ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠤᠨ ᠮᠡᠳᠡᠭᠡ᠎ᠶ᠋ᠢ ᠦᠨᠳᠦᠰᠦᠯᠡᠪᠡᠯ᠂ ᠡᠨᠡ ᠵᠢᠯ᠎ᠤᠨ ᠡᠮᠦᠨ᠎ᠡ 10 ᠰᠠᠷ᠎ᠠ᠎ᠳᠤ᠂ ᠮᠠᠨ᠎ᠤ ᠣᠷᠣᠨ᠎ᠤ ᠶᠡᠷᠦᠩᠬᠡᠢᠯᠡᠭ᠌ᠰᠡᠨ ᠵᠠᠮ ᠲᠡᠭᠡᠭᠡᠪᠦᠷᠢ᠎ᠶ᠋ᠢᠨ ᠭᠦᠶ᠋ᠴᠡᠳᠭᠡᠯ ᠲᠤᠭ᠎ᠠ ᠦᠷᠭᠦᠯᠵᠢᠯᠡᠨ ᠰᠠᠢᠵᠢᠷᠠᠵᠤ᠂ ᠲᠡᠮᠦᠷ ᠵᠠᠮ᠎ᠤᠨ ᠭᠦᠶ᠋ᠴᠡᠳᠭᠡᠯ ᠲᠤᠭ᠎ᠠ 7 ᠳ᠋ᠤᠭᠠᠷ ᠰᠠᠷ᠎ᠠ᠎ᠠᠴᠠ ᠡᠬᠢᠯᠡᠨ ᠲᠦᠷᠭᠡᠨ ᠨᠡᠮᠡᠭ᠌ᠳᠡᠵᠦ᠍᠂ ᠵᠠᠰᠠᠮᠠᠯ ᠵᠠᠮ᠎ᠤᠨ ᠭᠦᠶ᠋ᠴᠡᠳᠭᠡᠯ ᠲᠤᠭ᠎ᠠ ᠲᠣᠭ᠍ᠲᠠᠭᠤᠨ᠎ᠢᠶᠠᠷ ᠨᠡᠮᠡᠭ᠌ᠳᠡᠪᠡ᠃
ᠪᠠᠷᠠᠭ᠎ᠠ ᠵᠥᠭᠡᠭᠡᠪᠦᠷᠢᠯᠡᠯᠲᠡ ᠦᠳᠲᠡᠷ ᠲᠦᠷᠭᠡᠨ ᠨᠡᠮᠡᠭ᠌ᠳᠡᠪᠡ᠃ 1-10 ᠳ᠋ᠤᠭ᠋ᠠᠷ ᠰᠠᠷ᠎ᠠ᠎ᠳᠤ᠂ ᠮᠠᠨ᠎ᠤ ᠣᠷᠣᠨ᠎ᠤ ᠶᠡᠷᠦᠩᠬᠡᠢᠯᠡᠭ᠌ᠰᠡᠨ ᠪᠠᠷᠠᠭᠠᠨ᠎ᠤ ᠡᠷᠭᠢᠯᠲᠡ᠎ᠶ᠋ᠢᠨ ᠬᠡᠮᠵᠢᠶ᠎ᠡ᠎ᠶᠢ 4902.0 ᠳ᠋ᠦᠩᠱᠢᠭᠤᠷ ᠲᠣᠨ ᠺᠢᠯᠣᠮᠧᠲᠷ ᠪᠡᠶᠡᠯᠡᠭᠦᠯᠵᠦ᠂ ᠠᠳᠠᠯᠢ ᠬᠤᠭᠤᠴᠠᠭᠠᠨ᠎ᠤ᠎ᠬᠢ᠎ᠠᠴᠠ 4.6% ᠪᠠᠷ ᠨᠡᠮᠡᠭᠳᠡᠵᠦ᠂ ᠡᠮᠦᠨ᠎ᠡ ᠭᠤᠷᠪᠠᠨ ᠤᠯᠠᠷᠢᠯ᠎ᠤᠨ ᠨᠡᠮᠡᠭ᠌ᠳᠡᠯ᠎ᠤᠨ ᠬᠤᠷᠳᠤᠴᠠ᠎ᠶ᠋ᠢ ᠪᠠᠲᠤᠯᠠᠪᠠ᠃ ᠲᠡᠮᠦᠷ ᠵᠠᠮ᠎ᠤᠨ ᠪᠠᠷᠠᠭᠠᠨ᠎ᠤ ᠡᠷᠭᠢᠯᠲᠡ᠎ᠶ᠋ᠢᠨ ᠬᠡᠮᠵᠢᠶ᠎ᠡ᠎ᠶᠢ 2676.5 ᠳ᠋ᠦᠩᠱᠢᠭᠤᠷ ᠲᠣᠨ ᠺᠢᠯᠣᠮᠧᠲᠷ ᠪᠡᠶᠡᠯᠡᠭᠦᠯᠵᠦ᠂ ᠠᠳᠠᠯᠢ ᠬᠤᠭᠤᠴᠠᠭᠠᠨ᠎ᠤ᠎ᠬᠢ᠎ᠠᠴᠠ 4.2% ᠢᠶᠠᠷ ᠨᠡᠮᠡᠭ᠌ᠳᠡᠪᠡ; ᠵᠠᠰᠠᠮᠠᠯ ᠵᠠᠮ᠎ᠤᠨ ᠪᠠᠷᠠᠭᠠᠨ᠎ᠤ ᠡᠷᠭᠢᠯᠲᠡ᠎ᠶ᠋ᠢᠨ ᠬᠡᠮᠵᠢᠶ᠎ᠡ᠎ᠶᠢ 2225.4 ᠳ᠋ᠦᠩᠱᠢᠭᠤᠷ ᠲᠣᠨᠺᠢᠯᠣᠮᠧᠲᠷ ᠪᠡᠶᠡᠯᠡᠭᠦᠯᠵᠦ᠂ ᠠᠳᠠᠯᠢ ᠬᠤᠭᠤᠴᠠᠭᠠᠨ᠎ᠤ᠎ᠬᠢ᠎ᠠᠴᠠ 5.1% ᠪᠠᠷ ᠨᠡᠮᠡᠭᠳᠡᠵᠦ᠂ ᠲᠦᠷᠭᠡᠨ᠎ᠦ ᠵᠠᠰᠠᠮᠠᠯ ᠵᠠᠮ᠂ ᠡᠩ᠎ᠤᠨ ᠤᠯᠤᠰ᠎ᠤᠨ ᠪᠠ ᠮᠤᠵᠢ᠎ᠶ᠋ᠢᠨ ᠭᠤᠤᠯ ᠱᠤᠭᠤᠮ᠎ᠤᠨ ᠪᠠᠷᠠᠭᠠᠨ᠎ᠤ ᠲᠡᠷᠭᠡ᠎ᠶ᠋ᠢᠨ ᠴᠣᠪᠣᠷᠠᠯ᠎ᠤᠨ ᠬᠡᠮᠵᠢᠶ᠎ᠡ ᠠᠳᠠᠯᠢ ᠬᠤᠭᠤᠴᠠᠭᠠᠨ᠎ᠤ᠎ᠬᠢ᠎ᠠᠴᠠ 9.4%᠂ 5.6% ᠪᠠᠷ ᠨᠡᠮᠡᠭ᠌ᠳᠡᠪᠡ᠃
ᠣᠷᠤᠨ ᠪᠦᠰᠡ ᠠᠯᠤᠰᠯᠠᠭ᠍ᠰᠠᠨ ᠬᠥᠮᠦᠰ᠎ᠦᠨ ᠱᠢᠯᠵᠢᠯᠲᠡ᠎ᠶᠢ ᠲᠦᠷᠭᠡᠳᠭᠡᠪᠡ᠃ 1-10 ᠳ᠋ᠤᠭ᠋ᠠᠷ ᠰᠠᠷ᠎ᠠ᠎ᠳᠤ᠂ ᠮᠠᠨ᠎ᠤ ᠣᠷᠣᠨ᠎ᠤ ᠪᠥᠬᠦ᠌ ᠨᠡᠢᠭᠡᠮ᠎ᠤᠨ ᠣᠷᠣᠨ ᠪᠦᠰᠡ ᠠᠯᠤᠰᠯᠠᠭ᠍ᠰᠠᠨ ᠬᠥᠮᠦᠰ᠎ᠤᠨ ᠱᠢᠯᠵᠢᠯᠲᠡ᠎ᠶ᠋ᠢᠨ ᠬᠡᠮᠵᠢᠶ᠎ᠡ ᠠᠳᠠᠯᠢ ᠬᠤᠭᠤᠴᠠᠭᠠᠨ᠎ᠤ᠎ᠬᠢ᠎ᠠᠴᠠ 7.5% ᠪᠠᠷ ᠨᠡᠮᠡᠭ᠌ᠳᠡᠵᠦ᠍᠂ ᠵᠠᠰᠠᠮᠠᠯ ᠵᠠᠮ᠎ᠤᠨ ᠵᠢᠵᠢᠭ ᠠᠶᠠᠨᠴᠢᠳ᠎ᠤᠨ ᠲᠡᠷᠭᠡ ᠠᠳᠠᠯᠢ ᠬᠤᠭᠤᠴᠠᠭᠠᠨ᠎ᠤ᠎ᠬᠢ᠎ᠠᠴᠠ 9.8% ᠪᠠᠷ ᠨᠡᠮᠡᠭ᠌ᠳᠡᠪᠡ᠃ ᠡᠵᠡᠩᠨᠡᠯᠲᠡ᠎ᠶ᠋ᠢᠨ ᠴᠢᠨᠠᠷᠲᠠᠶ ᠠᠶᠠᠨᠴᠢᠳ᠎ᠤᠨ ᠲᠡᠭᠡᠭᠡᠪᠦᠷᠢ᠎ᠶ᠋ᠢᠨ ᠬᠡᠮᠵᠢᠶ᠎ᠡ᠂ ᠡᠷᠭᠢᠯᠲᠡ᠎ᠶ᠋ᠢᠨ ᠬᠡᠮᠵᠢᠶ᠎ᠡ᠂ ᠭᠠᠷᠠᠬᠠᠨ ᠬᠠᠷᠢᠴᠠᠯ ᠨᠢ ᠪᠦᠷ ᠨᠡᠮᠡᠭᠳᠡᠵᠦ᠂ ᠡᠵᠡᠩᠨᠡᠯᠲᠡ᠎ᠶ᠋ᠢᠨ ᠴᠢᠨᠠᠷᠲᠠᠶ ᠠᠶᠠᠨᠴᠢᠳ᠎ᠤᠨ ᠡᠷᠭᠢᠯᠲᠡ᠎ᠶ᠋ᠢᠨ ᠬᠡᠮᠵᠢᠶ᠎ᠡ᠎ᠶ᠋ᠢ 249.6 ᠳ᠋ᠦᠩᠱᠢᠭᠤᠷ ᠬᠥᠮᠦᠨ ᠺᠢᠯᠣᠮᠧᠲᠷ ᠪᠡᠶᠡᠯᠡᠭᠦᠯᠵᠦ᠍᠂ ᠠᠳᠠᠯᠢ ᠬᠤᠭᠤᠴᠠᠭᠠᠨ᠎ᠤ᠎ᠬᠢ᠎ᠠᠴᠠ 5.4% ᠪᠠᠷ ᠨᠡᠮᠡᠭ᠌ᠳᠡᠵᠦ᠍᠂ ᠡᠮᠦᠨ᠎ᠡ ᠭᠤᠷᠪᠠᠨ ᠤᠯᠠᠷᠢᠯ᠎ᠠᠴᠠ 0.8 ᠵᠠᠭᠤᠨ᠎ᠤ ᠴᠡᠭ ᠥᠨᠳᠥᠷ ᠪᠣᠯᠵᠠᠶ᠃ ᠲᠡᠮᠦᠷ ᠵᠠᠮ᠎ᠤᠨ ᠠᠶᠠᠨᠴᠢᠳ᠎ᠤᠨ ᠡᠷᠭᠢᠯᠲᠡ᠎ᠶ᠋ᠢᠨ ᠬᠡᠮᠵᠢᠶ᠎ᠡ 177.9 ᠳ᠋ᠦᠩᠱᠢᠭᠤᠷ ᠬᠥᠮᠥᠨ ᠺᠢᠯᠤᠮᠧᠲᠷ᠎ᠲᠤ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠠᠴᠠ 5.1% ᠪᠠᠷ ᠨᠡᠮᠡᠭ᠌ᠳᠡᠪᠡ; ᠵᠠᠰᠠᠮᠠᠯ ᠵᠠᠮ᠎ᠤᠨ ᠠᠶᠠᠨᠴᠢᠳ᠎ᠤᠨ ᠡᠷᠭᠢᠯᠲᠡ᠎ᠶ᠋ᠢᠨ ᠬᠡᠮᠵᠢᠶ᠎ᠡ 71.6 ᠳ᠋ᠦᠩᠱᠢᠭᠤᠷ ᠬᠥᠮᠥᠨ ᠺᠢᠯᠣᠮᠧᠲᠷ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠠᠴᠠ 6.2% ᠪᠠᠷ ᠨᠡᠮᠡᠭ᠌ᠳᠡᠨ᠂ ᠲᠦᠷᠭᠡᠨ᠎ᠦ ᠵᠠᠰᠠᠮᠠᠯ ᠵᠠᠮ᠂ ᠡᠩ᠎ᠤᠨ ᠪᠠ ᠤᠯᠤᠰ᠎ᠤᠨ ᠮᠤᠵᠢ᠎ᠶ᠋ᠢᠨ ᠭᠤᠤᠯ ᠱᠤᠭᠤᠮ᠎ᠤᠨ ᠠᠶᠠᠨᠴᠢᠳ᠎ᠤᠨ ᠲᠡᠷᠭᠡ ᠠᠳᠠᠯᠢ ᠬᠤᠭᠤᠴᠠᠭᠠᠨ᠎ᠤ᠎ᠬᠢ᠎ᠠᠴᠠ 10.6%᠂ 5.9% ᠪᠠᠷ ᠨᠡᠮᠡᠭ᠌ᠳᠡᠵᠦ᠍᠂ ᠵᠢᠭᠤᠯᠴᠢᠯᠠᠯ᠎ᠤᠨ ᠬᠥᠭ᠌ᠵᠢᠯᠲᠡ᠎ᠶ᠋ᠢᠨ ᠬᠡᠷᠡᠭ᠌ᠴᠡᠭᠡ᠎ᠳᠤ ᠵᠣᠬᠢᠴᠠᠭᠤᠯᠤᠨ᠂ ᠥᠪᠡᠰᠦᠪᠡᠨ ᠲᠡᠷᠭᠡ ᠵᠢᠯᠣᠭᠤᠳᠴᠤ᠌ ᠭᠠᠳᠠᠭ᠍ᠰᠢ ᠭᠠᠷᠬᠤ ᠨᠡᠮᠡᠭ᠌ᠳᠡᠯ ᠢᠯᠡᠳᠲᠡ ᠪᠣᠯᠪᠠ᠃