ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠠᠮ ᠬᠠᠷᠢᠯᠴᠠᠭᠠᠨ᠎ᠤ ᠴᠢᠬᠤᠯᠠ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠤᠨ《ᠥᠨᠳᠥᠷ ᠪᠦᠲᠦᠮᠵᠢᠲᠡᠶ᠎ᠪᠠᠷ 〈ᠨᠢᠭᠡ ᠠᠵᠢᠯ ᠶᠠᠪᠤᠳᠠᠯ〉᠎ᠢ ᠭᠦᠢ᠍ᠴᠡᠳᠭᠡᠬᠦ ᠲᠤᠰᠭᠠᠶ ᠰᠡᠳᠦᠪᠲᠦ ᠦᠢᠯᠡᠴᠢᠯᠡᠭᠡ》 ᠨᠢ 2025 ᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠠᠵᠢᠯ ᠲᠥᠷᠥᠯ᠎ᠤᠨ ᠵᠠᠰᠠᠭ᠎ᠤᠨ ᠣᠷᠳᠣᠨ᠎ᠤ ᠰᠦᠯᠵᠢᠶ᠎ᠡ᠎ᠶ᠋ᠢᠨ ᠱᠢᠨ᠎ᠡ᠎ᠶ᠋ᠢ ᠡᠭᠦᠳᠦᠨ ᠬᠥᠭ᠌ᠵᠢᠭᠦᠯᠦᠭ᠌ᠰᠡᠨ ᠬᠡᠷᠡᠭ᠎ᠤᠨ ᠵᠢᠱ᠌ᠢᠶ᠎ᠡ᠎ᠪᠠᠷ ᠰᠣᠩᠭᠤᠭ᠍ᠳᠠᠪᠠ
ᠨᠡᠶ᠋ᠢᠲᠡᠯᠡᠭᠰᠡᠨ ᠴᠠᠭ᠄ 2025-12-04

11 ᠳ᠋ᠦ᠍ᠭᠡᠷ ᠰᠠᠷ᠎ᠠ᠎ᠶ᠋ᠢᠨ 28 ᠎ᠤ ᠡᠳᠦᠷ᠂ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠠᠮᠤᠨ 2025 ᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠠᠵᠢᠯ ᠲᠥᠷᠥᠯ᠎ᠤᠨ ᠵᠠᠰᠠᠭ᠎ᠤᠨ ᠣᠷᠳᠣᠨ᠎ᠤ ᠰᠦᠯᠵᠢᠶ᠎ᠡ᠎ᠶ᠋ᠢᠨ ᠱᠢᠨ᠎ᠡ᠎ᠶ᠋ᠢ ᠡᠭᠦᠳᠦᠨ ᠬᠥᠭ᠌ᠵᠢᠭᠦᠯᠦᠭ᠌ᠰᠡᠨ ᠬᠡᠷᠡᠭ᠎ᠤᠨ ᠵᠢᠱ᠌ᠢᠶ᠎ᠡ᠎ᠶ᠋ᠢ ᠱᠢᠯᠢᠨ ᠰᠣᠩᠭᠤᠭ᠍ᠰᠠᠨ ᠦᠷ᠎ᠡ ᠳ᠋ᠦᠩ᠎ᠢ ᠨᠡᠢᠲᠡᠯᠡᠵᠦ᠍᠂ ᠨᠡᠢᠲᠡ 12 ᠬᠡᠷᠡᠭ᠎ᠤᠨ ᠵᠢᠱ᠌ᠢᠶ᠎ᠡ᠎ᠶ᠋ᠢ ᠨᠡᠢᠲᠡᠯᠡᠵᠦ᠍᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠤᠨ 《ᠥᠨᠳᠥᠷ ᠪᠦᠲᠦᠮᠵᠢᠲᠡᠶ᠎ᠪᠠᠷ〈ᠨᠢᠭᠡ ᠠᠵᠢᠯ ᠶᠠᠪᠤᠳᠠᠯ〉᠎ᠢ ᠭᠦᠢ᠍ᠴᠡᠳᠭᠡᠬᠦ ᠲᠤᠰᠭᠠᠶ ᠰᠡᠳᠦᠪᠲᠦ ᠦᠢᠯᠡᠴᠢᠯᠡᠭᠡ》  ᠨᠢ ᠰᠣᠩᠭᠤᠭ᠍ᠳᠠᠪᠠ᠃ ᠮᠠᠨ᠎ᠤ ᠲᠢᠩᠬᠢᠮ ᠲᠦᠷᠦᠭᠦᠯᠡᠨ 3 ᠵᠦᠶ᠋ᠯ᠎ᠤᠨ ᠥᠨᠳᠥᠷ ᠪᠦᠲᠦᠮᠵᠢᠲᠡᠶ᠎ᠪᠠᠷ 〈ᠨᠢᠭᠡ ᠠᠵᠢᠯ ᠶᠠᠪᠤᠳᠠᠯ〉᠎ᠢ ᠭᠦᠶ᠋ᠴᠡᠳᠭᠡᠬᠦ᠌᠎ᠶ᠋ᠢ ᠬᠠᠷᠢᠭᠤᠴᠠᠵᠤ᠂ ᠲᠣᠰ ᠲᠣᠰ ᠵᠠᠮ ᠬᠠᠷᠢᠯᠴᠠᠭᠠᠨ᠎ᠤ ᠬᠦᠷᠢᠶᠡᠨ᠎ᠳᠠᠬᠢ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠶ᠋ᠯ᠎ᠤᠨ 《ᠨᠢᠭᠡ ᠠᠵᠢᠯ ᠶᠠᠪᠤᠳᠠᠯ》᠂ ᠲᠡᠭᠡᠭᠡᠪᠦᠷᠢ᠎ᠶ᠋ᠢᠨ ᠠᠵᠤ ᠠᠬᠤᠢᠯᠠᠯ ᠎ᠤᠨ 《ᠨᠢᠭᠡ ᠠᠵᠢᠯ ᠶᠠᠪᠤᠳᠠᠯ》 ᠎ᠢ ᠨᠡᠬᠡᠬᠡᠨ ᠡᠷᠬᠢᠯᠡᠬᠦ᠂ ᠲᠣᠮᠣ ᠵᠦᠢ᠍ᠯ᠎ᠤᠨ ᠲᠡᠭᠡᠭᠡᠪᠦᠷᠢ᠎ᠶ᠋ᠢᠨ 《 ᠨᠢᠭᠡ ᠠᠵᠢᠯ ᠶᠠᠪᠤᠳᠠᠯ》 ᠪᠣᠯᠤᠨ᠎ᠠ᠃ ᠣᠳᠣᠬᠠᠨ᠎ᠳᠤ ᠴᠥᠮ ᠰᠦᠯᠵᠢᠶᠡᠨ᠎ᠳᠤ ᠨᠡᠪᠲᠡᠷᠡᠭᠦᠯᠦᠨ ᠠᠵᠢᠯᠯᠠᠵᠤ᠂ ᠨᠢᠭᠡ ᠠᠵᠢᠯ ᠶᠠᠪᠤᠳᠠᠯ᠎ᠢ ᠨᠢᠭᠡ ᠯᠡ ᠤᠳᠠᠭ᠎ᠠ᠎ᠳᠤ ᠭᠦᠢᠴᠡᠳᠭᠡᠬᠦ᠌᠎ᠶ᠋ᠢ ᠪᠡᠶᠡᠯᠡᠭᠦᠯᠵᠦ᠍᠂ ᠠᠵᠤ ᠠᠬᠤᠢᠯᠠᠯ᠎ᠤᠨ ᠠᠵᠢᠯ ᠶᠠᠪᠤᠳᠠᠯ ᠭᠦᠢᠴᠡᠳᠭᠡᠬᠦ᠌᠎ᠶ᠋ᠢᠨ ᠳᠥᠭᠦᠮ ᠳᠥᠲᠡ ᠬᠡᠮᠵᠢᠶ᠎ᠡ᠂ ᠪᠡᠶᠡᠴᠢᠯᠡᠨ ᠣᠢᠯᠠᠭᠠᠬᠤ ᠰᠡᠳᠭᠢᠯᠭᠡ ᠪᠠ ᠬᠠᠨᠤᠮᠵᠢ᠎ᠶ᠋ᠢᠨ ᠬᠡᠮᠵᠢᠶ᠎ᠡ᠎ᠶ᠋ᠢ ᠳᠡᠭᠡᠭ᠌ᠰᠢᠯᠡᠭᠦᠯᠵᠦ᠍᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠬᠢᠷᠢ ᠲᠦᠪᠱᠢᠨ ᠪᠠ ᠴᠢᠳᠠᠪᠤᠷᠢ᠎ᠶ᠋ᠢ ᠦᠨᠡᠨ ᠬᠦ᠌ ᠳᠡᠭᠡᠭ᠌ᠰᠢᠯᠡᠭᠦᠯᠪᠡ᠃

ᠲᠡᠭᠡᠭᠡᠪᠦᠷᠢ᠎ᠶ᠋ᠢᠨ ᠠᠵᠤ ᠠᠬᠤᠢᠯᠠᠯ᠎ᠤᠨ 《ᠨᠢᠭᠡ ᠠᠵᠢᠯ ᠶᠠᠪᠤᠳᠠᠯ》 ᠎ᠢ ᠨᠡᠬᠡᠬᠡᠨ ᠡᠷᠬᠢᠯᠡᠬᠦ᠎ᠳᠦ 《ᠵᠠᠮ ᠲᠡᠭᠡᠭᠡᠪᠦᠷᠢ᠎ᠶ᠋ᠢᠨ ᠡᠵᠡᠩᠨᠡᠯᠲᠡ᠎ᠶ᠋ᠢᠨ ᠵᠥᠪᠱᠢᠶᠡᠷᠡᠯ᠎ᠤᠨ ᠦᠨᠡᠮᠯᠡᠯ》᠂ 《ᠵᠠᠮ ᠲᠡᠭᠡᠭᠡᠪᠦᠷᠢ᠎ᠶ᠋ᠢᠨ ᠦᠨᠡᠮᠯᠡᠯ》 ᠎ᠢ 《ᠨᠢᠭᠡ ᠤᠳᠠᠭ᠎ᠠ᠎ᠳᠤ ᠲᠤᠱᠢᠶᠠᠵᠤ᠂ ᠨᠢᠭᠡ ᠤᠳᠠᠭ᠎ᠠ᠎ᠳᠤ ᠭᠦᠢᠴᠡᠳᠭᠡᠵᠦ᠍᠂ ᠨᠢᠭᠡ ᠤᠳᠠᠭ᠎ᠠ᠎ᠳᠤ ᠦᠨᠡᠮᠯᠡᠯ ᠤᠯᠬᠤ》 ᠎ᠶ᠋ᠢ ᠪᠡᠶᠡᠯᠡᠭᠦᠯᠦᠨ᠎ᠡ᠃ 《ᠮᠥᠩᠬᠡ ᠰᠤᠪᠠᠭ》 APP᠂ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠤ ᠲᠠᠪᠴᠠᠩ ᠵᠡᠷᠭᠡ ᠠᠷᠭ᠎ᠠ ᠵᠠᠮ᠎ᠢᠶᠠᠷ ᠳᠠᠮᠵᠢᠭᠤᠯᠤᠨ ᠭᠦᠶ᠋ᠴᠡᠳᠭᠡᠬᠦ᠌ ᠴᠠᠭ᠎ᠢ 42 ᠠᠵᠢᠯᠯᠠᠬᠤ ᠡᠳᠦᠷ᠎ᠠᠴᠠ 5 ᠠᠵᠢᠯᠯᠠᠬᠤ ᠡᠳᠦᠷ ᠪᠣᠯᠭᠠᠨ ᠪᠠᠭᠠᠰᠭᠠᠵᠤ᠂ ᠮᠠᠲ᠋ᠧᠷᠢᠶᠠᠯ᠎ᠢ 14 ᠬᠤᠪᠢ᠎ᠠᠴᠠ 7 ᠬᠤᠪᠢ ᠪᠣᠯᠭᠠᠨ ᠬᠠᠰᠤᠬᠤ᠎ᠶ᠋ᠢᠨ ᠬᠠᠮᠲᠤ ᠪᠥᠬᠦ᠌ ᠤᠯᠤᠰ᠎ᠤᠨ ᠱᠢᠰᠲ᠋ᠧᠮ᠎ᠯᠦᠭᠡ ᠶᠠᠮᠤᠨ ᠮᠤᠵᠢ᠎ᠶ᠋ᠢᠨ ᠲᠤᠬᠠᠢᠯᠠᠭ᠍ᠰᠠᠨ ᠠᠵᠢᠯ᠎ᠢ ᠬᠤᠯᠪᠣᠭᠠᠯᠠᠨ ᠲᠣᠬᠢᠷᠠᠭᠤᠯᠬᠤ᠎ᠶ᠋ᠢ ᠪᠡᠶᠡᠯᠡᠭᠦᠯᠦᠨ᠎ᠡ᠃ ᠤᠳᠤᠬᠠᠨ ᠪᠣᠯᠲᠠᠯ᠎ᠠ᠂ 6170 ᠬᠤᠪᠢ᠎ᠶᠢ ᠨᠢᠭᠡᠨᠲᠡ ᠭᠦᠢ᠍ᠴᠡᠳᠭᠡᠪᠡ᠃ᠵᠠᠮ ᠬᠠᠷᠢᠯᠴᠠᠭᠠᠨ᠎ᠤ ᠬᠦᠷᠢᠶᠡᠨ᠎ᠳᠠᠬᠢ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠦᠨ 《 ᠨᠢᠭᠡ ᠠᠵᠢᠯ ᠶᠠᠪᠤᠳᠠᠯ 》 ᠎ᠢ ᠬᠣᠯᠪᠣᠭᠠᠯᠠᠵᠤ ᠥᠭᠡᠷᠡᠴᠢᠯᠡᠨ ᠨᠡᠢᠯᠡᠭᠦᠯᠵᠦ᠂ 4 ᠰᠠᠯᠠᠭ᠎ᠠ ᠮᠥᠴᠢᠷ᠎ᠲᠠᠢ ᠬᠣᠯᠪᠣᠭᠠᠯᠠᠵᠤ᠂ 89% ᠎ᠶᠢᠨ ᠠᠵᠢᠯ ᠶᠠᠪᠤᠳᠠᠯ ᠭᠦᠢᠴᠡᠳᠬᠡᠬᠦ ᠭᠣᠭᠴᠣᠭ᠎ᠠ ᠪᠠ 78% ᠎ᠶᠢᠨ ᠭᠦᠢᠴᠡᠳᠬᠡᠬᠦ ᠴᠠᠭ᠎ᠤᠨ ᠬᠢᠵᠠᠭᠠᠷ᠎ᠢ ᠰᠢᠰᠲᠧᠮ᠎ᠲᠠᠢ᠎ᠪᠡᠷ ᠪᠠᠭᠠᠰᠬᠠᠵᠤ᠂ 21 ᠵᠦᠢᠯ᠎ᠦᠨ ᠵᠥᠪᠰᠢᠶᠡᠷᠡᠯ᠎ᠦᠨ ᠵᠦᠢᠯᠡᠰ᠎ᠢ ᠲᠥᠪᠯᠡᠷᠡᠭᠦᠯᠦᠨ ᠭᠦᠢᠴᠡᠳᠬᠡᠬᠦ᠎ᠶᠢ ᠪᠡᠶᠡᠯᠡᠭᠦᠯᠪᠡ᠃ 2025 ᠣᠨ᠎ᠤ 4 ᠳ᠋ᠦ᠍ᠭᠡᠷ ᠰᠠᠷ᠎ᠠ᠎ᠳᠤ᠂ ᠵᠠᠮ ᠬᠠᠷᠢᠯᠴᠠᠭᠠᠨ᠎ᠤ ᠬᠦᠷᠢᠶᠡᠨ᠎ᠳᠠᠬᠢ ᠪᠠᠷᠢᠯᠭ᠎ᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠤᠨ 《ᠨᠢᠭᠡ ᠠᠵᠢᠯ ᠶᠠᠪᠤᠳᠠᠯ》 ᠎ᠢ ᠰᠣᠯᠢᠬᠤ ᠵᠥᠪᠱᠢᠶᠡᠷᠡᠯ᠎ᠤᠨ ᠱᠢᠰᠲ᠋ᠧᠮ᠎ᠢ ᠪᠡᠶᠡᠯᠡᠭᠦᠯᠦᠭ᠌ᠰᠡᠨ᠎ᠤ ᠳᠠᠷᠠᠭᠠᠬᠢ ᠱᠢᠨ᠎ᠡ ᠬᠡᠪᠯᠡᠯ᠎ᠢ ᠥᠪᠡᠷᠲᠡᠭᠡᠨ ᠵᠠᠰᠠᠬᠤ ᠣᠷᠣᠨ᠎ᠤ ᠱᠠᠲᠤ ᠪᠠ ᠠᠢᠮᠠᠭ ᠬᠤᠲᠠ᠎ᠶ᠋ᠢᠨ ᠲᠠᠰ᠎ᠤᠨ ᠣᠷᠣᠨ ᠬᠤᠪᠢᠶᠠᠬᠤ ᠠᠮᠠᠰᠠᠷ᠎ᠢ ᠨᠡᠪᠲᠡᠷᠡᠭᠦᠯᠦᠭ᠌ᠰᠡᠨ᠎ᠤ ᠬᠠᠮᠲᠤ ᠵᠢᠩᠬᠢᠨᠢ᠎ᠪᠠᠷ ᠬᠡᠷᠡᠭ᠌ᠵᠢᠭᠦᠯᠪᠡ᠃ ᠤᠳᠤᠬᠠᠨ ᠪᠣᠯᠲᠠᠯ᠎ᠠ᠂ ᠨᠡᠢᠲᠡ 11 ᠲᠥᠷᠥᠯ ᠵᠦᠶ᠋ᠯ᠎ᠤᠨ ᠪᠠᠷᠢᠯᠭ᠎ᠠ ᠪᠠᠷᠢᠬᠤ ᠵᠥᠪᠱᠢᠶᠡᠷᠡᠯ ᠨᠢ 《ᠨᠢᠭᠡ ᠠᠵᠢᠯ ᠶᠠᠪᠤᠳᠠᠯ》 ᠎ᠤᠨ ᠰᠦᠯᠵᠢᠶᠡᠨ ᠳᠡᠭᠡᠷ᠎ᠡ ᠭᠦᠢ᠍ᠴᠡᠳᠭᠡᠨ ᠳᠠᠭᠤᠰᠬᠠᠪᠠ᠃ ᠲᠣᠮᠣ ᠵᠦᠢᠯ᠎ᠤᠨ ᠲᠡᠭᠡᠭᠡᠪᠦᠷᠢ᠎ᠶ᠋ᠢᠨ 《ᠨᠢᠭᠡ ᠠᠵᠢᠯ ᠶᠠᠪᠤᠳᠠᠯ》 ᠎ᠢ ᠡᠮᠬᠢᠯᠡᠨ ᠨᠡᠢᠯᠡᠭᠦᠯᠵᠦ᠍ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ᠎ᠶ᠋ᠢ ᠬᠠᠮᠠᠭᠠᠯᠠᠬᠤ᠂ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ 3 ᠰᠠᠯᠠᠭ᠎ᠠ ᠮᠥᠴᠢᠷ ᠬᠢᠨᠠᠨ ᠵᠦᠪᠰᠢᠶᠡᠷᠡᠵᠦ᠂ ᠭᠦᠢᠴᠡᠳᠭᠡᠬᠦ᠌ ᠴᠠᠭ᠎ᠢ 40 ᠠᠵᠢᠯᠯᠠᠬᠤ ᠡᠳᠦᠷ᠎ᠠᠴᠠ 10 ᠠᠵᠢᠯᠯᠠᠬᠤ ᠡᠳᠦᠷ ᠪᠣᠯᠭᠠᠨ ᠪᠠᠭᠠᠰᠭᠠᠵᠤ᠂ ᠮᠠᠲ᠋ᠧᠷᠢᠶᠠᠯ᠎ᠢ 12 ᠬᠤᠪᠢ᠎ᠠᠴᠠ 10 ᠬᠤᠪᠢ ᠪᠣᠯᠭᠠᠨ ᠪᠠᠭᠠᠰᠭᠠᠵᠤ᠂ ᠰᠦᠯᠵᠢᠶᠡᠨ ᠳᠡᠭᠡᠷ᠎ᠡ ᠨᠢᠭᠡᠳᠦᠯᠲᠡᠶ ᠭᠥᠯᠢᠶᠡᠨ ᠠᠪᠴᠤ᠌ ᠱᠢᠢᠳᠪᠦᠷᠢᠯᠡᠬᠦ᠌ ᠦᠵᠦᠭᠦᠷ᠎ᠢᠶᠠᠷ ᠳᠠᠮᠵᠢᠭᠤᠯᠤᠨ ᠨᠢᠭᠡ ᠤᠳᠠᠭ᠎ᠠ ᠲᠤᠰᠢᠶᠠᠵᠤ ᠨᠢᠭᠡ ᠤᠳᠠᠭ᠎ᠠ᠎ᠳᠤ ᠭᠦᠢᠴᠡᠳᠭᠡᠬᠦ᠌᠎ᠶ᠋ᠢ᠎ᠨᠢ ᠪᠡᠶᠡᠯᠡᠭᠦᠯᠦᠨ᠎ᠡ᠃ ᠤᠯᠠᠨ ᠰᠠᠯᠠᠭ᠎ᠠ ᠮᠥᠴᠢᠷ ᠬᠠᠮᠵᠢᠯᠴᠠᠬᠤ ᠪᠠ ᠳ᠋ᠡᠢ᠌ᠲ᠋ᠠ᠎ᠶ᠋ᠢ ᠬᠠᠮᠲᠤ ᠪᠠᠷ ᠡᠳ᠋ᠯᠡᠬᠦ᠌᠎ᠪᠠᠷ ᠳᠠᠮᠵᠢᠨ ᠬᠢᠨᠠᠨ ᠵᠥᠪᠱᠢᠶᠡᠷᠡᠬᠦ᠌ ᠦᠷ᠎ᠡ ᠪᠦᠲᠦᠮᠵᠢ᠎ᠶ᠋ᠢ ᠢᠯᠡᠳᠲᠡ ᠳᠡᠭᠡᠭ᠌ᠰᠢᠯᠡᠭᠦᠯᠪᠡ᠃ 2024 ᠣᠨ᠎ᠤ 11 ᠳ᠋ᠦ᠍ᠭᠡᠷ ᠰᠠᠷ᠎ᠠ᠎ᠳᠤ ᠰᠦᠯᠵᠢᠶᠡᠨ᠎ᠳᠤ ᠭᠠᠷᠤᠭ᠍ᠰᠠᠨ᠎ᠠᠴᠠ ᠣᠲᠣ ᠪᠣᠯᠲᠠᠯ᠎ᠠ᠂ ᠲᠣᠮᠣ ᠵᠦᠢᠯ᠎ᠤᠨ ᠲᠡᠭᠡᠭᠡᠪᠦᠷᠢ᠎ᠶ᠋ᠢᠨ ᠨᠢᠭᠡ ᠠᠵᠢᠯ ᠶᠠᠪᠤᠳᠠᠯ᠎ᠢ ᠨᠢᠭᠡ ᠱᠢᠰᠲ᠋ᠧᠮ᠎ᠢᠶᠠᠷ ᠳᠠᠮᠵᠢᠭᠤᠯᠤᠨ 956 ᠬᠤᠪᠢ᠎ᠶᠢ ᠭᠦᠢ᠍ᠴᠡᠳᠭᠡᠪᠡ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            