ᠣᠢᠷ᠎ᠠ᠎ᠳᠤ᠂ ᠥᠪᠥᠷ ᠮᠣᠩᠭᠤᠯ᠎ᠤᠨ 《ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠥᠨᠳᠥᠷ ᠬᠢᠷᠢ ᠲᠦᠪᠱᠢᠨ ᠪᠦᠬᠦᠢ ᠭᠠᠳᠠᠭ᠍ᠰᠢ ᠨᠡᠭᠡᠭᠡᠯᠲᠡ ᠬᠢᠬᠦ᠌》 ᠵᠠᠮ ᠬᠠᠷᠢᠯᠴᠠᠭᠠᠨ᠎ᠤ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢᠨ ᠲᠤᠷᠱᠢᠯᠲᠠ᠎ᠶ᠋ᠢᠨ ᠴᠡᠭ᠎ᠤᠨ ᠡᠭᠦᠷᠭᠡ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠠᠮᠤᠨ᠎ᠤ ᠱᠢᠯᠭᠠᠨ ᠪᠠᠢᠴᠠᠭᠠᠯᠲᠠ᠎ᠳᠤ ᠤᠷᠤᠭ᠍ᠰᠢᠲᠠᠶ ᠪᠠᠲᠤᠯᠠᠭᠳᠠᠪᠠ᠃
12 ᠳ᠋ᠤᠭ᠋ᠠᠷ ᠰᠠᠷ᠎ᠠ᠎ᠶ᠋ᠢᠨ 15 ᠤ ᠡᠳᠦᠷ᠎ᠠᠴᠠ 16 ᠤ ᠡᠳᠦᠷ ᠪᠣᠯᠲᠠᠯ᠎ᠠ᠂ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠠᠮᠤᠨ᠎ᠤ ᠵᠠᠮ ᠬᠠᠷᠢᠯᠴᠠᠭᠠᠨ᠎ᠤ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢᠨ ᠲᠤᠷᠱᠢᠯᠲᠠ᠎ᠶ᠋ᠢᠨ ᠴᠡᠭ᠎ᠤᠨ ᠱᠢᠯᠭᠠᠨ ᠬᠤᠷᠢᠶᠠᠵᠤ ᠦᠨᠡᠯᠡᠨ ᠵᠢᠱ᠌ᠢᠬᠦ᠌ ᠠᠵᠢᠯ᠎ᠤᠨ ᠳᠤᠭᠤᠢᠯᠠᠩ ᠤᠷᠢᠳ ᠬᠤᠵᠢᠳ ᠡᠷᠢᠶᠡᠨ ᠬᠤᠲᠠ᠎ᠶ᠋ᠢᠨ ᠵᠠᠰᠠᠮᠠᠯ ᠵᠠᠮ᠂ ᠲᠡᠮᠦᠷ ᠵᠠᠮ᠂ ᠠᠭᠠᠷ᠎ᠤᠨ ᠠᠶᠠᠯᠠᠯ᠎ᠤᠨ ᠬᠢᠯᠢ᠎ᠶᠢᠨ ᠪᠣᠭᠤᠮᠲᠠ ᠵᠢᠴᠢ S43 ᠬᠥᠬᠡᠬᠤᠲᠠ᠎ᠶ᠋ᠢᠨ ᠨᠢᠰᠭᠡᠯ᠎ᠤᠨ ᠪᠠᠭᠤᠳᠠᠯ᠎ᠤᠨ ᠲᠦᠷᠭᠡᠨ᠎ᠦ ᠵᠠᠰᠠᠮᠠᠯ ᠵᠠᠮ᠂ ᠱᠧᠩ ᠯᠧ ᠣᠯᠠᠨ ᠤᠯᠤᠰ᠎ᠤᠨ ᠨᠢᠰᠭᠡᠯ᠎ᠤᠨ ᠪᠠᠭᠤᠳᠠᠯ ᠵᠡᠷᠭᠡ ᠭᠠᠵᠠᠷ᠎ᠲᠤ ᠬᠦᠷᠴᠦ᠍ ᠠᠬᠤᠢ ᠲᠠᠯᠠᠪᠠᠢ᠎ᠳᠤ ᠨᠢ ᠬᠠᠷᠭᠤᠭᠤᠯᠤᠨ ᠪᠠᠢᠴᠠᠭᠠᠵᠤ᠂ ᠡᠷᠢᠶᠡᠨ ᠬᠤᠲᠠ᠎ᠶ᠋ᠢᠨ ᠬᠢᠯᠢ᠎ᠶ᠋ᠢᠨ ᠠᠷᠠᠳ᠎ᠤᠨ ᠵᠠᠬ᠎ᠠ᠎ᠶ᠋ᠢᠨ ᠠᠷᠠᠯᠵᠢᠶᠠᠨ᠎ᠤ ᠲᠣᠭᠤᠷᠢᠭ᠂ ᠤᠶᠤᠨᠲᠤ ᠬᠢᠯᠢ᠎ᠶᠢᠨ ᠪᠣᠭᠤᠮᠲᠠ᠎ᠶ᠋ᠢᠨ ᠬᠠᠮᠢᠶᠠᠷᠤᠯᠲᠠ᠎ᠶ᠋ᠢᠨ ᠲᠥᠪ᠂ ᠱᠧᠩ ᠯᠧ ᠣᠯᠠᠨ ᠤᠯᠤᠰ᠎ᠤᠨ ᠨᠢᠰᠭᠡᠯ᠎ᠤᠨ ᠪᠠᠭᠤᠳᠠᠯ᠎ᠤᠨ ᠠᠭᠠᠷ ᠠᠶᠠᠯᠠᠯ᠎ᠤᠨ ᠥᠷᠲᠡᠭᠡᠨ᠎ᠤ ᠠᠰᠠᠷ᠎ᠤᠨ ᠲᠡᠷᠭᠡ ᠰᠣᠯᠢᠵᠤ ᠰᠠᠭᠤᠬᠤ ᠲᠥᠪ ᠵᠡᠷᠭᠡ ᠬᠥᠭ᠌ᠵᠢᠯᠲᠡ ᠪᠥᠲᠥᠭᠡᠨ ᠪᠠᠢᠭᠤᠯᠤᠯᠲᠠ᠎ᠶ᠋ᠢᠨ ᠪᠠᠢᠳᠠᠯ᠎ᠢ ᠣᠢᠯᠠᠭᠠᠭ᠍ᠰᠠᠨ ᠪᠥᠭᠡᠳ ᠱᠢᠯᠭᠠᠨ ᠬᠤᠷᠢᠶᠠᠵᠤ ᠦᠨᠡᠯᠡᠨ ᠵᠢᠱ᠌ᠢᠬᠦ᠌ ᠬᠤᠷᠠᠯ᠎ᠢ ᠵᠣᠬᠢᠶᠠᠨ ᠪᠠᠢᠭᠤᠯᠤᠨ ᠬᠤᠷᠠᠯᠳᠤᠭᠤᠯᠵᠤ᠂ ᠮᠠᠨ᠎ᠤ ᠣᠷᠣᠨ᠎ᠤ 《ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠥᠨᠳᠥᠷ ᠬᠢᠷᠢ ᠲᠦᠪᠱᠢᠨ᠎ᠪᠦᠬᠦᠢ ᠭᠠᠳᠠᠭ᠍ᠰᠢ ᠨᠡᠭᠡᠭᠡᠯᠲᠡ ᠬᠢᠬᠦ᠌》 ᠵᠠᠮ ᠬᠠᠷᠢᠯᠴᠠᠭᠠᠨ᠎ᠤ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢᠨ ᠲᠤᠷᠱᠢᠯᠲᠠ᠎ᠶ᠋ᠢᠨ ᠴᠡᠭ᠎ᠤᠨ ᠪᠥᠲᠥᠭᠡᠨ ᠪᠠᠢᠭᠤᠯᠤᠯᠲᠠ᠎ᠶ᠋ᠢᠨ ᠦᠷ᠎ᠡ ᠪᠦᠲᠦᠮᠵᠢ᠎ᠶ᠋ᠢ ᠨᠤᠲᠠᠯᠠᠪᠠ᠃
ᠲᠤᠷᠱᠢᠯᠲᠠ᠎ᠶ᠋ᠢᠨ ᠴᠡᠭ᠎ᠦᠨ ᠡᠭᠦᠷᠭᠡ᠎ᠶ᠋ᠢ ᠬᠡᠷᠡᠭ᠌ᠵᠢᠭᠦᠯᠬᠦ᠌᠎ᠪᠠᠷ ᠳᠠᠮᠵᠢᠭᠤᠯᠤᠨ᠂ ᠮᠠᠨ᠎ᠤ ᠣᠷᠣᠨ ᠮᠠᠨᠵᠤᠤᠷ᠂ ᠡᠷᠢᠶᠡᠨ ᠬᠤᠲᠠ᠂ ᠭᠠᠭ᠍ᠴᠠᠮᠣᠳᠣ ᠭᠤᠣᠯᠳᠠᠯᠭ᠎ᠠ᠎ᠲᠠᠢ ᠬᠢᠯᠢ᠎ᠶᠢᠨ ᠪᠣᠭᠤᠮᠲᠠ᠎ᠶ᠋ᠢᠨ ᠲᠦᠷᠭᠡᠨ᠎ᠦ ᠵᠠᠰᠠᠮᠠᠯ ᠵᠠᠮ᠎ᠢ ᠬᠤᠯᠪᠣᠨ ᠨᠡᠪᠲᠡᠷᠡᠭᠦᠯᠵᠦ᠍᠂ ᠪᠥᠬᠦ᠌ ᠵᠠᠰᠠᠮᠠᠯ ᠵᠠᠮ᠎ᠤᠨ ᠬᠢᠯᠢ ᠶᠢᠨ ᠪᠣᠭᠤᠮᠲᠠ᠎ᠳᠤ ᠬᠤᠶᠠᠳᠤᠭᠠᠷ ᠳᠡᠰ ᠵᠢᠴᠢ ᠲᠡᠭᠦᠨ᠎ᠠᠴᠠ ᠳᠡᠭᠡᠭ᠌ᠰᠢᠬᠢ ᠵᠠᠰᠠᠮᠠᠯ ᠵᠠᠮ ᠢ ᠨᠡᠪᠲᠡᠷᠡᠭᠦᠯᠪᠡ᠃ ᠡᠷᠢᠶᠡᠨ ᠬᠤᠲᠠ᠎ᠶ᠋ᠢᠨ ᠵᠠᠰᠠᠮᠠᠯ ᠵᠠᠮ᠎ᠤᠨ ᠬᠢᠯᠢ ᠶᠢᠨ ᠪᠣᠭᠤᠮᠲᠠ᠎ᠶ᠋ᠢᠨ 《5 ᠶᠢ ᠤᠷᠤᠭᠤᠯᠵᠤ 3 ᠶᠢ ᠭᠠᠷᠭ᠋ᠠᠬᠤ》 ᠬᠢᠯᠢ᠎ᠪᠠᠷ ᠣᠷᠣᠵᠤ ᠭᠠᠷᠬᠤ᠎ᠶ᠋ᠢ ᠥᠷᠭᠡᠳᠭᠡᠬᠦ᠌ ᠨᠡᠪᠲᠡᠷᠡᠬᠦ᠌ ᠵᠠᠮ ᠵᠢᠴᠢ ᠵᠡᠭᠦᠨ ᠬᠠᠲᠠᠪᠴᠢ ᠬᠢᠯᠢ᠎ᠶᠢᠨ ᠪᠣᠭᠤᠮᠲᠠ᠎ᠶ᠋ᠢᠨ 《4 ᠶᠢ ᠤᠷᠤᠭᠤᠯᠵᠤ 2 ᠢ ᠭᠠᠷᠭ᠋ᠠᠬᠤ》 ᠱᠢᠨ᠎ᠡ ᠪᠠᠷᠠᠭᠠᠨ᠎ᠤ ᠲᠡᠭᠡᠭᠡᠪᠦᠷᠢ᠎ᠶ᠋ᠢᠨ ᠵᠠᠮ᠎ᠢ ᠪᠥᠲᠥᠭᠡᠨ ᠪᠠᠢᠭᠤᠯᠵᠤ᠂ ᠮᠠᠨ᠎ᠤ ᠣᠷᠣᠨ᠎ᠤ ᠠᠩᠬᠠᠳᠠᠭ᠍ᠴᠢ 4F ᠲᠠᠰ᠎ᠤᠨ ᠨᠢᠰᠭᠡᠯ᠎ᠤᠨ ᠪᠠᠭᠤᠳᠠᠯ — ᠬᠥᠬᠡᠬᠤᠲᠠ᠎ᠶ᠋ᠢᠨ ᠱᠧᠩ ᠯᠧ ᠣᠯᠠᠨ ᠤᠯᠤᠰ᠎ᠤᠨ ᠨᠢᠰᠭᠡᠯ᠎ᠤᠨ ᠪᠠᠭᠤᠳᠠᠯ᠎ᠢ ᠪᠠᠢᠭᠤᠯᠵᠤ᠂ ᠰᠠᠭᠤᠷᠢ ᠪᠡᠯᠡᠳᠭᠡᠮᠵᠢ᠎ᠶ᠋ᠢᠨ 《ᠴᠢᠩᠭ᠎ᠠ ᠬᠤᠯᠪᠤᠯᠳᠤᠨ ᠨᠡᠪᠲᠡᠷᠡᠯᠴᠡᠬᠦ》 ᠶᠢᠨ ᠪᠥᠲᠥᠭᠡᠨ ᠪᠠᠢᠭᠤᠯᠤᠯᠲᠠ ᠢᠯᠡᠳᠲᠡ ᠦᠷ᠎ᠡ ᠪᠦᠲᠦᠮᠵᠢ ᠤᠯᠪᠠ᠃ 8 ᠰᠠᠭᠤᠳᠠᠯ ᠠ᠋ᠴᠠ ᠳᠣᠷᠣᠭ᠍ᠰᠢᠬᠢ 5 ᠵᠦᠢᠯ᠎ᠦᠨ ᠵᠢᠵᠢᠭ ᠬᠡᠯᠪᠡᠷᠢ᠎ᠶᠢᠨ ᠮᠠᠰᠢᠨ ᠲᠡᠷᠭᠡ᠎ᠶᠢᠨ ᠬᠢᠯᠢ ᠳᠠᠪᠠᠬᠤ ᠳᠦᠷᠢᠮ᠎ᠢ ᠨᠡᠢᠲᠡᠯᠡᠵᠦ᠂ ᠮᠣᠩᠭᠣᠯ᠎ᠤᠨ ᠭᠣᠣᠯ ᠪᠣᠯᠬᠤ ᠬᠢᠯᠢ᠎ᠶᠢᠨ ᠪᠣᠭᠣᠮᠲᠠ᠎ᠳᠤ 8 ᠰᠠᠭᠤᠳᠠᠯ ᠠ᠋ᠴᠠ ᠳᠣᠷᠣᠭ᠍ᠰᠢᠬᠢ ᠵᠢᠵᠢᠭ ᠬᠡᠯᠪᠡᠷᠢ᠎ᠶᠢᠨ ᠮᠠᠰᠢᠨ ᠲᠡᠷᠭᠡ ᠨᠡᠪᠲᠡᠷᠡᠬᠦ᠎ᠶᠢ ᠪᠡᠶᠡᠯᠡᠭᠦᠯᠵᠦ᠂ ᠬᠣᠶᠠᠷ ᠲᠠᠯ᠎ᠠ᠎ᠶᠢᠨ ᠬᠢᠯᠢ᠎ᠶᠢᠨ ᠠᠷᠠᠳ᠎ᠤᠨ ᠥᠪᠡᠰᠦᠪᠡᠨ ᠵᠢᠯᠤᠭᠣᠳᠴᠤ ᠬᠤᠳᠠᠯᠳᠤᠨ ᠠᠪᠬᠤ᠎ᠳᠤ ᠨᠠᠩ ᠲᠥᠬᠥᠮ ᠪᠣᠯᠭᠠᠪᠠ᠃ TIR᠂ AEO ᠵᠡᠷᠭᠡ ᠲᠥᠷᠥᠯ ᠵᠦᠢᠯ᠎ᠢ ᠨᠠᠢᠳᠠᠪᠤᠷᠢᠵᠢᠭᠤᠯᠵᠤ᠂ ᠳᠤᠮᠳᠠᠳᠤ ᠮᠣᠩᠭᠤᠯ᠎ᠤᠨ ᠬᠢᠯᠢ ᠠᠯᠤᠰᠯᠠᠭ᠍ᠰᠠᠨ ᠠᠵᠤ ᠠᠬᠤᠢ᠎ᠶ᠋ᠢᠨ ᠬᠠᠮᠲᠤᠷᠠᠯᠴᠠᠭᠠᠨ᠎ᠤ ᠣᠷᠣᠨ ᠵᠥᠪᠱᠢᠶᠡᠷᠡᠭ᠌ᠳᠡᠵᠦ᠍᠂ ᠣᠯᠠᠨ ᠤᠯᠤᠰ᠎ᠤᠨ ᠬᠠᠮᠲᠤᠷᠠᠯᠴᠠᠭ᠎ᠠ ᠰᠣᠯᠢᠯᠴᠠᠭᠠᠨ᠎ᠤ ᠲᠣᠭ᠍ᠲᠠᠴᠠ ᠲᠠᠰᠤᠷᠠᠯᠲᠠ ᠦᠭᠡᠢ ᠲᠡᠭᠦᠯᠳᠡᠷᠵᠢᠵᠦ᠍᠂ ᠭᠠᠳᠠᠭᠠᠳᠤ ᠠᠷᠠᠯᠵᠢᠶᠠᠨ᠎ᠤ 《ᠵᠥᠭᠡᠯᠡᠨ ᠬᠤᠯᠪᠤᠯᠳᠤᠨ ᠨᠡᠪᠲᠡᠷᠡᠯᠴᠡᠬᠦ》 ᠶ᠋ᠢᠨ ᠬᠢᠷᠢ ᠲᠦᠪᠱᠢᠨ ᠢᠯᠡᠳᠲᠡ ᠳᠡᠭᠡᠭ᠌ᠰᠢᠯᠡᠪᠡ᠃ ᠡᠭᠦᠨ᠎ᠤ ᠬᠠᠮᠲᠤ᠌᠂ ᠣᠯᠠᠨ ᠵᠦᠢᠯ᠎ᠤᠨ ᠬᠢᠯᠢ᠎ᠶᠢᠨ ᠪᠣᠭᠤᠮᠲᠠ᠎ᠪᠠᠷ ᠥᠩᠭᠡᠷᠡᠬᠦ᠌᠎ᠶ᠋ᠢ ᠳᠥᠭᠦᠮᠴᠢᠯᠡᠬᠦ᠌ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠵᠦ᠍᠂ 10 ᠵᠠᠰᠠᠮᠠᠯ ᠵᠠᠮ᠎ᠤᠨ ᠬᠢᠯᠢ᠎ᠶᠢᠨ ᠪᠣᠭᠤᠮᠲᠠ᠎ᠶ᠋ᠢ ᠤᠶᠤᠨᠲᠤ ᠪᠣᠭᠤᠮᠲᠠ ᠪᠣᠯᠭᠠᠨ ᠪᠠᠢᠭᠤᠯᠵᠤ᠂ ᠮᠠᠨᠵᠤᠤᠷ᠂ ᠡᠷᠢᠶᠡᠨ ᠬᠤᠲᠠ᠎ᠶ᠋ᠢᠨ ᠪᠣᠭᠤᠮᠲᠠ᠎ᠨᠢ ᠤᠯᠤᠰ᠎ᠤᠨ ᠣᠶᠤᠨᠲᠤ ᠪᠣᠭᠤᠮᠲᠠ᠎ᠶ᠋ᠢᠨ ᠲᠤᠷᠱᠢᠯᠲᠠ᠎ᠶ᠋ᠢᠨ ᠴᠡᠭ᠎ᠲᠤ ᠰᠣᠩᠭᠤᠭ᠍ᠳᠠᠵᠤ᠂ 14 ᠬᠢᠯᠢ ᠶᠢᠨ ᠪᠣᠭᠤᠮᠲᠠ᠎ᠨᠢ 《ᠭᠠᠭ᠍ᠴᠠ ᠴᠣᠩᠬᠤᠪᠴᠢ》 ᠪᠠᠷ ᠪᠦᠬᠦᠨ᠎ᠢ ᠬᠠᠮᠤᠷᠬᠤ᠎ᠶ᠋ᠢ ᠪᠡᠶᠡᠯᠡᠭᠦᠯᠵᠦ᠍᠂ ᠴᠡᠭᠡ ᠬᠢᠯᠢ᠎ᠶᠢᠨ ᠪᠣᠭᠤᠮᠲᠠ᠎ᠨᠢ ᠪᠥᠬᠦ᠌ ᠤᠯᠤᠰ᠎ᠤᠨ ᠠᠩᠬᠠᠳᠠᠭ᠍ᠴᠢ 《ᠠᠦ᠋ᠲ᠋ᠣ᠋ ᠵᠢᠯᠤᠭᠤᠳᠬᠤ》 ᠬᠢᠯᠢ ᠠᠯᠤᠰᠯᠠᠭ᠍ᠰᠠᠨ ᠲᠡᠭᠡᠭᠡᠪᠦᠷᠢ᠎ᠶ᠋ᠢᠨ ᠬᠠᠭᠤᠷᠠᠶ ᠵᠠᠮ᠎ᠤᠨ ᠬᠢᠯᠢ᠎ᠶᠢᠨ ᠪᠣᠭᠤᠮᠲᠠ ᠪᠣᠯᠵᠣ᠂ ᠵᠢᠯᠣᠭᠤᠴᠢ ᠥᠬᠡᠶ ᠬᠢᠯᠢ ᠠᠯᠤᠰᠯᠠᠭ᠍ᠰᠠᠨ ᠲᠡᠭᠡᠭᠡᠪᠦᠷᠢ᠎ᠶ᠋ᠢᠨ ᠱᠢᠨ᠎ᠡ ᠵᠠᠭ᠍ᠪᠤᠷ᠎ᠢ ᠪᠣᠶ ᠪᠣᠯᠭᠠᠪᠠ᠃ ᠭᠠᠭ᠍ᠴᠠᠮᠣᠳᠣ ᠬᠢᠯᠢ᠎ᠶ᠋ᠢᠨ ᠪᠣᠭᠤᠮᠲᠠ᠎ᠶ᠋ᠢᠨ AGV (ᠠᠦ᠋ᠲ᠋ᠣ᠋᠎ᠪᠠᠷ ᠬᠥᠲᠥᠯᠦᠨ ᠵᠢᠯᠣᠭᠤᠳᠭᠤ ᠲᠡᠭᠡᠭᠡᠪᠦᠷᠢ᠎ᠶ᠋ᠢᠨ ᠲᠡᠷᠭᠡ) ᠳᠠᠩ ᠡᠳᠦᠷ᠎ᠤᠨ ᠲᠡᠭᠡᠭᠡᠪᠦᠷᠢ᠎ᠶ᠋ᠢᠨ ᠬᠡᠮᠵᠢᠶ᠎ᠡ 3 ᠲᠦᠮᠡᠨ ᠲᠣᠨ᠎ᠢ ᠳᠠᠪᠠᠵᠤ᠂ ᠪᠣᠭᠤᠮᠲᠠ᠎ᠪᠠᠷ ᠥᠩᠭᠡᠷᠡᠬᠦ᠌᠎ᠶ᠋ᠢ 30 ᠰᠧᠺᠦ᠋ᠨ᠋ᠳ᠋᠎ᠤᠨ ᠳᠣᠲᠣᠷ᠎ᠠ ᠪᠣᠯᠭᠠᠨ ᠪᠣᠭᠤᠨᠢᠰᠭᠠᠵᠤ᠂ ᠮᠠᠨᠳᠤᠯ᠂ ᠡᠷᠢᠶᠡᠨ ᠬᠤᠲᠠ᠎ᠶᠢᠨ ᠬᠤᠣᠰ ᠴᠢᠷᠦᠭᠦᠯ ᠮᠠᠱᠢᠨ ᠲᠡᠷᠭᠡᠨ᠎ᠤ ᠴᠤᠪᠤᠭ᠎ᠠ ᠲᠡᠷᠭᠡ᠂ ᠵᠠᠳᠠᠭᠠᠢ ᠤᠷᠤᠢ ᠲᠠᠢ ᠬᠠᠢ᠌ᠷᠴᠠᠭ᠎ᠲᠤ ᠲᠡᠭᠡᠭᠡᠪᠦᠷᠢ᠎ᠶ᠋ᠢᠨ ᠵᠠᠭ᠍ᠪᠤᠷ᠎ᠤᠨ ᠱᠢᠨ᠎ᠡ᠎ᠶ᠋ᠢ ᠡᠭᠦᠳᠴᠦ᠍᠂ ᠬᠢᠯᠢ ᠠᠯᠤᠰᠯᠠᠭ᠍ᠰᠠᠨ ᠪᠠᠷᠠᠭᠠᠨ᠎ᠤ ᠭᠦᠢᠯᠭᠡᠭᠡᠨ᠎ᠤ ᠦᠷ᠎ᠡ ᠪᠦᠲᠦᠮᠵᠢ ᠬᠢᠭᠡᠳ ᠳᠥᠭᠦᠮᠴᠢᠯᠡᠭ᠌ᠰᠡᠨ ᠬᠢᠷᠢ ᠲᠦᠪᠱᠢᠨ᠎ᠢ ᠪᠦᠲᠦᠮᠵᠢᠲᠡᠶ ᠳᠡᠭᠡᠭ᠌ᠰᠢᠯᠡᠭᠦᠯᠪᠡ᠃
ᠲᠠᠷᠠᠭᠠᠴᠢ᠎ᠶ᠋ᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠨᠢ ᠲᠤᠷᠱᠢᠯᠲᠠ᠎ᠶ᠋ᠢᠨ ᠴᠡᠭ᠎ᠤᠨ ᠨᠡᠢᠲᠡᠯᠢᠭ ᠲᠤᠷᠱᠢᠯᠭ᠎ᠠ ᠪᠠ ᠲᠡᠷᠢᠭᠦᠨ᠎ᠤ ᠦᠷ᠎ᠡ ᠪᠦᠲᠦᠭᠡᠯ᠎ᠢ ᠭᠦᠶ᠋ᠴᠡᠳ ᠳ᠋ᠦᠩᠨᠡᠨ ᠪᠣᠯᠪᠠᠰᠤᠷᠠᠭᠤᠯᠵᠤ᠂ ᠱᠢᠯᠢᠳᠡᠭ ᠬᠡᠷᠡᠭ᠎ᠤᠨ ᠵᠢᠱ᠌ᠢᠶ᠎ᠡ᠎ᠶ᠋ᠢ ᠤᠬᠠᠭᠤᠯᠬᠤ ᠡᠷᠴᠢᠮ᠎ᠢᠶᠠᠨ ᠴᠢᠩᠭᠠᠷᠠᠭᠤᠯᠤᠨ᠂ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ᠎ᠤᠨ ᠬᠥᠲᠥᠯᠦᠨ ᠳᠠᠭᠠᠭᠤᠯᠬᠤ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠬᠡᠪ ᠳᠠᠭᠤᠷᠢᠶᠠᠯ᠎ᠤᠨ ᠦᠶ᠋ᠯᠡᠳᠦᠯ᠎ᠢᠶᠠᠷ ᠠᠵᠢᠯ ᠲᠥᠷᠥᠯ᠎ᠤᠨ ᠱᠢᠨ᠎ᠡ᠎ᠶ᠋ᠢ ᠡᠭᠦᠳᠬᠦ᠌ ᠪᠠ ᠬᠥᠭ᠌ᠵᠢᠯᠲᠡ᠎ᠶ᠋ᠢ ᠳᠠᠢᠴᠢᠯᠠᠨ᠎ᠠ᠃ ᠥᠪᠡᠷᠲᠡᠭᠡᠨ ᠵᠠᠰᠠᠬᠤ ᠣᠷᠣᠨ᠎ᠤ ᠥᠨᠳᠥᠷ ᠲᠦᠪᠱᠢᠨ ᠪᠥᠬᠦᠶ ᠭᠠᠳᠠᠭᠠᠳᠤ ᠨᠡᠭᠡᠭᠡᠯᠲᠡ᠎ᠶ᠋ᠢ ᠥᠷᠭᠡᠳᠭᠡᠬᠦ᠌᠎ᠪᠠᠷ ᠳᠠᠮᠵᠢᠭᠤᠯᠤᠨ᠂ ᠥᠨᠳᠥᠷ ᠲᠦᠪᠱᠢᠨ ᠪᠥᠬᠦᠶ ᠭᠠᠳᠠᠭᠠᠳᠤ ᠨᠡᠭᠡᠭᠡᠯᠲᠡ᠎ᠶ᠋ᠢᠨ ᠪᠠᠢᠭᠤᠯᠤᠯ ᠲᠣᠭ᠍ᠲᠠᠴᠠ᠎ᠶ᠋ᠢ ᠦᠷᠭᠦᠯᠵᠢᠯᠡᠨ ᠲᠡᠭᠦᠯᠳᠡᠷᠵᠢᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭ᠍ᠰᠠᠨ ᠥᠪᠥᠷ ᠮᠣᠩᠭᠤᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃