ᠣᠢᠷ᠎ᠠ᠎ᠳᠤ᠂ ᠵᠠᠮ ᠬᠠᠷᠢᠯᠴᠠᠭ᠎ᠠ ᠲᠡᠭᠡᠭᠡᠪᠦᠷᠢ᠎ᠶᠢᠨ ᠶᠠᠮᠤᠨ 2025 ᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠢᠲᠡᠭᠡᠮᠵᠢ᠎ᠶᠢᠨ ᠬᠠᠮᠢᠶᠠᠷᠤᠯᠲᠠ᠎ᠶᠢᠨ ᠨᠡᠢᠲᠡᠯᠢᠭ ᠬᠡᠷᠡᠭ᠎ᠦᠨ ᠵᠢᠱ᠌ᠢᠶ᠎ᠡ᠎ᠶᠢᠨ ᠨᠡᠷᠡᠰ᠎ᠢ ᠵᠢᠩᠬᠢᠨᠢ᠎ᠪᠡᠷ ᠳᠠᠷᠤᠮᠠᠯᠯᠠᠨ ᠲᠠᠷᠬᠠᠭᠠᠵᠤ᠂ ᠥᠪᠥᠷ ᠮᠣᠩᠭᠣᠯ᠎ᠤᠨ ᠣᠷᠳᠣᠰ ᠬᠣᠲᠠ᠎ᠶᠢᠨ《〈ᠢᠲᠡᠭᠡᠮᠵᠢ᠎ᠶᠢᠨ ᠬᠥᠷᠥᠭ ᠵᠢᠷᠤᠭ〉᠎ᠢᠶᠡᠷ ᠬᠦᠴᠦᠨ ᠨᠡᠮᠡᠷᠢᠯᠡᠵᠦ ᠠᠶᠤᠯᠲᠠᠢ ᠡᠳ᠋ ᠪᠠᠷᠠᠭᠠᠨ᠎ᠤ ᠲᠡᠭᠡᠭᠡᠪᠦᠷᠢ᠎ᠶᠢ ᠨᠠᠷᠢᠯᠢᠭ᠋ ᠣᠨᠣᠴᠠᠲᠠᠢ᠎ᠪᠠᠷ ᠬᠢᠨᠠᠨ ᠬᠠᠮᠢᠶᠠᠷᠬᠤ 》 ᠨᠢ ᠬᠡᠷᠡᠭ᠎ᠦᠨ ᠵᠢᠱ᠌ᠢᠶ᠎ᠡ᠎ᠳᠤ ᠰᠤᠩᠭᠤᠭᠳᠠᠵᠤ᠂ ᠡᠨᠡ ᠪᠣᠯ ᠮᠠᠨ᠎ᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠢᠲᠡᠭᠡᠮᠵᠢ᠎ᠶᠢᠨ ᠪᠠᠢᠭᠤᠯᠤᠯᠲᠠ᠎ᠶᠢᠨ ᠠᠵᠢᠯ ᠠᠩᠬ᠎ᠠ ᠤᠳᠠᠭ᠎ᠠ ᠵᠠᠮ ᠬᠠᠷᠢᠯᠴᠠᠭ᠎ᠠ ᠲᠡᠭᠡᠭᠡᠪᠦᠷᠢ᠎ᠶᠢᠨ ᠶᠠᠮᠤᠨ᠎ᠤ ᠨᠡᠢᠲᠡᠯᠢᠭ ᠬᠡᠷᠡᠭ᠎ᠦᠨ ᠵᠢᠱ᠌ᠢᠶ᠎ᠡ᠎ᠶᠢᠨ ᠢᠷᠠᠭᠤ ᠠᠯᠳᠠᠷ᠎ᠢ ᠭᠥᠷᠳᠡᠵᠦ ᠪᠠᠢᠭ᠎ᠠ ᠶᠠᠪᠤᠳᠠᠯ ᠪᠣᠯᠣᠨ᠎ᠠ ᠃
2025 ᠣᠨ᠎ᠤ ᠡᠬᠢᠨ᠎ᠳᠦ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ ᠠᠵᠢᠯ ᠲᠥᠷᠥᠯ᠎ᠦᠨ ᠪᠣᠳᠠᠲᠠᠢ᠎ᠳᠠᠭᠠᠨ ᠰᠠᠭᠤᠷᠢᠯᠠᠨ ᠤᠷᠢᠳᠴᠢᠯᠠᠨ ᠠᠷᠭ᠎ᠠ ᠰᠦᠪᠡᠭᠴᠢᠯᠡᠵᠦ᠂ ᠦᠨᠳᠦᠰᠦᠨ ᠱᠠᠲᠤᠨ᠎ᠤ ᠬᠡᠷᠡᠭᠴᠡᠭᠡ ᠱᠠᠭᠠᠷᠳᠠᠯᠭ᠎ᠠ᠎ᠳᠤ ᠴᠢᠭᠯᠡᠭᠦᠯᠦᠨ ᠠᠵᠢᠯ ᠲᠥᠷᠥᠯ᠎ᠦᠨ ᠬᠡᠷᠡᠭ᠎ᠦᠨ ᠵᠢᠱ᠌ᠢᠶ᠎ᠡ᠎ᠶᠢ ᠨᠠᠷᠢᠯᠢᠭ᠋ ᠣᠨᠣᠴᠠᠲᠠᠢ᠎ᠪᠠᠷ ᠰᠣᠩᠭᠣᠨ ᠪᠣᠢᠵᠢᠭᠤᠯᠬᠤ ᠠᠵᠢᠯ ᠥᠷᠨᠢᠭᠦᠯᠵᠦ᠂ ᠢᠲᠡᠭᠡᠮᠵᠢ᠎ᠶᠢᠨ ᠬᠢᠨᠠᠯᠲᠠ ᠬᠠᠮᠢᠶᠠᠷᠤᠯᠲᠠ ᠬᠢᠭᠡᠳ ᠲᠤᠬᠠᠢᠯᠠᠭᠰᠠᠨ ᠠᠵᠢᠯ᠎ᠢ ᠭᠦᠨᠵᠡᠭᠡᠢ ᠠᠭᠤᠰᠤᠯᠴᠠᠭᠤᠯᠬᠤ ᠪᠦᠲᠦᠮᠵᠢᠲᠡᠶ ᠠᠷᠭ᠎ᠠ ᠵᠠᠮ᠎ᠢ ᠢᠳᠡᠪᠬᠢᠲᠡᠢ ᠰᠦᠪᠡᠭᠴᠢᠯᠡᠵᠦ᠂ ᠨᠡᠢᠲᠡᠯᠢᠭ ᠬᠡᠷᠡᠭ᠎ᠦᠨ ᠵᠢᠱ᠌ᠢᠶ᠎ᠡ᠎ᠶᠢᠨ ᠦᠷ᠎ᠡ ᠪᠦᠲᠦᠭᠡᠯ᠎ᠢ ᠤᠯᠠᠷᠢᠭᠤᠯᠤᠨ ᠨᠠᠢᠳᠠᠪᠤᠷᠢᠵᠢᠭᠤᠯᠬᠤ᠎ᠶᠢ ᠪᠥᠬᠥ ᠬᠦᠴᠦᠨ᠎ᠢᠶᠡᠷ᠎ᠢᠶᠡᠨ ᠲᠦᠯᠬᠢᠨ ᠠᠬᠢᠭᠤᠯᠪᠠ᠃ ᠲᠤᠰ ᠬᠡᠷᠡᠭ᠎ᠦᠨ ᠵᠢᠱ᠌ᠢᠶ᠎ᠡ ᠨᠢ ᠠᠶᠤᠯᠲᠠᠢ ᠡᠳ᠋ ᠪᠠᠷᠠᠭᠠᠨ᠎ᠤ ᠲᠡᠭᠡᠭᠡᠪᠦᠷᠢ᠎ᠶᠢᠨ ᠠᠮᠤᠷ ᠲᠦᠪᠰᠢᠨ᠎ᠦ ᠭᠣᠣᠯᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ 《ᠳᠦᠷᠢᠮ᠎ᠢ ᠪᠦᠷᠢᠨᠰᠢᠭᠦᠯᠬᠦ᠂ ᠳ᠋ᠡᠢ᠌ᠲ᠋ᠠ᠎ᠪᠠᠷ ᠬᠦᠴᠦᠨ ᠨᠡᠮᠡᠷᠢᠯᠡᠬᠦ᠂ ᠲᠠᠪᠴᠠᠩ᠎ᠢᠶᠠᠷ ᠲᠤᠯᠭᠠᠭᠤᠷᠢᠯᠠᠭᠤᠯᠬᠤ᠂ ᠱᠠᠲᠤ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ》 ᠪᠦᠬᠦ ᠬᠡᠯᠬᠢᠶ᠎ᠡ᠎ᠶᠢᠨ ᠬᠢᠨᠠᠯᠲᠠ ᠬᠠᠮᠢᠶᠠᠷᠤᠯᠲᠠ᠎ᠶᠢᠨ ᠪᠣᠷᠣ᠌ ᠲᠥᠯᠥᠪ᠎ᠢ ᠪᠠᠶ᠋ᠢᠭᠤᠯᠬᠤ᠎ᠪᠠᠷ ᠳᠠᠮᠵᠢᠭᠤᠯᠤᠨ᠂ 15 ᠵᠦᠢᠯ᠎ᠦᠨ ᠭᠣᠣᠯ ᠭᠦᠢᠴᠡᠳᠬᠡᠯ ᠲᠣᠭ᠎ᠠ᠎ᠪᠠᠷ ᠠᠵᠤ ᠠᠬᠤᠢᠯᠠᠯ᠎ᠤᠨ 《ᠢᠲᠡᠭᠡᠮᠵᠢ᠎ᠶᠢᠨ ᠬᠥᠷᠥᠭ ᠵᠢᠷᠤᠭ》᠎ᠢ ᠵᠢᠷᠤᠵᠤ᠂ ᠳ᠋ᠡᠢ᠌ᠲ᠋ᠠ᠎ᠶᠢᠨ ᠪᠡᠬᠢᠯᠡᠯᠲᠡ᠎ᠶᠢ ᠨᠡᠪᠲᠡᠷᠡᠭᠦᠯᠦᠨ ᠣᠯᠠᠨ ᠡᠬᠢᠲᠦ ᠮᠡᠳᠡᠭᠡ ᠵᠠᠩᠭᠢ᠎ᠶᠢᠨ ᠠᠭᠤᠰᠤᠯᠴᠠᠯ᠎ᠢ ᠪᠡᠶᠡᠯᠡᠭᠦᠯᠵᠦ᠂ 《ᠢᠲᠡᠭᠡᠮᠵᠢ᠎ᠶᠢᠨ ᠵᠠᠮ ᠬᠠᠷᠢᠯᠴᠠᠭ᠎ᠠ•ᠣᠷᠳᠣᠰ》 ᠦᠨ ᠲᠠᠪᠴᠠᠩ᠎ᠳᠤ ᠲᠦᠰᠢᠭᠯᠡᠨ ᠪᠥᠬᠥ ᠴᠤᠪᠤᠷᠠᠯ᠎ᠤᠨ ᠠᠦ᠋ᠲ᠋ᠣᠴᠢᠯᠠᠭᠰᠠᠨ ᠬᠢᠨᠠᠯᠲᠠ ᠬᠠᠮᠢᠶᠠᠷᠤᠯᠲᠠ᠎ᠶᠢ ᠪᠡᠶᠡᠯᠡᠭᠦᠯᠵᠦ᠂ ᠠᠳᠠᠯᠢ ᠪᠤᠰᠤ ᠢᠲᠡᠭᠡᠮᠵᠢ᠎ᠶᠢᠨ ᠲᠠᠰ᠎ᠤᠨ ᠠᠵᠤ ᠠᠬᠤᠢᠯᠠᠯ᠎ᠳᠤ ᠵᠦᠷᠢᠶᠡᠴᠢᠯᠡᠭᠰᠡᠨ ᠤᠷᠮᠠᠰᠢᠭᠤᠯᠬᠤ ᠬᠢᠵᠠᠭᠠᠷᠯᠠᠯ᠎ᠢ ᠬᠡᠷᠡᠭᠵᠢᠭᠦᠯᠦᠨ᠂ ᠬᠢᠨᠠᠯᠲᠠ ᠬᠠᠮᠢᠶᠠᠷᠤᠯᠲᠠ᠎ᠶᠢᠨ ᠣᠨᠣᠪᠴᠢ᠎ᠶᠢᠨ ᠬᠡᠮᠵᠢᠶ᠎ᠡ᠎ᠶᠢ 60% ᠠ᠋ᠴᠠ ᠳᠡᠭᠡᠭᠰᠢ ᠳᠡᠭᠡᠭᠰᠢᠯᠡᠭᠦᠯᠵᠦ᠂ ᠬᠠᠤᠯᠢ ᠠ᠋ᠴᠠ ᠵᠥᠷᠢᠴᠡᠬᠦ ᠳᠠᠯᠳᠠ ᠬᠡᠮ᠎ᠢ ᠢᠯᠡᠳᠲᠡ ᠪᠠᠭᠠᠰᠬᠠᠨ᠂ 《ᠢᠲᠡᠭᠡᠮᠵᠢ᠎ᠲᠠᠢ ᠪᠠᠢᠪᠠᠯ ᠠᠰᠢᠭ᠋ ᠭᠥᠷᠳᠡᠬᠦ᠂ ᠢᠲᠡᠭᠡᠮᠵᠢ᠎ᠪᠡᠨ ᠠᠯᠳᠠᠪᠠᠯ ᠬᠢᠵᠠᠭᠠᠷᠯᠠᠭᠳᠠᠬᠤ》 ᠠᠵᠢᠯ ᠲᠥᠷᠥᠯ᠎ᠦᠨ ᠠᠮᠢ ᠠᠬᠤᠢ᠎ᠶᠢ ᠲᠦᠷᠭᠡᠳᠬᠡᠨ ᠪᠣᠶ ᠪᠣᠯᠭᠠᠨ᠎ᠠ᠃
ᠲᠣᠰ ᠤᠳᠠᠭ᠎ᠠ᠎ᠶᠢᠨ ᠰᠣᠩᠭᠣᠭᠳᠠᠭᠰᠠᠨ ᠨᠡᠢᠲᠡᠯᠢᠭ ᠬᠡᠷᠡᠭ᠎ᠦᠨ ᠵᠢᠱ᠌ᠢᠶ᠎ᠡ ᠨᠢ ᠥᠪᠥᠷ ᠮᠣᠩᠭᠣᠯ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶᠢᠨ ᠠᠵᠢᠯ ᠲᠥᠷᠥᠯ᠎ᠦᠨ ᠢᠲᠡᠭᠡᠮᠵᠢ᠎ᠶᠢᠨ ᠲᠣᠭᠲᠠᠯᠴᠠᠭ᠎ᠠ᠎ᠶᠢᠨ ᠪᠠᠢᠭᠤᠯᠤᠯᠲᠠ᠎ᠶᠢᠨ ᠬᠦᠷᠢᠶᠡᠨ᠎ᠳᠡᠬᠢ ᠢᠳᠡᠪᠬᠢᠲᠡᠢ᠎ᠪᠡᠷ ᠰᠢᠨ᠎ᠡ᠎ᠶᠢ ᠡᠭᠦᠳᠬᠦ ᠪᠠ ᠬᠠᠢᠨ ᠰᠦᠪᠡᠭᠴᠢᠯᠡᠬᠦ᠎ᠶᠢ ᠬᠠᠷᠠᠭᠤᠯᠵᠠᠢ᠃ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠡᠴᠡ ᠲᠤᠰ ᠤᠳᠠᠭ᠎ᠠ᠎ᠶᠢᠨ ᠨᠡᠢᠲᠡᠯᠢᠭ ᠬᠡᠷᠡᠭ᠎ᠦᠨ ᠵᠢᠱ᠌ᠢᠶ᠎ᠡ᠎ᠪᠡᠷ ᠬᠥᠲᠥᠯᠥᠨ ᠳᠠᠭᠠᠭᠤᠯᠵᠤ᠂ ᠦᠷ᠎ᠡ ᠪᠦᠲᠦᠭᠡᠯ᠎ᠢ ᠬᠤᠪᠢᠷᠠᠭᠤᠯᠬᠤ ᠪᠠ ᠲᠤᠷᠰᠢᠯᠭ᠎ᠠ᠎ᠶᠢ ᠳᠡᠯᠭᠡᠷᠡᠭᠦᠯᠬᠦ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠨᠡᠩ ᠤᠯᠠᠨ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠠᠵᠢᠯ ᠲᠦᠷᠦᠯ᠎ᠦᠨ ᠬᠡᠪ ᠵᠠᠭᠪᠤᠷ᠎ᠢ ᠪᠣᠢᠵᠢᠭᠤᠯᠵᠤ᠂ ᠢᠲᠡᠭᠡᠮᠵᠢ᠎ᠶᠢᠨ ᠬᠦᠴᠦᠨ ᠨᠡᠮᠡᠷᠢᠯᠡᠬᠦ ᠵᠠᠮ ᠬᠠᠷᠢᠯᠴᠠᠭ᠎ᠠ ᠲᠡᠭᠡᠭᠡᠪᠦᠷᠢ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ᠂ ᠦᠨᠡᠨᠴᠢ ᠢᠲᠡᠭᠡᠮᠵᠢᠲᠡᠢ ᠥᠪᠥᠷ ᠮᠣᠩᠭᠣᠯ᠎ᠢ ᠪᠦᠲᠦᠭᠡᠨ ᠪᠠᠶ᠋ᠢᠭᠤᠯᠬᠤ᠎ᠳᠤ ᠬᠦᠴᠦᠷᠬᠡᠭ ᠶᠡᠬᠡ ᠵᠠᠮ ᠬᠠᠷᠢᠯᠴᠠᠭᠠᠨ᠎ᠤ ᠬᠥᠳᠡᠯᠭᠡᠬᠦ ᠬᠦᠴᠦᠨ᠎ᠢ ᠨᠡᠮᠡᠷᠢᠯᠡᠨ᠎ᠡ᠃