ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠠᠮ ᠬᠠᠷᠢᠯᠴᠠᠭᠠᠨ᠎ᠤ ᠴᠢᠬᠤᠯᠠ ᠮᠡᠳᠡᠭᠡ
2026 ᠣᠨ᠎ᠤ ᠪᠥᠬᠦ᠌ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠠᠵᠢᠯ᠎ᠤᠨ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2026-01-15

1 ᠳ᠋ᠦ᠍ᠭᠡᠷ ᠰᠠᠷ᠎ᠠ᠎ᠶ᠋ᠢᠨ 14 ᠎ᠤ ᠡᠳᠦᠷ᠂ 2026 ᠣᠨ᠎ᠤ ᠪᠥᠬᠦ᠌ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠠᠵᠢᠯ᠎ᠤᠨ ᠬᠤᠷᠠᠯ ᠬᠥᠬᠡᠬᠤᠲᠠ᠎ᠳᠤ ᠬᠤᠷᠠᠯᠳᠤᠪᠠ᠃ ᠬᠤᠷᠠᠯ᠎ᠨᠢ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠨᠠᠮ᠎ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶ᠋ᠢᠨ ᠪᠦᠬᠦᠳᠡ ᠬᠤᠷᠠᠯ᠎ᠤᠨ ᠵᠣᠷᠢᠭ ᠰᠠᠨᠠᠭ᠎ᠠ᠂ ᠲᠥᠪ᠎ᠤᠨ ᠠᠵᠤ ᠠᠬᠤᠢ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠪᠦᠬᠦ᠌ ᠤᠯᠤᠰ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠠᠵᠢᠯ᠎ᠤᠨ ᠬᠤᠷᠠᠯ᠂ ᠪᠦᠬᠦ᠌ ᠣᠷᠣᠨ᠎ᠤ ᠠᠵᠤ ᠠᠬᠤᠢ᠎ᠶ᠋ᠢᠨ ᠠᠵᠢᠯ᠎ᠤᠨ ᠬᠤᠷᠠᠯ᠎ᠤᠨ ᠪᠠᠢᠷᠢᠯᠠᠭᠤᠯᠤᠯᠲᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠎ᠠ ᠪᠣᠯᠤᠨ 2025 ᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠠᠵᠢᠯ᠎ᠢ ᠳ᠋ᠦᠩᠨᠡᠵᠦ᠍᠂ ᠪᠠᠢᠳᠠᠯ᠎ᠢ ᠵᠠᠳᠠᠯᠵᠤ᠂ 2026 ᠣᠨ᠎ᠤ ᠭᠤᠣᠯᠳᠠᠯᠭ᠎ᠠ᠎ᠲᠠᠢ ᠡᠭᠦᠷᠭᠡ᠎ᠶ᠋ᠢ ᠪᠠᠢᠷᠢᠯᠠᠭᠤᠯᠪᠠ᠃ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠭᠤᠤ ᠱ᠌ᠢ ᠴᠢᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃

ᠬᠤᠷᠠᠯ᠎ᠠᠴᠠ᠂ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠬᠤᠭᠤᠴᠠᠭᠠᠨ᠎ᠳᠤ᠂ ᠪᠥᠬᠦ᠌ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠱᠢᠰᠲ᠋ᠧᠮ ᠨᠠᠮ᠎ᠤᠨ ᠲᠥᠪ ᠬᠤᠷᠢᠶᠠᠨ᠎ᠤ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠡᠷᠡᠰ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠪᠣᠯᠤᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠠᠮᠤᠨ᠎ᠤ ᠠᠵᠢᠯ᠎ᠤᠨ ᠱᠠᠭᠠᠷᠳᠠᠯᠭ᠎ᠠ᠎ᠶ᠋ᠢ ᠭᠦᠨᠵᠡᠭᠡᠶ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠤᠤᠯ ᠱᠢᠵᠢᠮ᠎ᠢ ᠪᠠᠲᠤ ᠡᠵᠡᠮᠳᠡᠵᠦ᠍᠂ ᠶᠡᠷᠦᠩᠬᠡᠶ ᠱᠦᠵᠢ ᠰᠢ᠎ᠶ᠋ᠢᠨ ᠫᠢᠩ ᠪᠣᠯᠤᠨ ᠨᠠᠮ᠎ᠤᠨ ᠲᠥᠪ ᠬᠤᠷᠢᠶ᠎ᠠ᠎ᠠᠴᠠ ᠥᠪᠥᠷ ᠮᠣᠩᠭᠤᠯ᠎ᠳᠤ ᠣᠯᠭᠤᠭ᠍ᠰᠠᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠣᠯᠤᠨ ᠡᠭᠦᠷᠭᠡ ᠬᠠᠷᠢᠭᠤᠴᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠨᠢᠭᠡ ᠵᠢᠷᠤᠭ ᠲᠥᠰᠦᠪ᠎ᠢ ᠡᠴᠦᠰ᠎ᠲᠤᠨᠢ ᠲᠤᠯᠲᠠᠯ᠎ᠠ ᠪᠡᠶᠡᠯᠡᠭᠦᠯᠬᠦ᠌᠎ᠶ᠋ᠢ ᠪᠠᠷᠢᠮᠲᠠᠯᠠᠵᠤ᠂ ᠶᠡᠷᠦᠩᠬᠡᠢᠯᠡᠭ᠌ᠰᠡᠨ ᠪᠣᠰᠤᠭ᠎ᠠ ᠴᠣᠭ᠍ᠴᠠᠲᠤ ᠵᠠᠮ ᠬᠠᠷᠢᠯᠴᠠᠭᠠᠨ᠎ᠤ ᠲᠣᠤᠷ᠎ᠢ ᠨᠠᠩ ᠲᠡᠭᠦᠯᠳᠡᠷᠵᠢᠭᠦᠯᠵᠦ᠍᠂ ᠲᠡᠭᠡᠭᠡᠪᠦᠷᠢ᠎ᠶ᠋ᠢᠨ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠴᠢᠨᠠᠷ ᠰᠠᠢᠲᠠᠶ ᠬᠥᠭ᠌ᠵᠢᠯᠲᠡ᠎ᠶ᠋ᠢ ᠯᠠᠪᠳᠠᠭᠤᠨ᠎ᠢᠶᠠᠷ ᠠᠬᠢᠭᠤᠯᠵᠤ᠂ ᠦᠶ᠋ᠯᠡᠴᠢᠯᠡᠭᠡᠨ᠎ᠤ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠠᠵᠢᠯ ᠲᠥᠷᠥᠯ᠎ᠤᠨ ᠵᠠᠰᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠵᠦ᠍᠂ ᠡᠯ᠎ᠡ ᠵᠦᠶ᠋ᠯ᠎ᠤᠨ ᠬᠠᠷᠠᠯᠲᠠ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠦᠭᠰᠡᠨ ᠪᠠᠢ᠌ᠨ᠎ᠠ ᠭᠡᠵᠦ ᠵᠢᠭ᠋ᠠᠵᠤ ᠭᠠᠷᠭ᠋ᠠᠪᠠ᠃

ᠬᠤᠷᠠᠯ᠎ᠠᠴᠠ᠂ 《ᠠᠷᠪᠠᠨ ᠲᠠᠪᠤᠳᠤᠭᠠᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠬᠥᠭ᠌ᠵᠢᠯᠲᠡ᠎ᠶ᠋ᠢᠨ ᠱᠠᠲᠤ ᠦᠶ᠎ᠡ᠎ᠶ᠋ᠢᠨ ᠴᠢᠨᠠᠷᠲᠠᠶ ᠣᠨᠴᠠᠯᠢᠭ᠎ᠢ ᠣᠨᠣᠪᠴᠢᠲᠠᠶ ᠡᠵᠡᠮᠳᠡᠵᠦ᠍᠂ ᠮᠠᠨ᠎ᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠬᠢᠵᠠᠭᠠᠷᠯᠠᠵᠤ ᠪᠠᠢᠭ᠎ᠠ ᠳᠤᠲᠠᠭᠤᠳᠠᠯ ᠪᠠᠭᠤᠷᠠᠶ ᠲᠠᠯ᠎ᠠ᠎ᠶ᠋ᠢ ᠣᠨᠣᠪᠴᠢᠲᠠᠶ ᠡᠵᠡᠮᠳᠡᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠠᠰᠠᠭ᠎ᠤᠨ ᠣᠷᠳᠣᠨ᠎ᠤ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠬᠤ᠂ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠠᠮᠤᠨ᠎ᠤ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ ᠵᠡᠷᠭᠡ ᠠᠱᠢᠭ᠍ᠲᠠᠶ ᠠᠵᠠ ᠲᠣᠬᠢᠶᠠᠯ᠎ᠢ ᠰᠠᠢᠲᠤᠷ ᠡᠵᠡᠮᠳᠡᠵᠦ᠍᠂ ᠣᠳᠣᠬᠢᠴᠢᠯᠠᠭ᠍ᠰᠠᠨ ᠴᠢᠨᠠᠷ ᠰᠠᠢᠲᠠᠶ ᠶᠡᠷᠦᠩᠬᠡᠢᠯᠡᠭ᠌ᠰᠡᠨ ᠪᠣᠰᠤᠭ᠎ᠠ ᠴᠣᠭ᠍ᠴᠠᠲᠤ ᠵᠠᠮ ᠬᠠᠷᠢᠯᠴᠠᠭᠠᠨ᠎ᠤ ᠰᠦᠯᠵᠢᠶ᠎ᠡ ᠪᠠ ᠲᠣᠪᠤᠢᠮ᠎ᠠ ᠨᠢᠭᠡ ᠴᠣᠭ᠍ᠴᠠᠵᠢᠭ᠍ᠰᠠᠨ ᠠᠭᠤᠰᠤᠯᠴᠠᠯ᠂ ᠠᠮᠤᠷ ᠲᠦᠪᠱᠢᠨ ᠳᠡᠭᠡᠭ᠌ᠰᠢᠯᠡᠯᠲᠡ᠂ ᠳ᠋ᠡᠢ᠌ᠲ᠋ᠠ᠎ᠪᠠᠷ ᠲᠠᠰ ᠳᠡᠪᠱᠢᠭᠦᠯᠬᠦ᠂ ᠪᠣᠬᠢᠷᠲᠤᠯ ᠥᠬᠡᠶ᠎ᠪᠠᠷ ᠬᠡᠯᠪᠡᠷᠢ᠎ᠪᠠᠨ ᠬᠤᠪᠢᠷᠠᠭᠤᠯᠬᠤ 《ᠨᠢᠭᠡ ᠲᠣᠤᠷ ᠳᠥᠷᠪᠡᠨ ᠣᠳᠣᠬᠢᠴᠢᠯᠠᠯᠲᠠ》 ᠎ᠶ᠋ᠢ ᠲᠦᠷᠭᠡᠳᠭᠡᠨ ᠲᠡᠭᠦᠯᠳᠡᠷᠵᠢᠭᠦᠯᠬᠦ᠌᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠰᠡᠳᠭᠢᠬᠦᠶ᠎ᠶ᠋ᠢᠨ ᠵᠠᠭ᠍ᠪᠤᠷ ᠪᠠ ᠠᠵᠢᠯ᠎ᠤᠨ ᠠᠷᠭ᠎ᠠ᠎ᠪᠠᠨ ᠢᠳᠡᠪᠬᠢᠲᠡᠶ ᠬᠤᠪᠢᠷᠠᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠨᠠᠷᠢᠨ ᠬᠢᠨᠠᠮᠠᠭᠠᠶ ᠲᠥᠯᠥᠪᠯᠡᠨ ᠠᠬᠢᠭᠤᠯᠬᠤ ᠬᠡᠷᠡᠭ᠌ᠲᠡᠶ ᠭᠡᠵᠦ ᠴᠢᠬᠤᠯᠠᠴᠢᠯᠠᠪᠠ᠃

ᠬᠤᠷᠠᠯ᠎ᠠᠴᠠ᠂ 2026 ᠣᠨ᠎ᠤ ᠠᠵᠢᠯ᠎ᠢ ᠰᠠᠢᠲᠤᠷ ᠬᠢᠬᠦ᠌᠎ᠳᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠵᠠᠮ ᠬᠠᠷᠢᠯᠴᠠᠭᠠᠨ᠎ᠤ ᠬᠦᠴᠦᠷᠬᠡᠭ ᠤᠯᠤᠰ᠎ᠢ ᠲᠦᠷᠭᠡᠳᠭᠡᠨ ᠪᠥᠲᠥᠭᠡᠨ ᠪᠠᠢᠭᠤᠯᠬᠤ ᠬᠠᠷᠠᠯᠲᠠ᠎ᠶ᠋ᠢ ᠲᠣᠭ᠍ᠲᠠᠭᠠᠵᠤ᠂ ᠪᠠᠯᠠ ᠣᠷᠣᠭᠤᠯᠤᠯᠲᠠ᠎ᠶ᠋ᠢ ᠲᠣᠭ᠍ᠲᠠᠪᠤᠷᠢᠵᠢᠭᠤᠯᠬᠤ᠂ ᠥᠪᠡᠷ᠎ᠤᠨ ᠥᠷᠲᠡᠭ᠎ᠢ ᠪᠠᠭᠤᠷᠠᠭᠤᠯᠬᠤ᠂ ᠥᠭᠡᠷᠡᠴᠢᠯᠡᠯᠲᠡ᠎ᠶ᠋ᠢ ᠠᠬᠢᠭᠤᠯᠬᠤ᠂ ᠱᠢᠨ᠎ᠡ᠎ᠶ᠋ᠢ ᠡᠭᠦᠳᠬᠦ᠌᠎ᠶ᠋ᠢ ᠴᠢᠩᠭᠠᠳᠭᠠᠬᠤ᠂ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠂ ᠠᠮᠤᠷ ᠲᠦᠪᠱᠢᠨ᠎ᠢ ᠪᠠᠲᠤᠯᠠᠬᠤ᠎ᠶ᠋ᠢ ᠳᠣᠪᠤᠢᠯᠭᠠᠨ᠂ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠠᠰᠤ ᠴᠢᠨᠠᠷ᠎ᠢ ᠪᠦᠲᠦᠮᠵᠢᠲᠡᠶ ᠳᠡᠭᠡᠭ᠌ᠰᠢᠯᠡᠭᠦᠯᠬᠦ᠌ ᠪᠠ ᠲᠤᠭ᠎ᠠ ᠬᠡᠮᠵᠢᠶ᠎ᠡ᠎ᠶ᠋ᠢᠨ ᠵᠦᠶ ᠵᠣᠬᠢᠰᠲᠠᠶ ᠨᠡᠮᠡᠭ᠌ᠳᠡᠯ᠎ᠢ ᠪᠡᠶᠡᠯᠡᠭᠦᠯᠬᠦ᠌᠎ᠶ᠋ᠢ ᠠᠬᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠎ᠤᠨ ᠰᠠᠢᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ ᠭᠡᠵᠦ ᠱᠠᠭ᠋ᠠᠷᠳᠠᠪᠠ᠃ 8 ᠲᠠᠯ᠎ᠠ᠎ᠶ᠋ᠢᠨ ᠠᠵᠢᠯ᠎ᠢ ᠭᠣᠣᠯᠳᠠᠯᠭ᠎ᠠ᠎ᠲᠠᠢ ᠰᠠᠢᠲᠤᠷ ᠬᠢᠬᠦ ᠬᠡᠷᠡᠭᠲᠡᠢ᠃ ᠨᠢᠭᠡ᠎ᠳᠤ᠂ ᠵᠠᠮ ᠬᠠᠷᠢᠯᠴᠠᠭᠠᠨ᠎ᠤ ᠰᠠᠭᠤᠷᠢ ᠲᠥᠬᠦᠭᠡᠷᠦᠮᠵᠢ᠎ᠶ᠋ᠢ ᠲᠦᠷᠭᠡᠪᠴᠢᠯᠡᠨ ᠲᠡᠭᠦᠯᠳᠡᠷᠵᠢᠭᠦᠯᠦᠨ᠎ᠡ᠃ ᠬᠤᠶᠠᠷ᠎ᠲᠤ᠌᠂ ᠵᠠᠮ ᠬᠠᠷᠢᠯᠴᠠᠭ᠎ᠠ ᠪᠠᠷᠠᠭᠠᠨ᠎ᠤ ᠭᠦᠢᠯᠭᠡᠭᠡᠨ᠎ᠤ ᠥᠪᠡᠷ᠎ᠤᠨ ᠦᠷᠳᠡᠭ᠎ᠢ ᠪᠠᠭᠤᠷᠠᠭᠤᠯᠤᠨ ᠶᠠᠰᠤ ᠴᠢᠨᠠᠷ᠎ᠢ ᠳᠡᠭᠡᠭ᠌ᠰᠢᠯᠡᠭᠦᠯᠵᠦ᠍ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠭᠦᠨᠵᠡᠭᠡᠢ ᠠᠬᠢᠭᠤᠯᠤᠨ᠎ᠠ᠃ ᠭᠤᠷᠪᠠ᠎ᠳᠤ᠂ ᠵᠠᠮ ᠬᠠᠷᠢᠯᠴᠠᠭᠠᠨ᠎ᠤ ᠠᠷᠠᠳ᠎ᠤᠨ ᠲᠥᠯᠥᠭᠡ ᠪᠤᠳᠠᠳᠦ ᠶᠠᠪᠤᠳᠠᠯ ᠬᠢᠬᠦ᠎ᠶᠢ᠎ᠯᠠᠪᠳᠠᠭᠤᠨ ᠪᠠᠲᠤᠲᠠᠢ ᠰᠠᠢᠲᠤᠷ ᠬᠢᠨ᠎ᠡ᠃ ᠲᠦᠷᠪᠡ᠎ᠳᠤ᠂ ᠵᠠᠮ ᠬᠠᠷᠢᠯᠴᠠᠭᠠᠨ᠎ᠤ ᠬᠦᠷᠢᠶᠡᠨ᠎ᠳᠠᠬᠢ ᠱᠢᠨ᠎ᠡ ᠶᠠᠰᠤ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠢᠳᠡᠪᠬᠢᠲᠡᠶ᠎ᠪᠠᠷ ᠪᠤᠢᠵᠢᠭᠤᠯᠤᠨ᠎ᠠ᠃ ᠲᠠᠪᠤ᠎ᠳᠤ᠂ ᠵᠠᠰᠠᠮᠠᠯ ᠵᠠᠮ᠎ᠤᠨ ᠰᠠᠭᠠᠳ ᠦᠭᠡᠢ ᠨᠡᠪᠲᠡᠷᠡᠬᠦ᠌ ᠬᠢᠷᠢ ᠲᠦᠪᠱᠢᠨ᠎ᠢ ᠯᠠᠪᠳᠠᠭᠤᠨ᠎ᠢᠶᠠᠷ ᠳᠡᠭᠡᠭᠰᠢᠯᠡᠭᠦᠯᠦᠨ᠎ᠡ᠃ ᠵᠢᠷᠭᠤᠭ᠎ᠠ᠎ᠳᠤ᠂ ᠠᠵᠢᠯ ᠲᠥᠷᠥᠯ᠎ᠤᠨ ᠵᠠᠰᠠᠯᠲᠠ᠎ᠶ᠋ᠢᠨ ᠴᠢᠳᠠᠪᠤᠷᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠦᠨ᠎ᠡ᠃ ᠲᠤᠯᠤᠭ᠎ᠠ᠎ᠳᠤ᠂ ᠵᠠᠮ ᠲᠡᠭᠡᠭᠡᠪᠦᠷᠢ᠎ᠶ᠋ᠢᠨ ᠠᠮᠤᠷ ᠲᠦᠪᠱᠢᠨ ᠲᠣᠭ᠍ᠲᠠᠭᠤᠨ᠎ᠢ ᠪᠦᠬᠦ᠌ ᠬᠦᠴᠦᠨ᠎ᠢᠶᠠᠷ᠎ᠢᠶᠠᠨ ᠪᠠᠲᠤᠯᠠᠨ᠎ᠠ᠃ ᠨᠠᠢ᠍ᠮᠠ᠎ᠳᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠭᠦᠨᠵᠡᠭᠡᠢ ᠠᠬᠢᠭᠤᠯᠤᠨ᠎ᠠ ᠃

ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠭᠡᠰᠢᠬᠦᠨ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ᠎ᠤᠨ ᠳᠠᠷᠤᠭ᠎ᠠ ᠲᠢᠶᠠᠨ ᠶᠠ ᠯᠢ ᠠᠩᠬᠠᠳᠤᠭᠠᠷ ᠤᠳᠠᠭ᠎ᠠ᠎ᠶ᠋ᠢᠨ ᠪᠦᠬᠦᠳᠡ ᠬᠤᠷᠠᠯ᠎ᠢ ᠡᠷᠬᠢᠯᠡᠪᠡ᠃ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠭᠡᠰᠢᠭᠦᠨ᠂ ᠲᠣᠭᠤᠷᠢᠨ ᠪᠠᠢᠴᠠᠭᠠᠭ᠍ᠴᠢ᠂ ᠶᠡᠷᠦᠩᠬᠡᠶ ᠢᠨᠵᠧᠨᠧᠷ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠬᠢᠨᠠᠨ ᠪᠠᠢᠴᠠᠭᠠᠬᠤ ᠵᠥᠪᠯᠡᠯ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ᠎ᠤᠨ ᠬᠤᠯᠪᠣᠭ᠍ᠳᠠᠯ ᠪᠥᠬᠦᠶ ᠨᠥᠬᠦᠳ᠂ ᠡᠯ᠎ᠡ ᠠᠢᠮᠠᠭ ᠬᠤᠲᠠ᠎ᠶ᠋ᠢᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠣᠪᠴᠢᠶ᠎ᠠ᠂ ᠲᠢᠩᠬᠢᠮ᠎ᠤᠨ ᠱᠢᠭᠤᠳ ᠬᠠᠷᠢᠶ᠎ᠠ ᠡᠯ᠎ᠡ ᠨᠢᠭᠡᠴᠢ᠎ᠶ᠋ᠢᠨ ᠭᠤᠤᠯ ᠬᠠᠷᠢᠭᠤᠴᠠᠯᠭᠠᠲᠠᠨ ᠨᠥᠬᠦᠳ ᠵᠢᠴᠢ ᠲᠤᠬᠠᠢᠯᠠᠭ᠍ᠰᠠᠨ ᠠᠵᠢᠯ᠎ᠤᠨ ᠰᠠᠯᠠᠭ᠎ᠠ ᠮᠥᠴᠢᠷ᠎ᠤᠨ ᠬᠠᠷᠢᠭᠤᠴᠠᠯᠭᠠᠲᠠᠨ ᠨᠥᠬᠦᠳ᠂ ᠲᠢᠩᠬᠢᠮ᠎ᠤᠨ ᠪᠠᠢᠭᠤᠯᠭ᠎ᠠ᠎ᠶ᠋ᠢᠨ ᠭᠠᠵᠠᠷ ᠠᠯᠪᠠᠨ ᠲᠠᠰᠤᠭ᠎ᠤᠨ ᠬᠠᠷᠢᠭᠤᠴᠠᠯᠭᠠᠲᠠᠨ ᠨᠥᠬᠦᠳ ᠪᠣᠯᠤᠨ ᠲᠢᠩᠬᠢᠮ᠎ᠤᠨ ᠪᠠᠢᠭᠤᠯᠭ᠎ᠠ᠎ᠶ᠋ᠢᠨ ᠰᠠᠬᠢᠯᠭ᠎ᠠ ᠪᠠᠲᠤ ᠪᠠᠢᠴᠠᠭᠠᠬᠤ ᠬᠤᠷᠢᠶᠠᠨ᠎ᠤ ᠱᠦᠵᠢ ᠬᠤᠷᠠᠯ᠎ᠳᠤ ᠣᠷᠣᠯᠴᠠᠵᠠᠶ᠃

ᠪᠥᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠭᠡᠱᠢᠭᠦᠨ᠂ ᠲᠢᠩᠬᠢᠮ᠎ᠤᠨ ᠤᠤᠯ᠎ᠤᠨ ᠨᠢᠭᠡᠳᠦᠭᠡᠷ ᠳᠡᠰ᠎ᠤᠨ ᠲᠣᠭᠤᠷᠢᠨ ᠪᠠᠢᠴᠠᠭᠠᠭ᠍ᠴᠢ ᠯᠢ ᠰᠢ᠂ ᠥᠪᠡᠷᠲᠡᠭᠡᠨ ᠵᠠᠰᠠᠬᠤ ᠣᠷᠣᠨ᠎ᠤ ᠱᠢᠤᠳᠠᠨ᠎ᠤ ᠬᠠᠮᠢᠶᠠᠷᠤᠯᠲᠠ᠎ᠶ᠋ᠢᠨ ᠲᠣᠪᠴᠢᠶ᠎ᠠ᠂ ᠥᠪᠥᠷ ᠮᠣᠩᠭᠤᠯ᠎ᠤᠨ ᠠᠷᠠᠳ᠎ᠤᠨ ᠠᠭᠠᠷ᠎ᠤᠨ ᠲᠡᠭᠡᠭᠡᠪᠦᠷᠢ᠎ᠶ᠋ᠢᠨ ᠨᠢᠰᠭᠡᠯ᠎ᠤᠨ ᠪᠠᠭᠤᠳᠠᠯ᠎ᠤᠨ ᠪᠦᠯᠦᠭ᠌ᠯᠡᠯ᠂ ᠥᠪᠥᠷ ᠮᠣᠩᠭᠤᠯ᠎ᠤᠨ ᠵᠠᠮ ᠬᠠᠷᠢᠯᠴᠠᠭᠠᠨ᠎ᠤ ᠪᠠᠯᠠ ᠣᠷᠣᠭᠤᠯᠤᠯᠲᠠ᠎ᠶ᠋ᠢᠨ ᠪᠦᠯᠦᠭ᠌ᠯᠡᠯ᠂ ᠥᠪᠥᠷ ᠮᠣᠩᠭᠤᠯ᠎ᠤᠨ ᠵᠠᠮ ᠬᠠᠷᠢᠯᠴᠠᠭᠠᠨ᠎ᠤ ᠪᠦᠯᠦᠭ᠌ᠯᠡᠯ᠎ᠤᠨ ᠬᠠᠷᠢᠭᠤᠴᠠᠯᠭᠠᠲᠠᠨ ᠨᠥᠬᠦᠳ ᠤᠷᠢᠯᠭ᠎ᠠ᠎ᠪᠠᠷ ᠬᠤᠷᠠᠯ᠎ᠳᠤ ᠣᠷᠣᠯᠴᠠᠵᠠᠶ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
       — ᠵᠠᠰᠠᠮᠠᠯ ᠵᠠᠮ᠎ᠤᠨ ᠲᠣᠤᠷ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠳᠡᠰ ᠳᠡᠪᠰᠢᠭᠦᠯᠬᠦ᠎ᠶᠢ ᠳᠦᠷᠭᠡᠳᠭᠡᠨ᠎ᠡ
       — ᠲᠡᠮᠦᠷ ᠵᠠᠮ᠎ᠤᠨ ᠲᠣᠤᠷ᠎ᠤᠨ ᠴᠠᠭ ᠣᠷᠤᠨ᠎ᠤ ᠪᠠᠢ᠌ᠷᠢᠰᠢᠯ᠎ᠢ ᠳᠠᠬᠢᠨ ᠴᠣᠭᠴᠠᠯᠠᠶ᠎ᠠ
ᠥᠪᠥᠷ ᠮᠣᠩᠭᠤᠯ ᠵᠠᠮ᠎ᠤᠨ ᠲᠣᠤᠷ᠎ᠤᠨ ᠣᠷᠴᠢᠨ ᠲᠣᠭᠤᠷᠢᠨ᠎ᠤ ᠺᠢᠯᠣᠮᠧᠲᠷ᠎ᠤᠨ ᠲᠠᠰ᠎ᠤᠨ ᠤᠷᠢᠳᠴᠢᠯᠠᠨ ᠰᠡᠷᠡᠮᠵᠢᠯᠡᠭᠦᠯᠬᠦ᠌ ᠱᠢᠰᠲ᠋ᠧᠮ᠎ᠢ ᠪᠠᠢᠭᠤᠯᠪᠠ
S43 ᠬᠥᠬᠡᠬᠤᠲᠠ᠎ᠶ᠋ᠢᠨ ᠨᠢᠰᠭᠡᠯ᠎ᠤᠨ ᠪᠠᠭᠤᠳᠠᠯ᠎ᠤᠨ ᠲᠦᠷᠭᠡᠨ᠎ᠤ ᠵᠠᠰᠠᠮᠠᠯ ᠵᠠᠮ ᠲᠡᠷᠭᠡ ᠨᠡᠪᠲᠡᠷᠡᠪᠡ
ᠪᠤᠭᠤᠲᠤ᠎ᠡᠴᠡ ᠢᠷᠭᠠᠢ ᠬᠦᠷᠬᠦ᠌ ᠲᠦᠷᠭᠡᠨ᠎ᠤ ᠲᠡᠮᠦᠷ ᠵᠠᠮ ᠨᠡᠪᠲᠡᠷᠡᠪᠡ! ᠬᠡᠳᠦᠨ ᠪᠦᠯᠦᠭ ᠳ᠋ᠡᠢ᠌ᠲ᠋ᠠ ᠎ᠠᠴᠠ ᠲᠠᠨ᠎ᠢ ᠳᠠᠭ᠋ᠠᠭᠤᠯᠤᠨ ᠣᠢ᠌ᠯᠠᠭ᠋ᠠᠭᠤᠯᠤᠶ᠎ᠠ
ᠪᠦᠬᠦ᠌ ᠤᠷᠤᠨ᠎ᠤ ᠬᠦᠳᠡᠭᠡ ᠲᠤᠰᠬᠤᠨ ᠮᠠᠯᠵᠢᠬᠤ ᠤᠷᠤᠨ᠎ᠤ ᠵᠠᠰᠠᠮᠠᠯ ᠵᠠᠮ᠎ᠤᠨ ᠪᠠᠷᠢᠯᠭ᠎ᠠ ᠡᠬᠢᠯᠡᠭ᠌ᠰᠡᠨ ᠤᠷᠳᠤ᠎ᠨᠢ 6603 ᠺᠢᠯᠤᠮᠧᠲᠷ᠎ᠲᠤ ᠬᠦᠷᠪᠡ
 
            