ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠠᠮ ᠬᠠᠷᠢᠯᠴᠠᠭᠠᠨ᠎ᠤ ᠴᠢᠬᠤᠯᠠ ᠮᠡᠳᠡᠭᠡ
ᠮᠠᠨ᠎ᠤ ᠣᠷᠣᠨ᠎ᠤ ᠠᠩᠬᠠᠳᠠᠭ᠍ᠴᠢ ᠵᠠᠮ ᠬᠠᠷᠢᠯᠴᠠᠭᠠᠨ᠎ᠤ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠲᠤᠷᠰᠢᠯᠲᠠ᠎ᠶᠢᠨ ᠡᠭᠦᠷᠭᠡ ᠰᠢᠯᠭᠠᠨ ᠪᠠᠢᠴᠠᠭᠠᠯᠲᠠ᠎ᠳᠤ ᠬᠢᠷᠢ ᠲᠡᠩᠴᠡᠪᠡ
ᠨᠡᠶ᠋ᠢᠲᠡᠯᠡᠭᠰᠡᠨ ᠴᠠᠭ᠄ 2025-12-12

ᠣᠢᠷ᠎ᠠ᠎ᠳᠤ ᠂ ᠮᠠᠨ᠎ᠤ ᠣᠷᠣᠨ᠎ᠤ 《ᠵᠠᠮ ᠬᠠᠷᠢᠯᠴᠠᠭ᠎ᠠ ᠬᠢᠭᠡᠳ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ 》 ᠵᠠᠮ ᠬᠠᠷᠢᠯᠴᠠᠭᠠᠨ᠎ᠤ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠲᠤᠷᠰᠢᠯᠲᠠ᠎ᠶᠢᠨ ᠡᠭᠦᠷᠭᠡ ᠨᠢ ᠵᠠᠮ ᠲᠡᠭᠡᠭᠡᠪᠦᠷᠢ᠎ᠶᠢᠨ ᠶᠠᠮᠤᠨ᠎ᠤ ᠰᠢᠯᠭᠠᠨ ᠪᠠᠢᠴᠠᠭᠠᠯᠲᠠ᠎ᠳᠤ ᠬᠢᠷᠢ ᠲᠡᠩᠴᠡᠵᠦ ᠂ ᠮᠠᠨ᠎ᠤ ᠣᠷᠣᠨ᠎ᠤ ᠠᠩᠬᠠᠳᠠᠭ᠍ᠴᠢ ᠰᠢᠯᠭᠠᠨ ᠪᠠᠢᠴᠠᠭᠠᠯᠲᠠ᠎ᠳᠤ ᠬᠢᠷᠢ ᠲᠡᠩᠴᠡᠭᠰᠡᠨ ᠵᠠᠮ ᠬᠠᠷᠢᠯᠴᠠᠭᠠᠨ᠎ᠤ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠲᠤᠷᠰᠢᠯᠲᠠ᠎ᠶᠢᠨ ᠡᠭᠦᠷᠭᠡ ᠪᠣᠯᠤᠭᠰᠠᠨ ᠪᠠᠢᠨ᠎ᠠ᠃ 

ᠵᠠᠮ ᠬᠠᠷᠢᠯᠴᠠᠭᠠᠨ᠎ᠤ ᠬᠦᠴᠦᠷᠬᠡᠭ ᠤᠯᠤᠰ᠎ᠤᠨ ᠪᠠᠢᠭᠤᠯᠤᠯᠲᠠ᠎ᠶᠢᠨ ᠠᠩᠬᠠᠨ᠎ᠤ ᠪᠦᠯᠦᠭ᠎ᠦᠨ ᠲᠤᠷᠰᠢᠯᠲᠠ᠎ᠶᠢᠨ ᠴᠡᠭ ᠪᠣᠯᠤᠭᠰᠠᠨ᠎ᠤ ᠬᠤᠪᠢ᠎ᠳᠤ᠂ 《ᠵᠠᠮ ᠬᠠᠷᠢᠯᠴᠠᠭ᠎ᠠ ᠬᠢᠭᠡᠳ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ 》 ᠲᠤᠷᠰᠢᠯᠲᠠ᠎ᠶᠢᠨ ᠴᠡᠭ ᠨᠢ 2020 ᠣᠨ᠎ᠤ 10 ᠳ᠋ᠤᠭ᠋ᠠᠷ ᠰᠠᠷ᠎ᠠ᠎ᠳᠤ ᠵᠥᠪᠰᠢᠶᠡᠷᠡᠭᠳᠡᠭᠰᠡᠨ᠎ᠡᠴᠡ ᠨᠠᠭ᠋ᠠᠰᠢ᠂ ᠬᠠᠲᠤᠨ ᠭᠣᠣᠯ ᠳᠠᠭᠠᠤ᠎ᠶᠢᠨ ᠵᠢᠭᠤᠯᠴᠢᠯᠠᠯ᠎ᠤᠨ ᠵᠠᠮ ᠬᠠᠷᠢᠯᠴᠠᠭᠠᠨ᠎ᠤ ᠭᠣᠣᠯ ᠨᠢᠷᠤᠭᠤᠪᠴᠢ᠎ᠶᠢ ᠨᠢᠭᠡ ᠲᠡᠩᠭᠡᠯᠢᠭ ᠲᠠᠪᠤᠨ ᠬᠣᠩᠭᠢᠯ᠎ᠢᠶᠠᠷ ᠪᠠᠢᠭᠤᠯᠵᠤ᠂

《 ᠦᠬᠠᠢ᠂ ᠠᠯᠠᠱ᠌ᠠ᠂ ᠬᠠᠢ᠌ᠷᠤᠪ᠎ᠤᠨ ᠲᠣᠬᠣᠢ᠂ ᠮᠠᠨᠵᠤᠤᠷ》᠎ᠤᠨ ᠲᠦᠷᠭᠡᠨ ᠣᠷᠣᠵᠤ ᠤᠳᠠᠭᠠᠨ ᠵᠢᠭᠤᠯᠴᠢᠯᠠᠬᠤ ᠵᠢᠭᠤᠯᠴᠢᠯᠠᠯ᠎ᠤᠨ ᠵᠠᠮ ᠬᠠᠷᠢᠯᠴᠠᠭᠠᠨ᠎ᠤ ᠲᠣᠣᠷ ᠰᠦᠯᠵᠢᠶ᠎ᠡ᠎ᠶᠢ ᠰᠢᠯᠢᠳᠡᠭᠵᠢᠭᠦᠯᠦᠨ᠂ ᠪᠡᠭᠡᠵᠢᠩ ᠲᠢᠶᠠᠨᠵᠢᠨ ᠾᠧᠪᠧᠢ ᠶ᠋ᠢ ᠲᠣᠭᠣᠷᠢᠭ᠍ᠰᠠᠨ 《ᠭᠤᠷᠪᠠᠨ ᠴᠠᠭ᠎ᠤᠨ ᠲᠦᠷᠭᠡᠨ᠎ᠦ ᠲᠡᠮᠦᠷ ᠵᠠᠮ᠎ᠤᠨ ᠵᠢᠭᠤᠯᠴᠢᠯᠠᠯ᠎ᠤᠨ ᠲᠣᠭᠣᠷᠢᠭ᠋ 》 + 《ᠤᠯᠤᠰ᠎ᠤᠨ ᠲᠠᠰ᠎ᠤᠨ ᠰᠡᠯᠡᠭᠦᠴᠡᠯ᠎ᠦᠨ ᠥᠪᠡᠰᠦᠪᠡᠨ ᠲᠡᠷᠭᠡ ᠵᠢᠯᠤᠭᠣᠳᠬᠤ ᠲᠣᠣᠷ 》᠎ᠢ ᠪᠠᠢ᠌ᠭᠤᠯᠵᠤ᠂ ᠵᠠᠮ ᠬᠠᠷᠢᠯᠴᠠᠭ᠎ᠠ ᠵᠢᠭᠤᠯᠴᠢᠯᠠᠯ᠎ᠤᠨ ᠰᠠᠭᠤᠷᠢ ᠲᠥᠬᠦᠭᠡᠷᠦᠮᠵᠢ᠎ᠶᠢ ᠢᠵᠢ ᠪᠦᠷᠢᠳᠦᠭᠦᠯᠦᠨ ᠲᠡᠭᠦᠯᠳᠡᠷᠵᠢᠭᠦᠯᠵᠦ᠂ ᠬᠠᠲᠤᠨ ᠭᠣᠣᠯ᠎ᠤᠨ ᠰᠣᠶᠣᠯ᠂ ᠣᠷᠣᠨ ᠨᠤᠲᠤᠭ᠎ᠤᠨ ᠣᠨᠴᠠᠯᠢᠭ᠋᠎ᠲᠠᠢ ᠨᠢᠭᠡ ᠪᠦᠯᠦᠭ ᠵᠢᠭᠤᠯᠴᠢᠯᠠᠯ᠎ᠤᠨ ᠦᠵᠡᠮᠵᠢ᠎ᠶᠢᠨ ᠵᠠᠮ᠎ᠢ ᠪᠠᠢᠭᠤᠯᠵᠤ᠂ ᠵᠠᠮ ᠬᠠᠷᠢᠯᠴᠠᠭ᠎ᠠ ᠵᠢᠭᠤᠯᠴᠢᠯᠠᠯ᠎ᠤᠨ ᠠᠭᠤᠰᠤᠯᠴᠠᠭᠰᠠᠨ ᠵᠢᠱ᠌ᠢᠶ᠎ᠡ ᠦᠵᠡᠭᠦᠯᠬᠦ 5 ᠲᠥᠷᠥᠯ ᠵᠦᠢᠯ᠎ᠢ ᠪᠣᠶ ᠪᠣᠯᠭᠠᠵᠤ᠂ ᠬᠠᠲᠤᠨ ᠭᠣᠣᠯ᠎ᠤᠨ ᠣᠨᠴᠠᠯᠢᠭ᠍ᠲᠤ ᠵᠢᠭᠤᠯᠴᠢᠯᠠᠯ᠎ᠤᠨ ᠵᠠᠮ ᠬᠠᠷᠢᠯᠴᠠᠭᠠᠨ᠎ᠤ ᠦᠵᠡᠮᠵᠢ᠎ᠶᠢᠨ ᠪᠦᠰᠡ᠂ 《ᠦᠬᠠᠢ᠂ ᠠᠯᠠᠱ᠌ᠠ᠂ ᠬᠠᠢ᠌ᠷᠤᠪ᠎ᠤᠨ ᠲᠣᠬᠣᠢ᠂ ᠮᠠᠨᠵᠤᠤᠷ》 ᠵᠢᠭᠤᠯᠴᠢᠯᠠᠯ᠎ᠤᠨ ᠵᠠᠮ ᠬᠠᠷᠢᠯᠴᠠᠭᠠᠨ᠎ᠤ ᠬᠦᠷᠢᠶ᠎ᠡ᠂ 《ᠪᠡᠭᠡᠵᠢᠩ ᠲᠢᠶᠠᠨᠵᠢᠨ ᠾᠧᠪᠧᠢ ᠶ᠋ᠢ ᠲᠣᠭᠣᠷᠢᠭ᠍ᠰᠠᠨ》 ᠵᠠᠮ ᠬᠠᠷᠢᠯᠴᠠᠭ᠎ᠠ ᠵᠢᠭᠤᠯᠴᠢᠯᠠᠯ᠎ᠤᠨ ᠠᠭᠤᠰᠤᠯᠴᠠᠭᠰᠠᠨ ᠣᠨᠴᠠᠯᠢᠭ᠍ᠲᠤ ᠣᠷᠣᠨ᠎ᠤ 《ᠨᠢᠭᠡ ᠪᠦᠰᠡ ᠨᠢᠭᠡ ᠲᠣᠭᠣᠷᠢᠭ᠋ ᠨᠢᠭᠡ ᠣᠷᠣᠨ》 ᠎ᠤ ᠵᠢᠭᠤᠯᠴᠢᠯᠠᠯ᠎ᠤᠨ ᠵᠠᠮ ᠬᠠᠷᠢᠯᠴᠠᠭᠠᠨ᠎ᠤ ᠲᠤᠭᠲᠠᠯᠴᠠᠭ᠎ᠠ᠎ᠶᠢ ᠦᠨᠳᠦᠰᠦᠨ᠎ᠳᠦ᠎ᠪᠡᠨ ᠪᠣᠶ ᠪᠣᠯᠭᠠᠵᠤ᠂ ᠪᠥᠬᠥ ᠣᠷᠣᠨ᠎ᠤ ᠵᠢᠭᠤᠯᠴᠢᠯᠠᠭ᠍ᠴᠢᠳ᠎ᠤᠨ ᠭᠥᠯᠢᠶᠡᠨ ᠠᠪᠬᠤ ᠬᠡᠮᠵᠢᠶ᠎ᠡ ᠪᠠ ᠵᠢᠭᠤᠯᠴᠢᠯᠠᠯ᠎ᠤᠨ ᠣᠷᠣᠯᠭ᠎ᠠ᠎ᠶᠢᠨ ᠬᠣᠣᠰ ᠨᠡᠮᠡᠭᠳᠡᠯ᠎ᠢ  ᠳᠠᠢ᠌ᠴᠢᠯᠠᠭᠰᠠᠨ ᠪᠠᠢ᠌ᠨ᠎ᠠ᠃

ᠲᠤᠷᠰᠢᠯᠲᠠ᠎ᠶᠢᠨ ᠡᠭᠦᠷᠭᠡ᠎ᠶᠢ ᠬᠡᠷᠡᠭᠵᠢᠭᠦᠯᠬᠦ᠎ᠪᠡᠷ ᠳᠡᠮᠵᠢᠨ᠂ ᠥᠪᠡᠷᠲᠡᠭᠡᠨ ᠵᠠᠰᠠᠬᠤ ᠣᠷᠣᠨ᠎ᠤ ᠣᠷᠣᠨ ᠪᠦᠰᠡ ᠠᠯᠤᠰᠯᠠᠭᠰᠠᠨ ᠵᠠᠮ ᠬᠠᠷᠢᠯᠴᠠᠭᠠᠨ᠎ᠤ ᠲᠣᠣᠷ ᠰᠦᠯᠵᠢᠶᠡᠨ᠎ᠦ ᠪᠦᠲᠦᠭᠡᠨ ᠪᠠᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ ᠵᠠᠮ ᠬᠠᠷᠢᠯᠴᠠᠭ᠎ᠠ ᠵᠢᠭᠤᠯᠴᠢᠯᠠᠯ᠎ᠤᠨ ᠰᠠᠭᠤᠷᠢ ᠪᠡᠯᠡᠳᠬᠡᠮᠵᠢ ᠬᠢᠭᠡᠳ ᠦᠢᠯᠡᠴᠢᠯᠡᠭᠡᠨ᠎ᠦ ᠬᠢᠷᠢ ᠬᠡᠮᠵᠢᠶ᠎ᠡ᠎ᠶᠢ ᠢᠯᠡᠳᠲᠡ ᠳᠡᠭᠡᠭᠰᠢᠯᠡᠭᠦᠯᠵᠦ᠂ ᠵᠢᠭᠤᠯᠴᠢᠯᠠᠯ᠎ᠤᠨ ᠦᠵᠡᠮᠵᠢ᠎ᠶᠢᠨ ᠵᠠᠮ᠎ᠤᠨ ᠪᠦᠲᠦᠭᠡᠨ ᠪᠠᠢᠭᠤᠯᠤᠯᠲᠠ᠂ ᠵᠠᠮ ᠳᠠᠭᠠᠤ᠎ᠶᠢᠨ ᠵᠢᠭᠤᠯᠴᠢᠯᠠᠯ᠎ᠤᠨ ᠡᠬᠢ ᠪᠠᠶᠠᠯᠢᠭ᠋᠎ᠢ ᠨᠡᠭᠡᠭᠡᠨ ᠬᠥᠭᠵᠢᠭᠦᠯᠬᠦ᠂ ᠵᠠᠮ ᠬᠠᠷᠢᠯᠴᠠᠭ᠎ᠠ ᠵᠢᠭᠤᠯᠴᠢᠯᠠᠯ᠎ᠤᠨ ᠦᠢᠯᠡᠴᠢᠯᠡᠭᠡᠨ᠎ᠦ ᠬᠢᠷᠢ ᠬᠡᠮᠵᠢᠶ᠎ᠡ᠎ᠶᠢ ᠳᠡᠭᠡᠭᠰᠢᠯᠡᠭᠦᠯᠬᠦ᠂ ᠵᠠᠮ ᠬᠠᠷᠢᠯᠴᠠᠭ᠎ᠠ ᠵᠢᠭᠤᠯᠴᠢᠯᠠᠯ᠎ᠢ ᠠᠭᠤᠰᠤᠯᠴᠠᠭᠤᠯᠬᠤ ᠲᠥᠷᠥᠯ ᠵᠦᠢᠯ᠎ᠦᠨ ᠪᠡᠯᠡ ᠲᠣᠬᠢᠷᠠᠭᠤᠯᠭ᠎ᠠ ᠵᠡᠷᠭᠡ ᠲᠠᠯ᠎ᠠ᠎ᠪᠠᠷ ᠨᠢᠭᠡ ᠪᠦᠯᠦᠭ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠲᠤᠷᠰᠢᠯᠭ᠎ᠠ ᠪᠠ ᠨᠡᠢᠲᠡᠯᠢᠭ ᠦᠷ᠎ᠡ ᠪᠦᠲᠦᠭᠡᠯ᠎ᠢ ᠪᠣᠶ ᠪᠣᠯᠭᠠᠵᠤ᠂ ᠵᠠᠮ ᠬᠠᠷᠢᠯᠴᠠᠭ᠎ᠠ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ᠎ᠳᠦ ᠯᠠᠪᠯᠠᠯᠲᠠ ᠪᠣᠯᠵᠤ ᠲᠣᠯᠢ ᠪᠣᠯᠭ᠋ᠠᠬᠤ ᠠᠴᠢ ᠬᠣᠯᠪᠣᠭᠳᠠᠯ᠎ᠲᠠᠢ ᠶᠤᠮ᠃ 

ᠳᠠᠷᠠᠭᠠᠴᠢ᠎ᠶᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠡᠴᠡ ᠲᠤᠷᠰᠢᠯᠲᠠ᠎ᠶᠢᠨ ᠴᠡᠭ᠎ᠦᠨ ᠨᠡᠢᠲᠡᠯᠢᠭ ᠲᠤᠷᠰᠢᠯᠭ᠎ᠠ ᠪᠣᠯᠣᠨ ᠲᠡᠷᠢᠭᠦᠨ᠎ᠦ ᠦᠷ᠎ᠡ ᠪᠦᠲᠦᠭᠡᠯ᠎ᠢ ᠭᠦᠢᠴᠡᠳ ᠳ᠋ᠦᠩᠨᠡᠨ ᠪᠣᠯᠪᠠᠰᠤᠷᠠᠭᠤᠯᠵᠤ᠂ ᠦᠷ᠎ᠡ ᠪᠦᠲᠦᠭᠡᠯ᠎ᠢ ᠤᠬᠠᠭᠤᠯᠤᠨ ᠳᠡᠯᠭᠡᠷᠡᠭᠦᠯᠬᠦ ᠪᠠ ᠤᠯᠠᠷᠢᠭᠤᠯᠤᠨ ᠬᠡᠷᠡᠭᠯᠡᠬᠦ᠎ᠶᠢ ᠴᠢᠩᠭᠠᠳᠬᠠᠵᠤ᠂ ᠪᠥᠬᠥ ᠣᠷᠣᠨ᠎ᠤ ᠵᠠᠮ ᠬᠠᠷᠢᠯᠴᠠᠭ᠎ᠠ ᠬᠢᠭᠡᠳ ᠵᠢᠭᠤᠯᠴᠢᠯᠠᠯ᠎ᠤᠨ ᠭᠦᠨᠵᠡᠭᠡᠢ ᠠᠭᠤᠰᠤᠯᠴᠠᠨ ᠬᠥᠭᠵᠢᠬᠦ᠎ᠶᠢ ᠤᠯᠠᠮ ᠨᠢᠭᠡ ᠠᠯᠬᠤᠮ ᠠᠬᠢᠭᠤᠯᠵᠤ᠂ ᠦᠪᠡᠰᠦᠪᠡᠨ ᠵᠢᠯᠤᠭᠤᠳᠴᠦ ᠵᠢᠭᠤᠯᠴᠢᠯᠠᠬᠤ ᠲᠡᠷᠢᠭᠦᠨ ᠰᠣᠩᠭᠣᠯᠲᠠ᠎ᠶᠢᠨ ᠭᠠᠵᠠᠷ᠂ ᠬᠡᠭᠡᠷ᠎ᠡ ᠪᠠᠭᠤᠳᠠᠯᠯᠠᠵᠤ ᠵᠢᠭᠤᠯᠴᠢᠯᠠᠬᠤ ᠰᠢᠯᠢᠳᠡᠭ ᠰᠣᠩᠭᠣᠯᠲᠠ᠎ᠶᠢᠨ ᠭᠠᠵᠠᠷ᠂ ᠠᠮᠠᠷᠠᠯᠲᠠ᠎ᠶᠢᠨ ᠵᠢᠭᠤᠯᠴᠢᠯᠠᠯ᠎ᠤᠨ ᠵᠠᠪᠠᠯ ᠰᠣᠩᠭᠣᠯᠲᠠ᠎ᠶᠢᠨ ᠭᠠᠵᠠᠷ᠂ ᠡᠷᠡᠭᠦᠯᠵᠢᠯ ᠰᠤᠪᠢᠯᠠᠯᠲᠠ ᠵᠢᠭᠤᠯᠴᠢᠯᠠᠯ᠎ᠤᠨ ᠰᠢᠯᠢᠳᠡᠭ ᠰᠣᠩᠭᠣᠯᠲᠠ᠎ᠶᠢᠨ ᠭᠠᠵᠠᠷ᠎ᠤᠨ《ᠵᠢᠭᠤᠯᠴᠢᠯᠠᠯ᠎ᠤᠨ ᠳᠥᠷᠪᠡᠨ ᠭᠠᠵᠠᠷ》᠎ᠤᠨ ᠪᠦᠲᠦᠭᠡᠨ ᠪᠠᠢᠭᠤᠯᠤᠯᠲᠠ᠎ᠳᠤ ᠵᠠᠮ ᠬᠠᠷᠢᠯᠴᠠᠭᠠᠨ᠎ᠤ ᠬᠦᠴᠦᠨ ᠴᠢᠳᠠᠯ᠎ᠢᠶᠠᠨ ᠨᠡᠮᠡᠷᠢᠯᠡᠨ᠎ᠡ᠃ 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            