ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠠᠮ ᠬᠠᠷᠢᠯᠴᠠᠭᠠᠨ᠎ᠤ ᠴᠢᠬᠤᠯᠠ ᠮᠡᠳᠡᠭᠡ
ᠥᠪᠥᠷ ᠮᠣᠩᠭᠤᠯ᠎ᠤᠨ ᠨᠢᠭᠡ ᠤᠳᠠᠭ᠎ᠠ᠎ᠶ᠋ᠢᠨ ᠴᠢᠨᠠᠷᠲᠠᠢ᠎ᠪᠠᠷ ᠬᠠᠮᠤᠭ᠎ᠤᠨ ᠤᠷᠲᠤ ᠲᠦᠷᠭᠡᠨ᠎ᠦ ᠲᠡᠮᠦᠷ ᠵᠠᠮ ᠠᠰᠢᠭᠯᠠᠯᠲᠠ᠎ᠳᠤ ᠣᠷᠣᠵᠦ ᠲᠡᠷᠭᠡ ᠨᠡᠪᠲᠡᠷᠡᠪᠡ
ᠨᠡᠶ᠋ᠢᠲᠡᠯᠡᠭᠰᠡᠨ ᠴᠠᠭ᠄ 2025-12-24

12 ᠳ᠋ᠤᠭ᠋ᠠᠷ ᠰᠠᠷ᠎ᠠ᠎ᠶ᠋ᠢᠨ 23 ᠎ᠤ ᠡᠳᠦᠷ᠎ᠤᠨ 10 ᠴᠠᠭ 8 ᠮᠢᠨᠦ᠋ᠲ᠎ᠲᠤ᠌᠂ D4667 ᠡᠭᠡᠯᠵᠢ᠎ᠶ᠋ᠢᠨ ᠭᠠᠯᠲᠦ ᠲᠡᠷᠭᠡ ᠥᠪᠥᠷ ᠮᠣᠩᠭᠤᠯ᠎ᠤᠨ ᠪᠤᠭᠤᠲᠤ ᠦᠷᠳᠡᠭᠡ᠎ᠠᠴᠠ ᠮᠣᠷᠳᠠᠵᠤ᠂ ᠪᠤᠭᠤᠲᠤ᠎ᠠᠴᠠ ᠢᠷᠭᠠᠢ ᠬᠦᠷᠬᠦ᠌ ᠲᠦᠷᠭᠡᠨ᠎ᠤ ᠲᠡᠮᠦᠷ ᠵᠠᠮ᠎ᠤᠨ ᠪᠤᠭᠤᠲᠤ᠎ᠠᠴᠠ ᠬᠤᠢ ᠨᠦᠩ ᠬᠦᠷᠬᠦ ᠪᠦᠬᠦ᠌ ᠱᠤᠭᠤᠮ᠎ᠢᠶᠠᠷ᠎ᠢᠶᠠᠨ ᠲᠡᠷᠭᠡ ᠨᠡᠪᠲᠡᠷᠡᠭ᠌ᠰᠡᠨ᠎ᠢ ᠬᠠᠷᠠᠭᠤᠯᠵᠤ ᠪᠠᠢᠨ᠎ᠠ᠃

ᠪᠤᠭᠤᠲᠤ᠎ᠠ᠋ᠴᠠ ᠢᠷᠭᠠᠢ ᠬᠦᠷᠬᠦ᠌ ᠲᠦᠷᠭᠡᠨ᠎ᠦ ᠲᠡᠮᠦᠷ ᠵᠠᠮ᠎ᠤ᠋ᠨ ᠪᠤᠭᠤᠲᠤ᠎ᠠᠴᠠ ᠬᠤᠢ ᠨᠦᠩ ᠬᠦᠷᠬᠦ ᠬᠡᠰᠡᠭ ᠪᠦᠬᠦ᠌ ᠤᠷᠲᠤ ᠨᠢ 422 ᠺᠢᠯᠣᠮᠧᠲ᠋ᠷ᠂ ᠲᠥᠯᠥᠪᠯᠡᠭ᠌ᠰᠡᠨ ᠴᠠᠭ᠎ᠤ᠋ᠨ ᠬᠤᠷᠳᠤᠴᠠ ᠨᠢ 250 ᠺᠢᠯᠣᠮᠧᠲ᠋ᠷ ᠪᠣᠯᠤᠨ᠎ᠠ᠃ ᠡᠭᠦᠨ᠎ᠳᠤ᠂ ᠥᠪᠥᠷ ᠮᠣᠩᠭᠤᠯ᠎ᠤᠨ ᠬᠡᠰᠡᠭ᠎ᠲᠤ ᠪᠤᠭᠤᠲᠤ᠌᠂ ᠪᠠᠶᠠᠨᠬᠤᠸᠠ᠎ᠶ᠋ᠢᠨ ᠪᠠᠷᠠᠭᠤᠨ᠂ ᠤᠷᠠᠳ᠎ᠤᠨ ᠡᠮᠦᠨᠡᠲᠦ ᠬᠤᠱᠢᠭᠤ᠂ ᠦᠶᠤᠸᠠᠨ᠂ ᠪᠠᠶᠠᠨᠨᠠᠭᠤᠷ᠂ ᠳ᠋ᠧᠩᠺᠸᠤ᠂ ᠵᠢᠶᠠᠨ ᠭᠦᠢ᠂ ᠦᠬᠠᠢ᠂ ᠦᠬᠠᠢ ᠎ᠶᠢᠨ ᠡᠮᠦᠨ᠎ᠡ ᠵᠡᠷᠭᠡ 9 ᠰᠠᠥᠷᠢ ᠲᠡᠷᠭᠡᠨ ᠥᠷᠲᠡᠭᠡ᠎ᠶ᠋ᠢ ᠪᠠᠢᠭᠤᠯᠵᠤ᠂ ᠨᠡᠢᠲᠡ 402 ᠺᠢᠯᠣᠮᠧᠲᠷ᠂ ᠥᠪᠥᠷ ᠮᠣᠩᠭᠤᠯ᠎ᠤᠨ ᠨᠢᠭᠡ ᠤᠳᠠᠭ᠎ᠠ᠎ᠶ᠋ᠢᠨ ᠴᠢᠨᠠᠷᠲᠠᠢ᠎ᠪᠠᠷ ᠬᠠᠮᠤᠭ᠎ᠤᠨ ᠤᠷᠲᠤ ᠲᠦᠷᠭᠡᠨ᠎ᠦ ᠲᠡᠮᠦᠷ ᠵᠠᠮ᠎ᠤᠨ ᠲᠥᠷᠥᠯ ᠵᠦᠢᠯ ᠪᠣᠯᠣᠨ᠎ᠠ᠃

ᠪᠤᠭᠤᠲᠤ᠎ᠠ᠋ᠴᠠ ᠢᠷᠭᠠᠢ ᠬᠦᠷᠬᠦ᠌ ᠲᠦᠷᠭᠡᠨ᠎ᠦ ᠲᠡᠮᠦᠷ ᠵᠠᠮ᠎ᠤ᠋ᠨ ᠪᠤᠭᠤᠲᠤ᠎ᠠᠴᠠ ᠬᠤᠢ ᠨᠦᠩ ᠬᠦᠷᠬᠦ ᠬᠡᠰᠡᠭ ᠨᠢ ᠪᠣᠷᠣᠳᠣᠬᠣᠢ᠎ᠶᠢᠨ ᠲᠠᠯ᠎ᠠ ᠭᠠᠵᠠᠷ᠎ᠢᠶᠠᠷ ᠥᠩᠭᠡᠷᠡᠵᠦ᠂ ᠤᠯᠠᠭᠠᠨᠪᠤᠬ᠎ᠠ᠎ᠶᠢᠨ ᠡᠯᠡᠰᠦᠨ ᠴᠦᠯ᠎ᠦᠨ ᠵᠠᠬ᠎ᠠ᠎ᠶᠢᠨ ᠣᠷᠣᠨ ᠪᠦᠰᠡ ᠪᠣᠯᠣᠨ ᠬᠠᠲᠤᠨ ᠭᠣᠣᠯ᠎ᠢ ᠳᠠᠭᠠᠨ ᠤᠷᠤᠭᠰᠢᠯᠠᠵᠤ᠂ ᠵᠠᠮ ᠳᠠᠭᠠᠤ᠎ᠶᠢᠨ ᠭᠠᠵᠠᠷ ᠰᠢᠨᠵᠢᠯᠡᠭᠡ᠂ ᠤᠰᠤᠨ ᠵᠦᠢ᠎ᠶᠢᠨ ᠣᠷᠴᠢᠨ ᠲᠣᠭᠣᠷᠢᠨ ᠨᠠᠷᠢᠨ ᠪᠤᠳᠤᠯᠢᠶᠠᠨᠲᠠᠢ᠂ ᠪᠠᠷᠢᠯᠭ᠎ᠠ᠎ᠶᠢᠨ ᠠᠵᠢᠯ᠎ᠤᠨ ᠬᠦᠴᠢᠷᠳᠡᠯ ᠶᠡᠬᠡ ᠪᠠᠢ᠌ᠳᠠᠭ᠃ 2022 ᠣᠨ᠎ᠤ 4 ᠳ᠋ᠦ᠍ᠭᠡᠷ ᠰᠠᠷ᠎ᠠ᠎ᠳᠤ ᠪᠠᠷᠢᠯᠭ᠎ᠠ ᠡᠬᠢᠯᠡᠭᠰᠡᠨ᠎ᠡᠴᠡ ᠨᠠᠭ᠋ᠠᠰᠢ᠂ ᠲᠡᠮᠦᠷ ᠵᠠᠮ᠎ᠤᠨ ᠪᠦᠲᠦᠭᠡᠨ ᠪᠠᠢᠭᠤᠯᠤᠭ᠍ᠴᠢᠳ ᠪᠣᠬᠢᠷᠲᠤᠯ ᠦᠭᠡᠢ ᠬᠥᠭᠵᠢᠯᠲᠡ᠎ᠶᠢᠨ ᠣᠢᠯᠠᠭᠠᠭᠳᠠᠬᠤᠨ᠎ᠢ ᠪᠠᠷᠢᠮᠲᠠᠯᠠᠵᠤ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠣᠭᠣᠮᠲᠠ ᠰᠢᠪᠲᠤᠯᠬᠤ ᠡᠷᠴᠢᠮ᠎ᠢᠶᠡᠨ ᠴᠢᠩᠭᠠᠷᠠᠭᠤᠯᠵᠤ᠂ ᠰᠢᠨ᠎ᠡ ᠮᠡᠷᠭᠡᠵᠢᠯ ᠰᠢᠨ᠎ᠡ ᠤᠷ᠎ᠠ ᠮᠡᠷᠭᠡᠵᠢᠯ᠎ᠢ ᠥᠷᠭᠡᠨ᠎ᠢᠶᠡᠷ ᠬᠡᠷᠡᠭᠯᠡᠵᠦ᠂ ᠠᠮᠤᠷ ᠲᠦᠪᠰᠢᠨ᠂ ᠶᠠᠰᠤ ᠴᠢᠨᠠᠷ ᠪᠣᠯᠣᠨ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠡᠵᠡᠮᠳᠡᠯ᠎ᠢ ᠴᠢᠩᠭᠠᠳᠬᠠᠵᠤ᠂ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢ ᠴᠢᠨᠠᠷ ᠰᠠᠢᠲᠠᠢ ᠥᠨᠳᠥᠷ ᠪᠦᠲᠦᠮᠵᠢᠲᠡᠢ ᠠᠬᠢᠭᠤᠯᠵᠤ᠂ ᠳ᠋ᠸᠩᠺᠸᠤ᠎ᠶᠢᠨ ᠬᠠᠳᠤᠨ ᠭᠣᠣᠯ᠎ᠤᠨ ᠣᠨᠴᠠ ᠶᠡᠬᠡ ᠬᠥᠭᠥᠷᠭᠡ᠂ ᠭᠠᠨᠳᠠᠷᠢ ᠠᠭᠤᠯᠠ᠎ᠶᠢᠨ ᠨᠦᠬᠡᠨ ᠵᠠᠮ ᠵᠡᠷᠭᠡ ᠭᠣᠣᠯᠳᠠᠯᠭ᠎ᠠ᠎ᠲᠠᠢ ᠢᠨᠵᠧᠨᠧᠷᠢᠩ᠎ᠢ ᠪᠠᠢᠭᠤᠯᠵᠤ᠂ ᠲᠦᠷᠦᠯ ᠵᠦᠢᠯ᠎ᠢ ᠲᠣᠭᠲᠠᠭᠰᠠᠨ ᠬᠤᠭᠤᠴᠠᠭᠠᠨ᠎ᠳᠤ ᠪᠠᠢᠭᠤᠯᠵᠤ ᠳᠠᠭᠤᠰᠬᠠᠬᠤ᠎ᠶᠢ ᠪᠠᠲᠤᠯᠠᠪᠠ᠃ 

ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠷᠦᠩ ᠶᠣᠣ ᠲᠠᠨᠢᠯᠴᠠᠭᠤᠯᠬᠤ᠎ᠳᠠᠭᠠᠨ᠂ ᠪᠤᠭᠤᠲᠤ᠎ᠠᠴᠠ ᠢᠷᠭᠠᠶ ᠬᠥᠷᠬᠦ᠌ ᠲᠦᠷᠭᠡᠨ᠎ᠦ ᠲᠡᠮᠦᠷ ᠵᠠᠮ᠎ᠨᠢ ᠤᠯᠤᠰ᠎ᠤᠨ 《ᠨᠠᠢ᠍ᠮᠠᠨ ᠭᠤᠯᠳᠤ ᠨᠠᠢ᠍ᠮᠠᠨ ᠬᠥᠨᠳᠡᠯᠡᠨ》  ᠲᠦᠷᠭᠡᠨ᠎ᠦ ᠲᠡᠮᠦᠷ ᠵᠠᠮ᠎ᠤᠨ ᠲᠣᠣᠷ᠎ᠤᠨ ᠪᠡᠭᠡᠵᠢᠩ᠎ᠡᠴᠡ ᠯᠠᠨᠵᠸᠤ ᠬᠦᠷᠬᠦ ᠨᠡᠪᠲᠡᠷᠡᠯ ᠵᠠᠮ᠎ᠤᠨ ᠴᠢᠬᠤᠯᠠ ᠪᠦᠷᠢᠯᠳᠦᠬᠦᠨ ᠬᠡᠰᠡᠭ ᠪᠣᠯᠤᠭ᠍ᠰᠠᠨ᠎ᠤ ᠬᠤᠪᠢ᠎ᠳᠤ᠂ ᠪᠡᠭᠡᠵᠢᠩ᠎ᠡᠴᠡ ᠪᠤᠭᠤᠲᠤ ᠬᠦᠷᠬᠦ᠂ ᠢᠷᠭᠠᠶ ᠡᠴᠡ ᠯᠠᠨᠵᠸᠤ ᠬᠦᠷᠬᠦ᠂ ᠢᠷᠭᠠᠶ᠎ᠡᠴᠡ ᠰᠢ ᠠᠨ ᠬᠦᠷᠬᠦ ᠲᠦᠷᠭᠡᠨ᠎ᠦ ᠲᠡᠮᠦᠷ ᠵᠠᠮ ᠵᠡᠷᠭᠡ ᠣᠯᠠᠨ ᠭᠤᠤᠯ ᠱᠤᠭᠤᠮ᠎ᠲᠠᠢ ᠬᠤᠯᠪᠣᠯᠳᠤᠵᠤ ᠪᠠᠢᠳᠠᠭ᠃ ᠪᠤᠭᠤᠲᠤ᠎ᠠᠴᠠ ᠢᠷᠭᠠᠢ ᠬᠦᠷᠬᠦ᠌ ᠲᠦᠷᠭᠡᠨ᠎ᠤ ᠲᠡᠮᠦᠷ ᠵᠠᠮ᠎ᠤᠨ ᠪᠤᠭᠤᠲᠤ᠎ᠠᠴᠠ ᠬᠤᠢ ᠨᠦᠩ ᠬᠦᠷᠬᠦ᠌ ᠬᠡᠰᠡᠭ᠎ᠢ ᠪᠠᠢᠭᠤᠯᠵᠤ ᠳᠠᠭᠤᠰᠭᠠᠭᠠᠳ ᠲᠡᠷᠭᠡ ᠨᠡᠪᠲᠡᠷᠡᠭᠦᠯᠦᠭ᠌ᠰᠡᠨ᠎ᠨᠢ ᠪᠤᠭᠤᠲᠤ᠎ᠠᠴᠠ ᠢᠷᠭᠠᠢ ᠬᠦᠷᠬᠦ᠌ ᠲᠦᠷᠭᠡᠨ᠎ᠤ ᠲᠡᠮᠦᠷ ᠵᠠᠮ ᠪᠦᠬᠦ᠌ ᠱᠤᠭᠤᠮ᠎ᠢᠶᠠᠷ᠎ᠢᠶᠠᠨ ᠨᠡᠪᠲᠡᠷᠡᠭ᠌ᠰᠡᠨ᠎ᠢ ᠬᠠᠷᠠᠭᠤᠯᠵᠤ᠂ ᠪᠡᠭᠡᠵᠢᠩ᠂ ᠾᠧᠪᠸᠢ᠂ ᠥᠪᠥᠷ ᠮᠣᠩᠭᠤᠯ᠂ ᠨᠢᠩᠱᠢᠶᠠ᠂ ᠭᠠᠨᠰᠦ᠎ᠶ᠋ᠢᠨ ᠪᠡᠭᠡᠵᠢᠩ᠎ᠡᠴᠡ ᠯᠠᠨᠵᠸᠤ ᠬᠦᠷᠬᠦ ᠨᠡᠪᠲᠡᠷᠡᠯ ᠵᠠᠮ᠎ᠢ ᠪᠦᠬᠦ᠌ ᠱᠤᠭᠤᠮ᠎ᠢᠶᠠᠷ ᠨᠡᠪᠲᠡᠷᠡᠭᠦᠯᠵᠦ᠍᠂ ᠪᠠᠷᠠᠭᠤᠨ ᠬᠡᠰᠡᠭ᠎ᠤᠨ ᠭᠠᠵᠠᠷ ᠣᠷᠣᠨ᠎ᠤ ᠲᠦᠷᠭᠡᠨ᠎ᠤ ᠲᠡᠮᠦᠷ ᠵᠠᠮ᠎ᠤᠨ ᠲᠣᠣᠷ᠎ᠤᠨ 《ᠬᠤᠭᠤᠰᠤᠨ》 ᠎ᠢ ᠨᠥᠬᠦᠪᠥᠷᠢᠯᠡᠬᠦ᠌᠎ᠶ᠋ᠢᠨ ᠬᠠᠮᠲᠤ ᠪᠠᠷᠠᠭᠤᠨ ᠬᠤᠢᠲᠤ ᠣᠷᠣᠨ᠂ ᠤᠮᠠᠷᠠᠲᠤ ᠣᠷᠣᠨ᠂ ᠵᠡᠭᠦᠨ ᠬᠤᠢᠲᠤ ᠣᠷᠣᠨ᠎ᠢ ᠬᠤᠯᠪᠣᠬᠤ ᠲᠦᠷᠭᠡᠨ ᠨᠡᠪᠲᠡᠷᠡᠯ ᠵᠠᠮ᠎ᠢ ᠪᠠᠢᠭᠤᠯᠤᠭ᠍ᠰᠠᠨ ᠪᠠᠢᠨ᠎ᠠ᠃ ᠪᠤᠭᠤᠲᠤ᠎ᠠᠴᠠ ᠢᠷᠭᠠᠢ ᠬᠦᠷᠬᠦ ᠲᠦᠷᠭᠡᠨ᠎ᠦ ᠲᠡᠮᠦᠷ ᠵᠠᠮ᠎ᠤᠨ ᠪᠦᠬᠦ ᠱᠤᠭᠤᠮ᠎ᠢᠶᠠᠷ ᠲᠡᠷᠭᠡ ᠨᠡᠪᠲᠡᠷᠡᠭᠰᠡᠨ ᠨᠢ ᠵᠠᠮ ᠳᠠᠭᠠᠤ᠎ᠶᠢᠨ ᠠᠶᠠᠨᠴᠢᠳ᠎ᠤᠨ ᠭᠠᠳᠠᠭᠰᠢ ᠭᠠᠷᠬᠤ᠎ᠳᠦ ᠲᠦᠭᠦᠮ ᠦᠵᠡᠭᠦᠯᠵᠦ᠂ ᠪᠤᠭᠤᠲᠤ᠎ᠠᠴᠠ ᠢᠷᠭᠠᠢ᠎ᠬᠦᠷᠬᠦ ᠭᠠᠯᠲᠤ ᠲᠡᠷᠭᠡᠨ᠎ᠦ ᠬᠠᠮᠤᠭ᠎ᠤᠨ ᠲᠦᠷᠭᠡᠨ ᠠᠶᠠᠯᠠᠬᠤ ᠴᠠᠭ᠎ᠢ 6 ᠴᠠᠭ ᠪᠠᠢᠭᠰᠠᠨ᠎ᠠᠴᠠ ᠪᠤᠭᠤᠨᠢᠰᠬᠠᠭ᠋ᠠᠳ 3 ᠴᠠᠭ ᠎ᠤᠨ ᠳᠣᠲᠣᠷ᠎ᠠ ᠪᠣᠯᠭ᠋ᠠᠵᠦ᠂ ᠦᠬᠠᠢ᠂ ᠪᠠᠶᠠᠨᠨᠠᠭᠤᠷ ᠵᠡᠷᠭᠡ ᠭᠠᠵᠠᠷ᠎ᠤᠨ ᠬᠢᠨ ᠬᠥᠬᠡᠬᠣᠲᠠ ᠯᠤᠭ᠎ᠠ᠎ᠶᠢᠨ ᠲᠦᠷᠭᠡᠨ᠎ᠦ ᠲᠡᠮᠦᠷ ᠵᠠᠮ᠎ᠤᠨ ᠰᠢᠭᠤᠳ ᠨᠡᠪᠲᠡᠷᠡᠬᠦ᠎ᠶᠢ ᠪᠡᠶᠡᠯᠡᠭᠦᠯᠵᠡᠢ᠃ ᠢᠩᠭᠢᠭᠡᠳ ᠥᠪᠥᠷ ᠮᠣᠩᠭᠣᠯ᠎ᠤᠨ ᠲᠦᠷᠭᠡᠨ ᠎ᠦ ᠲᠡᠮᠦᠷ ᠵᠠᠮ᠎ᠤᠨ ᠠᠰᠢᠭᠯᠠᠯᠲᠠ᠎ᠳᠤ ᠤᠷᠤᠭᠰᠠᠨ ᠪᠥᠬᠥ ᠣᠷᠳᠣ᠌ ᠨᠢ 880 ᠺᠢᠯᠣᠮᠧᠲᠷ᠎ᠲᠦ ᠬᠦᠷᠴᠦ᠂ 7 ᠬᠣᠲᠠ ᠨᠢ ᠪᠥᠬᠥ ᠤᠯᠤᠰ᠎ᠤᠨ ᠲᠦᠷᠭᠡᠨ᠎ᠦ ᠲᠡᠮᠦᠷ ᠵᠠᠮ᠎ᠤᠨ ᠲᠣᠣᠷ᠎ᠲᠤ ᠵᠠᠯᠭᠠᠭᠤᠯᠪᠠ ᠭᠡᠵᠡᠢ᠃ 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            