶᠢᠨ ᠵᠣᠬᠢᠴᠠᠭᠤᠯᠭ᠎ᠠ᠎ᠪᠠᠨ ᠴᠢᠩᠭᠠᠳᠬᠠᠵᠤ᠂ ᠬᠠᠮᠲᠤ᠎ᠶᠢᠨ ᠠᠰᠢᠭ᠋ ᠲᠤᠰᠠ᠎ᠪᠠᠨ ᠪᠤᠵᠠᠭᠠᠢᠷᠠᠭᠤᠯᠵᠤ᠂ ᠵᠣᠬᠢᠶᠠᠮᠠᠯ ᠤᠶᠤᠨ ᠴᠢᠳᠠᠪᠤᠷᠢ᠂ ᠪᠣᠬᠢᠷᠲᠤᠯ ᠦᠭᠡᠢ ᠠᠵᠤ ᠦᠢᠯᠡᠰ᠂ ᠪᠤᠭᠤᠷᠤᠯᠴᠤᠳ᠎ᠤᠨ ᠠᠵᠤ ᠠᠬᠤᠢ ᠵᠡᠷᠭᠡ ᠰᠢᠨ᠎ᠡ᠎ᠪᠡᠷ ᠮᠠᠨᠳᠤᠭᠰᠠᠨ ᠬᠦᠷᠢᠶᠡᠨ᠎ᠳᠦ ᠨᠡᠩ ᠤᠯᠠᠨ ᠬᠠᠮᠲᠤᠷᠠᠯᠴᠠᠭᠠᠨ᠎ᠤ ᠦᠷ᠎ᠡ ᠪᠦᠲᠦᠭᠡᠯ᠎ᠢ ᠡᠭᠦᠳᠦᠶ᠎ᠡ᠃ ᠬᠣᠶᠠᠷ ᠲᠠᠯ᠎ᠠ᠎ᠪᠠᠷ᠎ᠢᠶᠠᠨ ᠬᠥᠮᠥᠰ᠎ᠦᠨ ᠶᠠᠪᠤᠯᠴᠠᠭ᠎ᠠ᠎ᠶᠢ ᠨᠡᠮᠡᠭᠳᠡᠭᠦᠯᠵᠦ᠂ ᠵᠠᠯᠠᠭᠤᠴᠤᠳ ᠪᠠᠭᠠᠴᠤᠳ᠂ ᠵᠠᠭᠤᠴᠢᠯᠠᠭᠤᠷ᠂ ᠪᠡᠶ᠎ᠡ᠎ᠶᠢᠨ ᠲᠠᠮᠢᠷ᠂ ᠤᠶᠤᠨ᠎ᠤ ᠬᠥᠮᠥᠷᠭᠡ᠂ ᠣᠷᠣᠨ ᠨᠤᠲᠤᠭ ᠵᠡᠷᠭᠡ ᠲᠠᠯ᠎ᠠ᠎ᠶᠢᠨ ᠶᠠᠪᠤᠯᠴᠠᠭ᠎ᠠ᠎ᠶᠢ ᠥᠷᠨᠢᠭᠦᠯᠵᠦ᠂ ᠵᠥᠪ ᠲᠠᠯ᠎ᠠ᠎ᠶᠢᠨ ᠬᠦᠦᠷᠨᠢᠯ᠎ᠢ ᠠᠷᠠᠳ᠎ᠤᠨ ᠰᠠᠨᠠᠭᠠᠨ᠎ᠤ ᠭᠣᠣᠯ ᠤᠷᠤᠰᠬᠠᠯ ᠪᠣᠯᠭᠠᠶ᠎ᠠ ᠭᠡᠵᠦ ᠴᠢᠬᠤᠯᠠᠴᠢᠯᠠᠪᠠ᠃

ᠰᠢ᠎ᠵᠢᠨ᠎ᠫᠢᠩ᠂ ᠣᠳᠣᠬᠠᠨ᠎ᠤ ᠳᠡᠯᠡᠬᠡᠢ ᠶᠢᠷᠲᠢᠨᠴᠦ᠎ᠶᠢᠨ ᠵᠠᠭᠤᠨ ᠵᠢᠯ᠎ᠦᠨ ᠬᠤᠪᠢᠰᠤᠯᠲᠠ ᠲᠦᠷᠭᠡᠰᠴᠤ᠂ ᠳᠡᠯᠡᠬᠡᠢ᠎ᠶᠢᠨ ᠪᠠᠢᠳᠠᠯ ᠨᠡᠩ ᠤᠷᠤᠭ᠎ᠠ ᠪᠤᠰᠬᠠᠭ᠎ᠠ ᠪᠣᠯᠵᠠᠢ᠃ ᠳᠤᠮᠳᠠᠳᠤ ᠺᠣᠷᠢᠶᠠ ᠭᠠᠵᠠᠷ ᠣᠷᠣᠨ᠎ᠤ ᠡᠩᠬᠡ ᠲᠠᠢᠪᠤᠩ᠎ᠢ ᠬᠠᠮᠠᠭᠠᠯᠠᠬᠤ᠂ ᠪᠦᠬᠦ ᠪᠥᠮᠪᠥᠷᠴᠡᠭ᠎ᠦᠨ ᠬᠥᠭᠵᠢᠯᠲᠡ᠎ᠶᠢ ᠠᠬᠢᠭᠤᠯᠬᠤ ᠲᠠᠯ᠎ᠠ᠎ᠪᠠᠷ ᠴᠢᠬᠤᠯᠠ ᠬᠠᠷᠢᠭᠤᠴᠠᠯᠭ᠎ᠠ᠎ᠶᠢ ᠡᠭᠦᠷᠭᠡᠯᠡᠵᠦ᠂ ᠥᠷᠭᠡᠨ ᠳᠡᠯᠭᠡᠷ ᠠᠰᠢᠭ᠋ ᠲᠤᠰᠠ᠎ᠶᠢᠨ ᠬᠠᠷᠢᠴᠠᠭ᠎ᠠ ᠬᠤᠯᠪᠤᠭ᠎ᠠ᠎ᠲᠠᠢ ᠶᠤᠮ᠂ ᠲᠡᠦᠬᠡ᠎ᠶᠢᠨ ᠵᠥᠪ ᠲᠠᠯ᠎ᠠ᠎ᠳᠤ ᠡᠷᠡᠰ ᠵᠣᠭᠰᠣᠵᠤ᠂ ᠵᠥᠪ ᠪᠠᠢᠯᠳᠤᠬᠤ ᠪᠣᠳᠣᠯᠭ᠎ᠠ᠎ᠶᠢᠨ ᠰᠣᠩᠭᠣᠯᠲᠠ ᠬᠢᠪᠡᠯ ᠵᠣᠬᠢᠨ᠎ᠠ᠃ 80 ᠭᠠᠷᠤᠢ ᠵᠢᠯ᠎ᠦᠨ ᠡᠮᠦᠨ᠎ᠡ᠂ ᠳᠤᠮᠳᠠᠳᠤ ᠺᠣᠷᠢᠶᠠ ᠬᠣᠶᠠᠷ ᠤᠯᠤᠰ ᠯᠤᠲᠤ ᠶᠡᠬᠡ ᠦᠨᠳᠦᠰᠦᠲᠡᠨ᠎ᠦ ᠦᠷᠡᠭᠳᠡᠯ ᠭᠠᠷᠭᠠᠵᠤ᠂ ᠶᠠᠫᠤᠨ᠎ᠤ ᠴᠡᠷᠢᠭᠯᠡᠬᠦ ᠦᠵᠡᠯ᠎ᠢ ᠡᠰᠡᠷᠭᠦᠴᠡᠬᠦ ᠲᠡᠮᠡᠴᠡᠯ᠎ᠦᠨ ᠢᠯᠠᠯᠲᠠ᠎ᠶᠢ ᠣᠯᠪᠠ᠃ ᠥᠨᠥᠳᠥᠷ ᠨᠡᠩ ᠴᠤ᠌ ᠳᠡᠯᠡᠬᠡᠢ᠎ᠶᠢᠨ ᠬᠣᠶᠠᠳᠤᠭᠠᠷ ᠳᠠᠶ᠋ᠢᠨ᠎ᠦ ᠢᠯᠠᠯᠲᠠ᠎ᠶᠢᠨ ᠦᠷ᠎ᠡ ᠪᠦᠲᠦᠭᠡᠯ᠎ᠢ ᠬᠠᠮᠠᠭᠠᠯᠠᠵᠤ᠂ ᠵᠡᠭᠦᠨ ᠬᠣᠢᠲᠤ ᠠᠽᠢᠶ᠎ᠠ᠎ᠶᠢᠨ ᠡᠩᠬᠡ ᠲᠠᠢᠪᠤᠩ ᠲᠣᠭᠲᠠᠭᠤᠨ ᠪᠠᠢᠳᠠᠯ᠎ᠢ ᠬᠠᠮᠠᠭᠠᠯᠠᠪᠠᠯ ᠵᠤᠬᠢᠨ᠎ᠠ᠃ ᠠᠵᠤ ᠠᠬᠤᠢ᠎ᠶᠢᠨ ᠳᠡᠯᠡᠬᠡᠢᠵᠢᠯᠲᠡ᠎ᠶᠢᠨ ᠠᠰᠢᠭ᠋ ᠬᠦᠷᠳᠡᠭᠴᠢ ᠪᠣᠯᠤᠭᠰᠠᠨ᠎ᠤ ᠬᠤᠪᠢ᠎ᠳᠤ᠂ ᠳᠤᠮᠳᠠᠳᠤ ᠺᠣᠷᠢᠶᠠ ᠬᠠᠮᠠᠭᠠᠯᠠᠬᠤ ᠦᠵᠡᠯ᠎ᠢ ᠬᠠᠮᠲᠤ᠎ᠪᠠᠷ ᠡᠰᠡᠷᠭᠦᠴᠡᠵᠦ᠂ ᠵᠢᠩᠬᠢᠨᠢ ᠤᠯᠠᠨ ᠲᠠᠯᠠᠲᠤ ᠦᠵᠡᠯ᠎ᠢ ᠦᠢᠯᠡᠳᠦᠯᠭᠡᠵᠢᠭᠦᠯᠵᠦ᠂ ᠡᠷᠬᠡ ᠲᠡᠭᠰᠢ ᠡᠮᠬᠢ ᠵᠢᠷᠤᠮ᠎ᠲᠠᠢ ᠳᠡᠯᠡᠬᠡᠢ᠎ᠶᠢᠨ ᠤᠯᠠᠨ ᠲᠤᠢᠯᠵᠢᠯᠲᠠ᠂ ᠲᠦᠭᠡᠮᠡᠯ ᠬᠠᠷᠠᠭᠠᠯᠵᠠᠯᠳᠤ ᠪᠠᠭ᠍ᠲᠠᠭᠠᠮᠵᠢᠲᠠᠶ ᠪᠠᠢᠬᠤ ᠠᠵᠤ ᠠᠬᠤᠢ᠎ᠶᠢᠨ ᠳᠡᠯᠡᠬᠡᠢᠵᠢᠯᠲᠡ᠎ᠶᠢ ᠠᠬᠢᠭᠤᠯᠬᠤ᠎ᠳᠤ ᠬᠤᠪᠢ ᠨᠡᠮᠡᠷᠢ ᠦᠵᠡᠭᠦᠯᠦᠶ᠎ᠡ ᠭᠡᠵᠦ ᠵᠢᠭᠠᠵᠤ ᠭᠠᠷᠭᠠᠪᠠ᠃

ᠯᠢ ᠽᠠᠢ ᠮᠢᠩ ᠳᠤᠮᠳᠠᠳᠤ ᠤᠯᠤᠰ᠎ᠤᠨ ᠠᠷᠠᠳ ᠲᠦᠮᠡᠨ᠎ᠳᠦ ᠱᠢᠨ᠎ᠡ ᠤᠨ᠎ᠤ ᠰᠠᠢ᠌ᠨ ᠰᠠᠢᠬᠠᠨ ᠵᠥᠩᠨᠡᠯ ᠳᠡᠪᠱᠢᠭᠦᠯᠪᠡ᠃ ᠯᠢ ᠽᠠᠢ ᠮᠢᠩ᠂ ᠺᠣᠷᠢᠶᠠ ᠳᠤᠮᠳᠠᠳᠤ ᠪᠣᠯ ᠬᠥᠷᠰᠢ ᠤᠯᠤᠰ᠂ ᠬᠣᠶᠠᠷ ᠤᠯᠤᠰ᠎ᠤᠨ ᠬᠠᠷᠢᠯᠴᠠᠭ᠎ᠠ ᠥᠨᠢ ᠤᠳᠠᠭᠠᠨ ᠲᠡᠦᠬᠡ᠎ᠲᠡᠶ ᠶᠤᠮ᠃ ᠺᠣᠷᠢᠶᠠ ᠳᠤᠮᠳᠠᠳᠤ ᠬᠠᠮᠲᠤ᠎ᠪᠠᠷ ᠶᠠᠫᠣᠨ᠎ᠤ ᠴᠡᠷᠢᠭ᠌ᠯᠡᠬᠦ᠌ ᠦᠵᠡᠯ᠎ᠦᠨ ᠲᠦᠷᠢᠮᠡᠬᠡᠢᠯᠡᠯ᠎ᠢ ᠡᠰᠡᠷᠭᠦᠴᠡᠵᠦ᠍ ᠥᠩᠭᠡᠷᠡᠪᠡ᠂ ᠳᠤᠮᠳᠠᠳᠤ ᠤᠯᠤᠰ᠎ᠲᠠᠬᠢ ᠺᠤᠷᠢᠶᠠ᠎ᠶᠢᠨ ᠲᠤᠰᠠᠭᠠᠷ ᠲᠣᠭ᠍ᠲᠠᠨᠢᠯ᠎ᠤᠨ ᠬᠥᠳᠡᠯᠭᠡᠭᠡᠨ᠎ᠦ ᠬᠠᠭᠤᠴᠢᠨ ᠪᠠᠭᠤᠷᠢ᠎ᠶ᠋ᠢ ᠳᠤᠮᠳᠠᠳᠤ᠎ᠶ᠋ᠢᠨ ᠬᠢᠨ ᠬᠠᠮᠠᠭᠠᠯᠠᠭ᠍ᠰᠠᠨ᠎ᠳᠤ ᠺᠣᠷᠢᠶᠠ᠎ᠶ᠋ᠢᠨ ᠬᠢᠨ ᠲᠠᠯᠠᠷᠬᠠᠵᠤ ᠪᠠᠢᠨ᠎ᠠ᠃ ᠬᠣᠶᠠᠷ ᠤᠯᠤᠰ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ᠎ᠤ ᠳᠠᠷᠠᠭ᠎ᠠ᠂ ᠨᠢᠭ᠍ᠲᠠ ᠬᠠᠮᠲᠤᠷᠠᠯᠴᠠᠭᠠᠨ᠎ᠤ ᠬᠠᠷᠢᠯᠴᠠᠭ᠎ᠠ ᠪᠠᠢᠭᠤᠯᠵᠤ ᠂ ᠡᠯᠪᠡᠭ ᠪᠠᠶᠠᠯᠢᠭ ᠦᠷ᠎ᠡ ᠪᠦᠲᠦᠭᠡᠯ ᠤᠯᠪᠠ᠃ ᠺᠣᠷᠢᠶᠠ᠎ᠶ᠋ᠢᠨ ᠬᠢᠨ ᠳᠤᠮᠳᠠᠳᠤ ᠤᠯᠤᠰ᠎ᠯᠤᠭ᠎ᠠ᠎ᠶ᠋ᠢᠨ ᠬᠠᠷᠢᠯᠴᠠᠭ᠎ᠠ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠳᠤᠷᠠᠲᠠᠶ᠎ᠠ ᠱᠢᠨ᠎ᠡ ᠤᠨ᠎ᠳᠡᠬᠢ ᠤᠯᠤᠰ᠎ᠤᠨ ᠲᠡᠷᠢᠭᠦᠨ᠎ᠦ ᠠᠩᠬᠠᠳᠠᠭ᠍ᠴᠢ ᠭᠠᠳᠠᠭᠠᠳᠤ ᠬᠠᠷᠢᠯᠴᠠᠭ᠎ᠠ᠎ᠪᠠᠷ ᠠᠵᠠ ᠲᠣᠬᠢᠶᠠᠯ ᠪᠣᠯᠭᠠᠵᠤ᠂ ᠺᠣᠷᠢᠶᠠ ᠳᠤᠮᠳᠠᠳᠤ᠎ᠶ᠋ᠢᠨ ᠬᠠᠷᠢᠯᠴᠠᠭ᠎ᠠ᠎ᠶ᠋ᠢ ᠪᠦᠬᠦ᠌ ᠲᠠᠯ᠎ᠠ᠎ᠪᠠᠷ ᠰᠡᠷᠭᠦᠭᠡᠬᠦ ᠬᠥᠭ᠌ᠵᠢᠯᠲᠡ᠎ᠶ᠋ᠢᠨ ᠬᠠᠨᠳᠤᠰᠢ᠎ᠶᠢ ᠪᠠᠳᠤᠳᠬᠠᠵᠤ᠂ ᠠᠳᠠᠯᠢ ᠲᠠᠯ᠎ᠠ᠎ᠪᠠᠨ ᠡᠷᠢᠵᠦ᠍ ᠵᠦᠷᠢᠶ᠎ᠡ᠎ᠪᠡᠨ ᠦᠯᠡᠳᠡᠭᠡᠵᠦ᠍᠂ ᠺᠣᠷᠢᠶᠠ ᠳᠤᠮᠳᠠᠳᠤ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠮᠲᠤᠷᠠᠯᠴᠠᠭᠠᠨ᠎ᠤ ᠬᠠᠨᠢᠲᠠᠨ᠎ᠤ ᠬᠠᠷᠢᠯᠴᠠᠭ᠎ᠠ᠎ᠶ᠋ᠢ ᠭᠦᠨᠵᠡᠭᠡᠢᠷᠡᠭᠦᠯᠵᠦ᠍᠂ ᠬᠣᠶᠠᠷ ᠤᠯᠤᠰ᠎ᠤᠨ ᠬᠠᠷᠢᠯᠴᠠᠭᠠᠨ᠎ᠤ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠬᠠᠮᠲᠤ᠎ᠪᠠᠷ ᠨᠡᠭᠡᠭᠡᠶ᠎ᠠ᠃ ᠺᠣᠷᠢᠶᠠ᠎ᠶ᠋ᠢᠨ ᠬᠢᠨ ᠳᠤᠮᠳᠠᠳᠤ ᠤᠯᠤᠰ᠎ᠤᠨ ᠭᠣᠣᠯᠯᠠᠭ᠍ᠴᠢ ᠠᠱᠢᠭ ᠲᠤᠰᠠ ᠪᠣᠯᠤᠨ ᠠᠩᠬᠠᠷᠴᠤ᠌ ᠪᠠᠢᠭ᠎ᠠ ᠴᠢᠬᠤᠯᠠ ᠶᠡᠬᠡ ᠠᠰᠠᠭᠤᠳᠠᠯ᠎ᠢ ᠬᠦᠨᠳᠦᠳᠭᠡᠵᠦ᠍᠂ ᠨᠢᠭᠡ ᠳᠤᠮᠳᠠᠳᠤ ᠤᠯᠤᠰ ᠪᠠᠢᠬᠤ᠎ᠶ᠋ᠢ ᠪᠠᠷᠢᠮᠲᠠᠯᠠᠨ᠎ᠠ᠃ ᠺᠣᠷᠢᠶᠠ ᠳᠤᠮᠳᠠᠳᠤ᠎ᠶ᠋ᠢᠨ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ ᠨᠢ ᠳᠤᠰ ᠳᠤᠰ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠢᠳᠡᠪᠬᠢᠲᠡᠢ ᠦᠢᠯᠡᠳᠦᠯ ᠦᠵᠡᠭᠦᠯᠪᠡ᠂ ᠺᠣᠷᠢᠶᠠ᠎ᠶ᠋ᠢᠨ ᠬᠢᠨ ᠳᠤᠮᠳᠠᠳᠤ ᠤᠯᠤᠰ᠎ᠤᠨ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ ᠠᠪᠴᠢᠷᠠᠭ᠍ᠰᠠᠨ ᠠᠵᠠ ᠲᠣᠬᠢᠶᠠᠯ᠎ᠢ ᠡᠵᠡᠮᠳᠡᠵᠦ᠍᠂ ᠬᠣᠶᠠᠷ ᠤᠯᠤᠰ᠎ᠤᠨ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ ᠨᠡᠩ ᠤᠯᠠᠨ ᠦᠷ᠎ᠡ ᠪᠦᠲᠦᠭᠡᠯ ᠤᠯᠬᠤ᠎ᠶ᠋ᠢ ᠬᠦᠰᠡᠵᠦ᠍ ᠪᠠᠢᠨ᠎ᠠ᠃ ᠬᠣᠶᠠᠷ ᠤᠯᠤᠰ᠎ᠢᠶᠠᠷ᠎ᠢᠶᠠᠨ ᠤᠯᠤᠰ ᠠᠷᠠᠳ᠎ᠤᠨ ᠰᠣᠯᠢᠯᠴᠠᠭ᠎ᠠ᠎ᠪᠠᠨ ᠠᠬᠢᠭᠤᠯᠵᠤ᠂ ᠣᠢᠯᠠᠭᠠᠯᠴᠠᠭ᠎ᠠ ᠢᠲᠡᠭᠡᠯᠴᠡᠭᠡ᠎ᠪᠡᠨ ᠨᠡᠮᠡᠭ᠌ᠳᠡᠭᠦᠯᠪᠡᠯ ᠵᠣᠬᠢᠨ᠎ᠠ᠃ ᠺᠣᠷᠢᠶᠠ᠎ᠶ᠋ᠢᠨ ᠬᠢᠨ ᠳᠤᠷᠠᠲᠠᠶ᠎ᠠ ᠳᠤᠮᠳᠠᠳᠤ ᠤᠯᠤᠰ᠎ᠯᠤᠭ᠎ᠠ ᠤᠯᠠᠨ ᠲᠠᠯ᠎ᠠ᠎ᠶ᠋ᠢᠨ ᠵᠣᠬᠢᠴᠠᠭᠤᠯᠭ᠎ᠠ᠎ᠪᠠᠨ ᠴᠢᠩᠭᠠᠳᠭᠠᠵᠤ᠂ ᠳᠡᠯᠡᠬᠡᠢ᠎ᠶ᠋ᠢᠨ ᠬᠥᠭ᠌ᠵᠢᠯ ᠴᠡᠴᠡᠭ᠌ᠯᠡᠯ᠎ᠳᠦ ᠬᠤᠪᠢ ᠨᠡᠮᠡᠷᠢ ᠦᠵᠡᠭᠦᠯᠦᠨ᠎ᠡ᠃ ᠳᠤᠮᠳᠠᠳᠤ ᠤᠯᠤᠰ᠎ᠤᠨ ᠭᠣᠣᠯᠯᠠᠨ ᠡᠷᠬᠢᠯᠡᠭᠦ ᠡᠨᠡ ᠵᠢᠯ᠎ᠦᠨ ᠠᠽᠢᠶ᠎ᠠ ᠲᠢᠪ ᠨᠣᠮᠣᠬᠠᠨ ᠳᠠᠯᠠᠢ᠎ᠶ᠋ᠢᠨ ᠣᠷᠣᠨ᠎ᠤ ᠠᠵᠤ ᠠᠬᠤᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠭᠤ ᠬᠥᠮᠦᠰ᠎ᠦᠨ ᠠᠯᠪᠠᠨ ᠶᠣᠰᠣᠨ᠎ᠤ ᠪᠤᠰᠤ ᠬᠤᠷᠠᠯ ᠲᠡᠭᠦᠰ ᠠᠮᠵᠢᠯᠲᠠ ᠤᠯᠬᠤ᠎ᠶ᠋ᠢ ᠵᠥᠩᠨᠡᠶ᠎ᠡ ᠭᠡᠵᠦ ᠢᠯᠡᠳᠬᠡᠪᠡ᠃

ᠬᠡᠯᠡᠯᠴᠡᠭᠡ ᠲᠡᠭᠦᠰᠦᠭ᠌ᠰᠡᠨ᠎ᠦ ᠲᠠᠷᠠᠭ᠎ᠠ᠂ ᠬᠣᠶᠠᠷ ᠤᠯᠤᠰ᠎ᠤᠨ ᠲᠡᠷᠢᠭᠦᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠱᠢᠨ᠎ᠡ᠎ᠶᠢ ᠡᠭᠦᠳᠬᠦ᠂ ᠠᠮᠢ ᠠᠬᠤᠢ ᠣᠷᠴᠢᠨ ᠲᠣᠭᠣᠷᠢᠨ᠂ ᠵᠠᠮ ᠬᠠᠷᠢᠯᠴᠠᠭ᠎ᠠ ᠲᠡᠭᠡᠭᠡᠪᠦᠷᠢ᠂ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ ᠵᠡᠷᠭᠡ ᠬᠦᠷᠢᠶᠡᠨ᠎ᠦ 15 ᠬᠤᠪᠢ ᠬᠠᠮᠲᠤᠷᠠᠯᠴᠠᠭᠠᠨ᠎ᠤ ᠪᠢᠴᠢᠭ ᠮᠠᠲ᠋ᠧᠷᠢᠶᠠᠯ᠎ᠳᠤ ᠭᠠᠷ᠎ᠤᠨ ᠦᠰᠦᠭ ᠵᠢᠷᠤᠬᠤ᠎ᠶ᠋ᠢ ᠬᠠᠮᠲᠤ᠎ᠪᠠᠷ ᠭᠡᠷᠡᠴᠢᠯᠡᠪᠡ᠃

ᠬᠡᠯᠡᠯᠴᠡᠭᠡ ᠬᠢᠬᠦ᠌᠎ᠡᠴᠡ ᠡᠮᠦᠨ᠎ᠡ᠂ ᠰᠢ᠎ᠵᠢᠨ᠎ᠫᠢᠩ ᠬᠠᠳᠤᠨ ᠫᠸᠩ ᠯᠢ ᠶᠤᠸᠠᠨ᠎ᠲᠠᠶ᠎ᠪᠠᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠬᠣᠢᠲᠤ ᠶᠡᠬᠡ ᠲᠢᠩᠬᠢᠮ᠎ᠳᠦ ᠯᠢ ᠽᠠᠢ ᠮᠢᠩ ᠪᠣᠯᠤᠨ ᠲᠡᠭᠦᠨ᠎ᠦ ᠬᠠᠳᠤᠨ ᠵᠢᠨ ᠬᠤᠢ ᠵᠢᠩ᠎ᠢ ᠤᠭ᠍ᠲᠤᠬᠤ ᠶᠣᠰᠣᠯᠠᠯ ᠶᠠᠪᠤᠭᠤᠯᠪᠠ᠃

  

ᠯᠢ ᠽᠠᠢ ᠮᠢᠩ᠎ᠢ ᠬᠦᠷᠴᠦ᠍ ᠢᠷᠡᠬᠦ᠌᠎ᠳᠦ ᠶᠣᠰᠣᠯᠠᠯ᠎ᠤᠨ ᠴᠡᠷᠢᠭ ᠮᠥᠷᠯᠡᠨ ᠵᠣᠭ᠍ᠰᠣᠵᠤ ᠶᠣᠰᠣᠯᠠᠪᠠ᠃ ᠬᠣᠶᠠᠷ ᠤᠯᠤᠰ᠎ᠤᠨ ᠲᠡᠷᠢᠭᠦᠨ ᠱᠢᠯᠭᠠᠨ ᠦᠵᠡᠬᠦ᠌ ᠲᠠᠢᠰᠠᠨ᠎ᠳᠤ ᠭᠠᠷᠴᠤ᠌᠂ ᠴᠡᠷᠢᠭ᠎ᠦᠨ ᠬᠥᠭ᠌ᠵᠢᠮ᠎ᠦᠨ ᠪᠦᠯᠬᠦᠮ ᠳᠤᠮᠳᠠᠳᠤ ᠺᠣᠷᠢᠶᠠ ᠬᠣᠶᠠᠷ ᠤᠯᠤᠰ᠎ᠤᠨ ᠤᠯᠤᠰ᠎ᠤᠨ ᠰᠦᠯᠳᠡ ᠳᠠᠭᠤᠤ᠎ᠶ᠋ᠢ ᠬᠥᠭ᠌ᠵᠢᠮᠳᠡᠵᠦ᠍᠂ ᠲᠢᠶᠠᠨ ᠠᠨ ᠮᠸᠨ ᠲᠠᠯᠠᠪᠠᠢ᠎ᠳᠤ ᠶᠣᠰᠣᠯᠠᠯ᠎ᠤᠨ ᠫᠤᠤ᠎ᠶᠢ 21 ᠳᠤᠤᠭᠠᠷᠭᠠᠪᠠ᠃ ᠯᠢ ᠽᠠᠢ ᠮᠢᠩ ᠰᠢ᠎ᠵᠢᠨ᠎ᠫᠢᠩ᠎ᠦᠨ ᠪᠠᠷ᠎ᠠ ᠪᠤᠯᠤᠯᠭ᠎ᠠ᠎ᠲᠠᠶ᠎ᠪᠠᠷ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ᠌ ᠴᠡᠷᠢᠭ᠎ᠦᠨ ᠶᠣᠰᠣᠯᠠᠯ᠎ᠤᠨ ᠠᠩᠬᠢ᠎ᠶ᠋ᠢ ᠱᠢᠯᠭᠠᠨ ᠦᠵᠡᠭ᠌ᠰᠡᠨ ᠪᠥᠭᠡᠳ ᠵᠢᠭ᠍ᠰᠠᠭᠠᠯ᠎ᠢ ᠰᠣᠨᠢᠷᠬᠠᠪᠠ᠃

ᠲᠤᠰ ᠤᠷᠤᠢ᠂ ᠰᠢ᠎ᠵᠢᠨ᠎ᠫᠢᠩ ᠪᠣᠯᠤᠨ ᠫᠸᠩ ᠯᠢ ᠶᠤᠸᠠᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠠᠯᠳᠠᠨ ᠱᠢᠷᠭᠠᠯ ᠶᠡᠬᠡ ᠲᠢᠩᠬᠢᠮ᠎ᠳᠤ ᠯᠢ ᠽᠠᠢ ᠮᠢᠩ ᠪᠣᠯᠤᠨ ᠲᠡᠭᠦᠨ᠎ᠦ ᠬᠠᠲᠤᠨ᠎ᠢ ᠤᠭ᠍ᠲᠤᠬᠤ ᠳᠠᠢᠯᠠᠯᠭ᠎ᠠ ᠬᠢᠪᠡ᠃

ᠸᠠᠩ ᠢ ᠳᠡᠭᠡᠷᠡᠬᠢ ᠠᠵᠢᠯᠯᠠᠭ᠎ᠠ᠎ᠳᠤ ᠣᠷᠣᠯᠴᠠᠪᠠ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠥᠷᠥ᠎ᠶᠢᠨ ᠲᠣᠪᠴᠢᠶ᠎ᠠ ᠬᠤᠷᠠᠯᠳᠤᠭᠠᠨ ᠬᠤᠷᠠᠯᠳᠤᠭᠤᠯᠵᠤ 2026 ᠣᠨ᠎ᠤ ᠠᠵᠤ ᠠᠬᠤᠢ᠎ᠶᠢᠨ ᠠᠵᠢᠯ᠎ᠢ ᠵᠠᠳᠠᠯᠤᠨ ᠰᠤᠳᠤᠯᠵᠤ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠥᠬᠥ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠠᠵᠢᠯ᠎ᠢ ᠤᠳᠤᠷᠢᠳᠬᠤ ᠳᠦᠷᠢᠮ》᠎ᠢ ᠬᠢᠨᠠᠨ ᠵᠥᠪᠯᠡᠪᠡ ᠰᠢ᠎ᠵᠢᠨ᠎ᠫᠢᠩ ᠬᠤᠷᠠᠯᠳᠤᠭᠠᠨ᠎ᠢ ᠡᠷᠭᠢᠯᠡᠪᠡ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠥᠷᠥ᠎ᠶᠢᠨ ᠲᠣᠪᠴᠢᠶ᠎ᠠ ᠬᠤᠷᠠᠯᠳᠤᠭᠠᠨ ᠬᠤᠷᠠᠯᠳᠤᠭᠤᠯᠵᠤ 《ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠥᠷᠨᠢᠭᠦᠯᠦᠭᠰᠡᠨ ᠮᠤᠵᠢ (ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ)᠎ᠶᠢ ᠲᠣᠭᠣᠷᠢᠨ ᠪᠠᠢᠴᠠᠭᠠᠭᠰᠠᠨ ᠪᠠᠢᠳᠠᠯ᠎ᠤᠨ ᠲᠤᠬᠠᠢ ᠶᠡᠷᠦᠩᠬᠡᠢᠯᠡᠭᠰᠡᠨ ᠮᠡᠳᠡᠭᠦᠯᠦᠯᠲᠡ》᠎ᠶᠢ ᠬᠢᠨᠠᠨ ᠵᠥᠪᠯᠡᠪᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠢ ᠱᠦᠵᠢ ᠰᠢ᠎ᠵᠢᠨ᠎ᠫᠢᠩ ᠬᠤᠷᠠᠯᠳᠤᠭᠠᠨ᠎ᠢ ᠡᠷᠭᠢᠯᠡᠪᠡ
ᠯᠢ ᠴᠢᠶᠠᠩ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠪᠠᠢᠩᠭᠤ᠎ᠶᠢᠨ ᠬᠤᠷᠠᠯᠳᠤᠭᠠᠨ᠎ᠢ ᠡᠷᠬᠢᠯᠡᠨ ᠬᠤᠷᠠᠯᠳᠤᠭᠤᠯᠪᠠ
ᠳᠣᠮᠳᠠᠲᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠲᠥᠷᠪᠡᠳᠦᠭᠡᠷ ᠪᠦᠭᠦᠳᠡ ᠬᠤᠷᠠᠯ ᠪᠡᠭᠡᠵᠢᠩ᠎ᠳᠤ ᠬᠤᠷᠠᠯᠳᠤᠪᠠ
 
            