ᠣᠢᠷ᠎ᠠ᠎ᠶᠢᠨ ᠡᠳᠦᠷ᠎ᠦᠳ᠎ᠲᠦ ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠳᠤ ᠴᠠᠰᠤ ᠤᠯᠠᠨᠲᠠ ᠤᠷᠤᠵᠦ ᠂ ᠪᠥᠬᠦ᠌ ᠣᠷᠣᠨ᠎ᠤ ᠵᠠᠰᠠᠮᠠᠯ ᠵᠠᠮ᠎ᠤᠨ ᠲᠣᠤᠷ᠎ᠤᠨ ᠠᠮᠤᠷ ᠲᠦᠪᠱᠢᠨ ᠰᠠᠭᠠᠳ ᠥᠬᠡᠶ ᠨᠡᠪᠲᠡᠷᠡᠬᠦ᠌᠎ᠶ᠋ᠢ ᠪᠥᠬᠦ᠌ ᠬᠦᠴᠦᠨ᠎ᠢᠶᠠᠷ᠎ᠢᠶᠠᠨ ᠪᠠᠲᠤᠯᠠᠬᠤ᠎ᠶ᠋ᠢᠨ ᠲᠥᠯᠥᠭᠡ ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ 《ᠬᠤᠶᠠᠷ ᠨᠠᠷᠢᠨ ᠲᠠᠩᠰᠠ》 ᠪᠠᠷ ᠭᠠᠷᠳᠠᠴᠠ ᠪᠣᠯᠭᠠᠵᠤ᠂ ᠬᠦᠢᠳᠡᠨ ᠠᠭᠤᠷ ᠠᠮᠢᠰᠭᠤᠯ ᠪᠠ ᠮᠥᠰᠥ᠍ ᠴᠠᠰᠤᠨ᠎ᠤ ᠭᠠᠮᠱᠢᠭ᠎ᠢ ᠰᠡᠷᠭᠡᠢᠯᠡᠨ ᠠᠷᠭ᠋ᠠᠴᠠᠭ᠋ᠠᠬᠤ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠪᠡ᠃


ᠴᠠᠰᠤ ᠠᠷᠢᠯᠭᠠᠬᠤ ᠠᠵᠢᠯ ᠳᠤᠮᠳᠠ᠂ ᠥᠪᠥᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠰᠠᠯᠠᠭ᠎ᠠ ᠮᠥᠴᠢᠷ᠎ᠤᠳ ᠲᠦᠷᠭᠡᠨ᠎ᠦ ᠵᠠᠰᠠᠮᠠᠯ ᠵᠠᠮ᠂ ᠡᠩ᠎ᠤᠨ ᠤᠯᠤᠰ᠎ᠤᠨ ᠪᠠ ᠮᠤᠵᠢ᠎ᠶ᠋ᠢᠨ ᠭᠤᠤᠯ ᠱᠤᠭᠤᠮ᠂ ᠬᠤᠲᠠ᠎ᠶ᠋ᠢᠨ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ ᠵᠠᠰᠠᠮᠠᠯ ᠵᠠᠮ᠂ ᠡᠨᠧᠷᠭᠢ᠎ᠶ᠋ᠢᠨ ᠡᠳ᠋ ᠪᠠᠷᠠᠭᠠᠨ᠎ᠤ ᠲᠡᠭᠡᠭᠡᠪᠦᠷᠢ᠎ᠶ᠋ᠢᠨ ᠵᠠᠮ ᠵᠡᠷᠭᠡ ᠭᠤᠤᠯᠳᠠᠯᠭ᠎ᠠ᠎ᠲᠠᠢ ᠵᠠᠮ᠎ᠤᠨ ᠬᠡᠰᠡᠭ᠎ᠲᠤ ᠴᠢᠭ᠌ᠯᠡᠭᠦᠯᠦᠨ᠂ ᠴᠠᠰᠤ ᠠᠷᠢᠯᠭᠠᠬᠤ ᠮᠥᠰᠥ᠍ ᠠᠷᠢᠯᠭᠠᠬᠤ ᠠᠵᠢᠯ᠎ᠤᠨ ᠶᠠᠪᠤᠴᠠ᠎ᠶ᠋ᠢ ᠤᠯᠠᠮ ᠨᠢᠭᠡ ᠠᠯᠬᠤᠮ ᠱᠢᠯᠢᠳᠡᠭ᠌ᠵᠢᠭᠦᠯᠵᠦ᠍᠂ ᠴᠠᠰᠤ ᠬᠠᠢᠯᠤᠭᠤᠯᠤᠭ᠍ᠴᠢ ᠡᠳ᠋᠎ᠢ ᠤᠷᠢᠳᠴᠢᠯᠠᠨ ᠰᠠᠴᠤᠬᠤ᠂ ᠴᠠᠰᠤ ᠬᠠᠢᠯᠤᠭᠤᠯᠤᠭ᠍ᠴᠢ ᠡᠳ᠋᠎ᠢ ᠲᠠᠰᠤᠯᠳᠠᠭᠤᠯᠤᠨ ᠰᠠᠴᠤᠬᠤ᠂ ᠴᠠᠰᠤ ᠠᠷᠢᠯᠭᠠᠬᠤ ᠲᠡᠷᠭᠡ᠎ᠶᠢ ᠡᠭᠡᠯᠵᠢᠯᠡᠨ ᠠᠵᠢᠯᠯᠠᠭᠤᠯᠬᠤ ᠵᠡᠷᠭᠡ ᠠᠷᠭ᠎ᠠ ᠮᠠᠶᠢᠭ᠋᠎ᠢᠶᠠᠷ ᠴᠠᠭ ᠲᠤᠬᠠᠢ ᠳ᠋ᠤᠨᠢ ᠴᠠᠰᠤ᠎ᠶᠢ ᠴᠡᠪᠡᠷᠯᠡᠵᠦ ᠮᠥᠰᠥ᠎ᠶᠢ ᠠᠷᠢᠯᠭᠠᠵᠤ᠂ ᠣᠷᠳᠣ᠌ ᠬᠤᠭᠤᠴᠠᠭ᠎ᠠ᠎ᠪᠠᠷ ᠴᠠᠰᠤ ᠬᠤᠷᠠᠵᠤ ᠬᠦᠨᠳᠦ ᠨᠣᠴᠢᠲᠠᠢ ᠮᠥᠰᠥ ᠬᠥᠯᠳᠡᠬᠦ᠎ᠡᠴᠡ ᠪᠣᠯᠵᠤ ᠵᠠᠮ᠎ᠤᠨ ᠨᠢᠭᠤᠷ᠎ᠢ ᠲᠠᠰᠤᠯᠬᠤ ᠠ᠋ᠴᠠ ᠵᠠᠢᠯᠠᠰᠬᠢᠬᠦ ᠬᠡᠷᠡᠭᠲᠡᠢ᠃ 《ᠤᠷᠤᠬᠤ᠎ᠶᠢ ᠳᠠᠭ᠋ᠠᠯᠳᠤᠨ ᠴᠡᠪᠡᠷᠯᠡᠬᠦ᠂ ᠴᠡᠪᠡᠷᠯᠡᠬᠦ᠌᠎ᠶ᠋ᠢᠨ ᠳᠠᠭᠠᠤ ᠨᠡᠪᠲᠡᠷᠡᠭᠦᠯᠬᠦ᠌》 ᠶ᠋ᠢ ᠪᠠᠷᠢᠮᠲᠠᠯᠠᠵᠤ᠂ 《ᠣᠯᠠᠨ ᠲᠡᠷᠭᠡᠬᠤᠯᠪᠣᠭᠠᠯᠠᠨ ᠲᠦᠯᠬᠢᠬᠦ》᠂ 《ᠭᠠᠵᠠᠷ ᠲᠡᠭ᠌ᠰᠢᠯᠡᠬᠦ᠌ ᠮᠠᠱᠢᠨ + ᠴᠠᠰᠤ ᠲᠦᠯᠬᠢᠬᠦ᠌ ᠲᠡᠷᠭᠡ》᠂ 《ᠴᠠᠰᠤ ᠠᠷᠢᠯᠭᠠᠬᠤ ᠮᠥᠰᠥ ᠬᠠᠭᠠᠯᠬᠤ ᠲᠡᠷᠭᠡ ᠡᠮᠦᠨ᠎ᠡ ᠨᠢ ᠪᠠᠢᠬᠤ᠂ ᠴᠠᠰᠤ ᠬᠠᠢᠯᠠᠭᠤᠯᠬᠤ ᠡᠮ ᠰᠠᠴᠤᠬᠤ ᠲᠡᠷᠭᠡ ᠬᠣᠢᠨ᠎ᠠ ᠨᠢ ᠪᠠᠢᠬᠤ》 ᠂ 《ᠬᠥᠮᠥᠨ ᠨᠢ ᠠᠮᠠᠷᠠᠵᠤ ᠮᠠᠰᠢᠨ ᠥᠯᠥ ᠠᠮᠠᠷᠠᠬᠤ 》 ᠵᠡᠷᠭᠡ ᠬᠡᠯᠪᠡᠷᠢ᠎ᠶᠢ ᠬᠡᠷᠡᠭᠯᠡᠨ᠂ ᠦᠷ᠎ᠡ ᠪᠦᠲᠦᠮᠵᠢ᠎ᠶᠢ ᠬᠠᠮᠤᠭ᠎ᠤᠨ ᠶᠡᠬᠡ ᠪᠣᠯᠭᠠᠵᠤ᠂ ᠮᠥᠰᠥ ᠬᠠᠭᠠᠯᠵᠤ ᠴᠠᠰᠤ ᠠᠷᠢᠯᠭᠠᠬᠤ᠎ᠶᠢ ᠪᠠᠲᠤᠯᠠᠬᠤ᠎ᠳᠤ 《ᠨᠢᠭᠡ ᠯᠡ ᠤᠳᠠᠭ᠎ᠠ᠎ᠳᠤ ᠪᠡᠶᠡᠯᠡᠭᠦᠯᠬᠦ 》᠎ᠶᠢ ᠪᠡᠶᠡᠯᠡᠭᠦᠯᠦᠨ᠎ᠡ᠃ ᠲᠣᠮᠣ ᠬᠡᠯᠪᠡᠷᠢ᠎ᠶ᠋ᠢᠨ ᠮᠠᠱᠢᠨ ᠲᠥᠬᠦᠭᠡᠷᠦᠮᠵᠢ᠎ᠶ᠋ᠢ ᠥᠷᠨᠢᠭᠦᠯᠬᠦ᠌᠎ᠳᠤ ᠪᠡᠷᠬᠡ ᠣᠨᠴᠠᠭᠠᠶ ᠵᠠᠩᠭᠢᠯᠠᠭ᠎ᠠ᠎ᠶ᠋ᠢᠨ ᠴᠡᠭ᠎ᠲᠤ ᠴᠢᠭ᠌ᠯᠡᠭᠦᠯᠦᠨ᠂ ᠬᠥᠮᠦᠨ᠎ᠤ ᠬᠦᠴᠦ᠍᠎ᠪᠠᠷ ᠠᠵᠢᠯᠯᠠᠬᠤ᠂ ᠬᠥᠮᠦᠨ᠎ᠤ ᠣᠯᠠᠨ᠎ᠢᠶᠠᠷ ᠪᠠᠢ᠌ᠯᠳᠤᠬᠤ ᠠᠷᠭ᠎ᠠ᠎ᠶᠢ ᠬᠡᠷᠡᠭᠵᠢᠭᠦᠯᠵᠦ᠂ ᠵᠠᠮ ᠬᠠᠷᠢᠯᠴᠠᠭ᠋ᠠᠨ᠎ᠤ ᠵᠠᠬᠢᠷᠤᠨ ᠬᠠᠮᠢᠶᠠᠷᠤᠯᠲᠠ ᠵᠢ ᠬᠠᠮᠤᠭ᠎ᠤᠨ ᠶᠡᠭᠡ ᠬᠡᠮᠵᠢᠶ᠎ᠡ᠎ᠪᠠᠷ ᠪᠠᠭᠠᠰᠭᠠᠵᠤ᠂ ᠤᠯᠤᠰ᠎ᠤᠨ ᠪᠠ ᠮᠤᠵᠢ᠎ᠶ᠋ᠢᠨ ᠭᠤᠤᠯ ᠱᠤᠭᠤᠮ᠎ᠤᠨ ᠨᠠᠭᠠᠳᠤ ᠵᠠᠬ᠎ᠠ᠎ᠳᠠᠭᠠᠨ ᠨᠢᠭᠡ ᠲᠡᠷᠭᠡᠨ ᠵᠠᠮ᠎ᠢᠶᠠᠷ ᠨᠡᠪᠲᠡᠷᠡᠬᠦ᠌᠎ᠶ᠋ᠢ ᠦᠨᠡᠨ ᠬᠦ᠌ ᠪᠠᠲᠤᠯᠠᠬᠤ᠎ᠶ᠋ᠢᠨ ᠬᠠᠮᠲᠤ ᠪᠡᠯᠡᠳᠭᠡᠯ ᠲᠥᠰᠦᠯ᠎ᠤᠨ ᠱᠠᠭᠠᠷᠳᠠᠯᠭ᠎ᠠ ᠶᠣᠰᠣᠭᠠᠷ᠂ ᠠᠵᠢᠯᠲᠠᠨ᠎ᠤ ᠡᠩᠨᠡᠭᠡ᠎ᠶ᠋ᠢ ᠴᠠᠭ ᠲᠤᠬᠠᠶ᠎ᠳᠤᠨᠢ ᠵᠣᠬᠢᠶᠠᠨ ᠪᠠᠢᠭᠤᠯᠵᠤ᠂ ᠬᠠᠮᠤᠭ᠎ᠤᠨ ᠣᠬᠤᠷᠬᠠᠨ ᠬᠤᠭᠤᠴᠠᠭᠠᠨ᠎ᠳᠤ ᠴᠠᠰᠤ᠎ᠶ᠋ᠢ ᠴᠡᠪᠡᠷᠯᠡᠨ ᠮᠥᠰᠥ᠎ᠶ᠋ᠢ ᠠᠷᠢᠯᠭᠠᠬᠤ ᠠᠵᠢᠯ᠎ᠢ ᠪᠡᠶᠡᠯᠡᠭᠦᠯᠬᠦ᠌ ᠬᠡᠷᠡᠭ᠌ᠲᠡᠶ᠃

ᠳᠣᠲᠣᠭᠠᠳᠤ᠎ᠶ᠋ᠢ ᠬᠠᠮᠠᠭᠠᠯᠠᠬᠤ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠵᠠᠮ ᠬᠠᠷᠢᠯᠴᠠᠭ᠋ᠠᠨ᠎ᠤ ᠵᠠᠬᠢᠷᠤᠨ ᠬᠠᠮᠢᠶᠠᠷᠤᠯᠲᠠ ᠬᠡᠷᠡᠭᠵᠢᠭᠦᠯᠵᠦ᠂ ᠠᠯᠤᠰ ᠦᠵᠦᠭᠦᠷ᠎ᠢ ᠰᠠᠯᠭᠠᠬᠤ᠂ ᠣᠢᠷ᠎ᠠ ᠦᠵᠦᠭᠦᠷ᠎ᠢ ᠬᠠᠮᠢᠶᠠᠷᠤᠨ ᠡᠵᠡᠮᠳᠡᠬᠦ᠂ ᠲᠦᠷᠭᠡᠨ᠎ᠦ ᠵᠠᠰᠠᠮᠠᠯ ᠵᠠᠮ᠎ᠤᠨ ᠣᠷᠣᠬᠤ ᠡᠭᠦᠳᠡ᠎ᠶᠢ ᠪᠢᠲᠡᠭᠦᠮᠵᠢᠯᠡᠬᠦ ᠵᠡᠷᠭᠡ ᠠᠷᠭ᠎ᠠ ᠬᠡᠮᠵᠢᠶ᠎ᠡ᠎ᠶᠢ ᠶᠡᠷᠦᠩᠬᠡᠢᠯᠡᠨ ᠠᠪᠴᠤ ᠵᠠᠮ ᠬᠠᠷᠢᠯᠴᠠᠭᠠᠨ᠎ᠤ ᠵᠣᠬᠢᠶᠠᠨ ᠪᠠᠢᠭᠤᠯᠤᠯᠲᠠ᠎ᠶᠢ ᠰᠢᠯᠢᠳᠡᠭᠵᠢᠭᠦᠯᠦᠨ᠎ᠡ᠂ ᠭᠡᠨᠡᠳᠲᠡ᠎ᠶᠢᠨ ᠬᠡᠷᠡᠭ᠂ ᠮᠠᠭᠤ ᠴᠠᠭ ᠠᠭᠤᠷ ᠲᠣᠬᠢᠶᠠᠯᠳᠤᠪᠠᠯ᠂ ᠳᠣᠲᠣᠭᠠᠳᠤ᠎ᠶ᠋ᠢ ᠬᠠᠮᠠᠭᠠᠯᠠᠬᠤ ᠰᠠᠯᠠᠭ᠎ᠠ ᠮᠥᠴᠢᠷ᠎ᠲᠠᠢ ᠬᠠᠮᠲᠤᠷᠠᠨ ᠲᠠᠰ ᠳᠡᠪᠱᠢᠭᠦᠯᠦᠨ ᠬᠠᠮᠢᠶᠠᠷᠤᠨ ᠡᠵᠡᠮᠳᠡᠬᠦ᠌ ᠵᠡᠷᠭᠡ ᠠᠷᠭ᠎ᠠ ᠬᠡᠮᠵᠢᠶ᠎ᠡ ᠠᠪᠴᠦ᠂ ᠴᠠᠭ ᠲᠤᠬᠠᠢ ᠳ᠋ᠤᠨᠢ ᠬᠦᠢᠲᠡᠨ ᠮᠥᠰᠥ ᠴᠠᠰᠤᠨ᠎ᠤ ᠪᠠᠴᠢᠮ ᠪᠠᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠯ ᠶᠣᠰᠣᠭᠠᠷ᠂ 《ᠨᠢᠭᠡ ᠵᠠᠮ ᠣᠯᠠᠨ ᠲᠠᠯ᠎ᠠ》 ᠶ᠋ᠢᠨ ᠠᠵᠢᠯ᠎ᠤᠨ ᠲᠣᠭ᠍ᠲᠠᠴᠠ᠎ᠶ᠋ᠢ ᠭᠦᠢᠴᠡᠳ ᠪᠠᠳᠠᠷᠠᠭᠤᠯᠵᠤ᠂ ᠰᠠᠨᠠᠭᠠᠴᠢᠯᠠᠭ᠎ᠠ᠎ᠠᠴᠠ᠎ᠪᠠᠨ ᠡᠷᠢᠵᠦ᠍ ᠠᠪᠤᠷᠠᠨ ᠲᠤᠰᠠᠯᠠᠬᠤ᠂ ᠬᠠᠱᠢᠭ᠍ᠳᠠᠭ᠍ᠰᠠᠨ ᠲᠡᠷᠭᠡ ᠬᠥᠰᠭᠡ᠎ᠶ᠋ᠢ ᠠᠪᠤᠷᠠᠨ ᠲᠤᠰᠠᠯᠠᠵᠤ᠂ ᠠᠷᠠᠳ ᠣᠯᠠᠨ᠎ᠤ ᠶᠠᠪᠤᠵᠤ ᠰᠠᠭᠤᠬᠤ ᠠᠮᠤᠷ ᠲᠦᠪᠱᠢᠨ᠎ᠢ ᠦᠨᠡᠨ ᠬᠦ᠌ ᠪᠠᠲᠤᠯᠠᠨ᠎ᠠ᠃

ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠤᠨ ᠪᠦᠷᠢᠳᠭᠡᠯ᠎ᠢ ᠦᠨᠳᠦᠰᠦᠯᠡᠪᠡᠯ᠂ 2026 ᠣᠨ᠎ᠤ 1 ᠳ᠋ᠦ᠍ᠭᠡᠷ ᠰᠠᠷ᠎ᠠ᠎ᠶ᠋ᠢᠨ 18 ᠤ ᠡᠳᠦᠷ᠎ᠤᠨ 9 ᠴᠠᠭ ᠪᠣᠯᠲᠠᠯ᠎ᠠ᠂ ᠪᠥᠬᠦ᠌ ᠣᠷᠣᠨ᠎ᠳᠤ ᠠᠷᠠᠴᠢᠯᠠᠨ ᠬᠠᠮᠠᠭᠠᠯᠠᠬᠤ ᠠᠵᠢᠯ᠎ᠤᠨ ᠡᠩᠨᠡᠭᠡ ᠶᠢ ᠨᠡᠢᠲᠡ 223 ᠰᠠᠯᠪᠤᠷᠢ᠂ 1820 ᠬᠥᠮᠦᠨ ᠤᠳᠠᠭ᠎ᠠ᠂ ᠴᠠᠰᠤ ᠠᠷᠢᠯᠭᠠᠬᠤ ᠲᠥᠬᠦᠭᠡᠷᠦᠮᠵᠢ ᠶᠢ 857/ ᠰᠠᠭᠤᠷᠢ᠂ ᠴᠠᠰᠤ ᠬᠠᠢᠯᠠᠭᠤᠯᠬᠤ ᠡᠳ᠋ ᠢ 1198.5 ᠲᠣᠨ᠂ ᠭᠤᠯᠭᠤᠬᠤ᠎ᠠᠴᠠ ᠰᠡᠷᠭᠡᠢᠯᠡᠬᠦ᠌ ᠮᠠᠲ᠋ᠧᠷᠢᠶᠠᠯ ᠢ 391.3 ᠪᠣᠰᠤᠭ᠎ᠠ ᠳᠥᠷᠪᠡᠯᠵᠢᠨ ᠮᠧᠲᠷ ᠣᠷᠤᠭᠤᠯᠵᠤ᠂ ᠴᠠᠰᠤ᠎ᠶᠢ ᠡᠭᠡᠯᠵᠢᠯᠡᠨ ᠴᠡᠪᠡᠷᠯᠡᠭᠰᠡᠨ ᠵᠠᠮ᠎ᠤᠨ ᠣᠷᠳᠣ᠌ ᠨᠢ 2.8 ᠲᠦᠮᠡᠨ ᠺᠢᠯᠣᠮᠧᠲᠷ᠎ᠲᠦ ᠬᠥᠷᠪᠡ᠃