ᠡᠪᠦᠯ᠎ᠦᠨ ᠴᠠᠭ᠎ᠲᠤ ᠭᠠᠳᠠᠭ᠍ᠰᠢ ᠭᠠᠷᠬᠤ᠎ᠳᠤ ᠴᠠᠰᠤ ᠣᠷᠣᠬᠤ ᠠ᠋ᠴᠠ ᠬᠠᠮᠤᠭ ᠠ᠋ᠴᠠ ᠠᠶᠤᠳᠠᠭ᠂ ᠵᠠᠮ ᠳᠡᠭᠡᠷ᠎ᠡ ᠮᠥᠰᠥ ᠬᠦᠯᠳᠡᠬᠦ ᠨᠢ ᠵᠠᠮ ᠬᠠᠷᠢᠯᠴᠠᠭᠠᠨ᠎ᠤ ᠠᠮᠤᠷ ᠲᠦᠪᠰᠢᠨ ᠢ᠋ ᠶᠡᠬᠡᠪᠡᠷ ᠨᠥᠯᠥᠭᠡᠯᠡᠳᠡᠭ᠃ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠱᠢᠨᠵᠢᠯᠡᠬᠦ᠌ ᠤᠬᠠᠭᠠᠨᠴᠢ ᠬᠥᠭ᠌ᠵᠢᠯᠲᠡ᠎ᠶ᠋ᠢᠨ ᠰᠤᠳᠤᠯᠭᠠᠨ᠎ᠤ ᠬᠦᠷᠢᠶᠡᠯᠡᠩ᠎ᠨᠢ 《ᠵᠠᠰᠠᠮᠠᠯ ᠵᠠᠮ᠎ᠤᠨ ᠵᠠᠮ᠎ᠤᠨ ᠭᠠᠳᠠᠷᠭᠤ ᠳᠡᠭᠡᠷ᠎ᠡ ᠮᠥᠰᠥ ᠬᠥᠯᠳᠡᠬᠦ᠌᠎ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠵᠢᠴᠢ ᠰᠠᠨᠠᠭᠠᠴᠢᠯᠠᠭ᠎ᠠ᠎ᠠᠴᠠ᠎ᠪᠠᠨ ᠮᠥᠰᠥ ᠴᠠᠰᠤ ᠬᠠᠢ᠌ᠯᠤᠭᠤᠯᠬᠤ ᠵᠠᠩᠭᠢᠯᠠᠭ᠎ᠠ᠎ᠶᠢᠨ ᠮᠡᠷᠭᠡᠵᠢᠯ᠎ᠢ ᠰᠤᠳᠤᠯᠤᠨ ᠨᠡᠭᠡᠭᠡᠬᠦ ᠪᠠ ᠬᠡᠷᠡᠭᠯᠡᠬᠦ 》 ᠲᠥᠷᠥᠯ ᠵᠦᠢᠯ᠎ᠢ ᠡᠷᠭᠢᠯᠡᠨ ᠪᠡᠶᠡᠯᠡᠭᠦᠯᠵᠦ᠍᠂ ᠬᠦᠢᠲᠡᠨ ᠣᠷᠣᠨ᠎ᠤ ᠵᠠᠰᠠᠮᠠᠯ ᠵᠠᠮ᠎ᠤᠨ ᠨᠡᠪᠲᠡᠷᠡᠬᠦ᠌ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠳᠤ ᠵᠠᠩᠭᠢᠯᠠᠭ᠎ᠠ᠎ᠶ᠋ᠢᠨ ᠮᠡᠷᠭᠡᠵᠢᠯ᠎ᠤᠨ ᠲᠤᠯᠭᠠᠭᠤᠷᠢᠯᠠᠯ ᠬᠠᠩᠭᠠᠵᠤ᠂ 2024 ᠣᠨ᠎ᠤ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠤᠨ ᠳᠠᠪᠱᠢᠯᠲᠠ᠎ᠶ᠋ᠢᠨ ᠨᠢᠭᠡᠳᠦᠭᠡᠷ ᠳᠡᠰ᠎ᠤᠨ ᠱᠠᠩᠨᠠᠯ ᠢ ᠭᠥᠷᠳᠡᠪᠡ᠃

ᠳ᠋ᠦᠩ ᠶᠧ ᠥᠪᠥᠷ ᠮᠣᠩᠭᠤᠯ᠎ᠤᠨ ᠬᠣᠷᠢᠶ᠎ᠠ᠎ᠶᠢᠨ ᠰᠤᠷᠪᠤᠯᠵᠢᠯᠠᠭ᠍ᠴᠢ ᠮᠢᠨᠦ᠍ ᠬᠠᠵᠠᠭᠤ᠎ᠳᠠᠬᠢ ᠪᠣᠯ 《ᠮᠢᠨᠦ᠋ᠲ᠎ᠤᠨ ᠲᠠᠰ᠎ᠤᠨ ᠤᠷᠢᠳᠴᠢᠯᠠᠨ ᠮᠡᠳᠡᠭᠡᠯᠡᠬᠦ᠂ ᠺᠢᠯᠣᠮᠧᠲᠷ᠎ᠤᠨ ᠲᠠᠰ᠎ᠤᠨ ᠤᠷᠢᠳᠴᠢᠯᠠᠨ ᠰᠡᠷᠡᠮᠵᠢᠯᠡᠭᠦᠯᠬᠦ᠌》 ᠶ᠋ᠢ ᠪᠡᠶᠡᠯᠡᠭᠦᠯᠵᠦ᠍ ᠴᠢᠳᠠᠬᠤ ᠵᠠᠰᠠᠮᠠᠯ ᠵᠠᠮ᠎ᠤᠨ ᠮᠥᠰᠥ᠍ ᠴᠠᠰᠤ᠎ᠶᠢ ᠰᠠᠨᠠᠭᠠᠴᠢᠯᠠᠭ᠎ᠠ᠎ᠠᠴᠠ᠎ᠪᠠᠨ ᠬᠠᠢ᠌ᠯᠤᠭᠤᠯᠵᠤ ᠤᠷᠢᠳᠴᠢᠯᠠᠨ ᠰᠡᠷᠡᠮᠵᠢᠯᠡᠭᠦᠯᠬᠦ᠌ ᠪᠠ ᠱᠢᠢᠳᠪᠦᠷᠢᠯᠡᠬᠦ᠌ ᠲᠠᠪᠴᠠᠩ ᠪᠣᠯᠣᠨ᠎ᠠ᠃ ᠡᠨᠡ ᠬᠦ᠌ ᠲᠠᠪᠴᠠᠩ ᠳᠡᠭᠡᠷ᠎ᠡ ᠪᠢᠳᠡ ᠬᠠᠮᠢᠶ᠎ᠠ ᠪᠥᠬᠦᠶ ᠵᠠᠮ᠎ᠤᠨ ᠬᠡᠰᠡᠭ᠎ᠤᠨ ᠴᠠᠭ ᠠᠭᠤᠷ᠎ᠤᠨ ᠣᠷᠴᠢᠨ ᠲᠣᠭᠤᠷᠢᠨ᠎ᠤ ᠳ᠋ᠠᠢ᠌ᠲ᠋ᠠ ᠪᠠ ᠵᠠᠮ᠎ᠤᠨ ᠭᠠᠳᠠᠷᠭᠤ᠎ᠶ᠋ᠢᠨ ᠪᠠᠢᠳᠠᠯ᠎ᠢ ᠬᠢᠨᠠᠨ ᠬᠡᠮᠵᠢᠭ᠌ᠰᠡᠨ ᠮᠡᠳᠡᠭᠡ ᠵᠠᠩᠭᠢ᠎ᠶ᠋ᠢ ᠴᠠᠭ ᠲᠤᠬᠠᠶ᠎ᠳᠤ ᠨᠢ ᠣᠯᠵᠤ ᠬᠠᠷᠠᠨ᠎ᠠ᠂ ᠵᠠᠮ᠎ᠤᠨ ᠭᠠᠳᠠᠷᠭᠤ ᠮᠥᠰᠥ ᠬᠥᠯᠳᠡᠬᠦ ᠠᠶᠤᠯ ᠲᠦᠭ᠌ᠰᠢᠭᠦᠷᠢ ᠨᠢ ᠤᠷᠢᠳᠴᠢᠯᠠᠨ ᠲᠣᠬᠢᠷᠠᠭᠤᠯᠤᠭ᠍ᠰᠠᠨ ᠵᠠᠭᠠᠭ ᠬᠡᠮᠵᠢᠭ᠌ᠳᠡᠯ᠎ᠳᠤ ᠬᠦᠷᠦᠭᠰᠡᠨ᠎ᠢ ᠣᠯᠵᠦ ᠮᠡᠳᠡᠪᠡᠯ᠂ ᠲᠠᠪᠴᠠᠩ᠎ᠨᠢ ᠠᠦ᠋ᠲ᠋ᠣ᠋᠎ᠪᠠᠷ ᠤᠷᠢᠳᠴᠢᠯᠠᠨ ᠰᠡᠷᠡᠮᠵᠢᠯᠡᠭᠦᠯᠬᠦ᠌ ᠪᠠ ᠮᠥᠰᠥ ᠬᠥᠯᠳᠡᠬᠦ ᠠᠦ᠋ᠲ᠋ᠣ᠋ ᠱᠢᠢᠳᠪᠦᠷᠢᠯᠡᠬᠦ᠌ ᠱᠢᠰᠲ᠋ᠧᠮ᠎ᠢ ᠡᠬᠢᠯᠡᠭᠦᠯᠵᠦ᠍᠂ ᠵᠠᠮ᠎ᠤᠨ ᠭᠠᠳᠠᠷᠭᠤ᠎ᠳᠤ ᠣᠶᠤᠨᠴᠢ᠎ᠪᠠᠷ ᠱᠢᠩᠭᠡᠨ ᠪᠡᠶᠡᠲᠦ᠍ ᠴᠠᠰᠤ ᠬᠠᠢᠯᠤᠭᠤᠯᠤᠭ᠍ᠴᠢ ᠡᠳ᠋ ᠰᠠᠴᠤᠵᠤ᠂ ᠵᠠᠮ᠎ᠤᠨ ᠭᠠᠳᠠᠷᠭᠤ᠎ᠳᠤ ᠢᠮᠠᠭ᠍ᠲᠠ ᠬᠤᠷᠠᠭ᠍ᠰᠠᠨ ᠴᠠᠰᠤ ᠪᠠᠢᠬᠤ ᠥᠬᠡᠶ᠂ ᠮᠥᠰᠥ᠍ ᠬᠥᠯᠳᠡᠬᠦ᠌ ᠥᠬᠡᠶ ᠪᠠᠢᠬᠤ᠎ᠶ᠋ᠢ ᠪᠠᠲᠤᠯᠠᠵᠤ ᠴᠢᠳᠠᠨ᠎ᠠ᠃

ᠲᠥᠷᠥᠯ ᠵᠦᠢᠯ᠎ᠤᠨ ᠪᠦᠯᠬᠦᠮ᠎ᠨᠢ ᠥᠪᠥᠷ ᠮᠣᠩᠭᠤᠯ᠎ᠤᠨ ᠠᠭᠤᠷ ᠠᠮᠢᠰᠭᠤᠯ᠎ᠤᠨ ᠣᠨᠴᠠᠯᠢᠭ᠎ᠢ ᠦᠨᠳᠦᠰᠦᠯᠡᠨ᠂ ᠮᠥᠰᠥ᠍ ᠴᠠᠰᠤ ᠬᠠᠢ᠌ᠯᠤᠭᠤᠯᠬᠤ ᠶᠡᠷᠦᠩᠬᠡᠢᠯᠡᠭ᠌ᠰᠡᠨ ᠬᠡᠷᠡᠭ᠌ᠯᠡᠭᠡᠨ᠎ᠤ ᠲᠠᠪᠴᠠᠩ᠎ᠢ ᠰᠠᠨᠠᠭᠠᠴᠢᠯᠠᠭ᠎ᠠ᠎ᠠᠴᠠ᠎ᠪᠠᠨ ᠨᠡᠭᠡᠭᠡᠵᠦ᠂ ᠲᠣᠰ ᠱᠢᠰᠲ᠋ᠧᠮ᠎ᠨᠢ ᠵᠠᠮ᠎ᠦᠨ ᠭᠠᠳᠠᠷᠭᠤ᠎ᠳᠤ ᠪᠣᠯᠠᠵᠦ ᠲᠠᠯᠪᠢᠭᠰᠠᠨ ᠨᠥᠯᠦᠭᠡᠯᠡᠬᠦᠷ ᠵᠢᠴᠢ ᠵᠠᠮ ᠳᠠᠭᠠᠤ ᠪᠠᠢᠷᠢᠯᠠᠭᠤᠯᠤᠭ᠍ᠰᠠᠨ ᠪᠢᠴᠢᠯ ᠴᠠᠭ ᠠᠭᠤᠷ᠎ᠤᠨ ᠥᠷᠲᠡᠭᠡ᠎ᠪᠠᠷ ᠳᠠᠮᠵᠢᠭᠤᠯᠵᠤ᠂ ᠴᠠᠭ ᠲᠤᠬᠠᠢ ᠳ᠋ᠤᠨᠢ ᠵᠠᠮ᠎ᠤᠨ ᠪᠠᠢᠳᠠᠯ᠎ᠢ ᠴᠤᠭᠯᠠᠭᠤᠯᠬᠤ ᠪᠠ ᠴᠠᠭ ᠠᠭᠤᠷ᠎ᠤᠨ ᠲᠣᠭ᠎ᠠ ᠪᠠᠷᠢᠮᠲᠠ᠎ᠶᠢ ᠵᠠᠳᠠᠯᠤᠯᠲᠠ᠎ᠶᠢᠨ ᠲᠠᠪᠴᠠᠩ᠎ᠳᠤ ᠳᠠᠮᠵᠢᠭᠤᠯᠵᠤ᠂ ᠵᠠᠮ ᠬᠠᠷᠢᠯᠴᠠᠭᠠᠨ᠎ᠤ ᠴᠠᠭ ᠠᠭᠤᠷ ᠬᠢᠭᠡᠳ ᠮᠥᠰᠥ᠍ ᠬᠥᠯᠳᠡᠬᠦ ᠲᠦᠭ᠌ᠰᠢᠭᠦᠷᠢ᠎ᠶ᠋ᠢ ᠬᠥᠳᠡᠯᠦᠩᠭᠦᠶ᠎ᠪᠠᠷ ᠰᠤᠳᠤᠯᠤᠨ ᠮᠠᠭᠠᠳᠯᠠᠬᠤ᠎ᠶ᠋ᠢ ᠪᠡᠶᠡᠯᠡᠭᠦᠯᠵᠦ᠍᠂ 《ᠬᠡᠷᠡᠭ᠎ᠤᠨ ᠳᠠᠷᠠᠭ᠎ᠠ ᠱᠢᠢᠳᠪᠦᠷᠢᠯᠡᠬᠦ᠌》᠎ᠠᠴᠠ 《ᠬᠡᠷᠡᠭ᠎ᠦᠨ ᠡᠮᠦᠨ᠎ᠡ ᠤᠷᠢᠳᠴᠢᠯᠠᠨ ᠰᠡᠷᠡᠮᠵᠢᠯᠡᠭᠦᠯᠬᠦ + ᠰᠠᠨᠠᠭᠠᠴᠢᠯᠠᠭ᠎ᠠ᠎ᠠᠴᠠ᠎ᠪᠠᠨ ᠭᠠᠷ ᠲᠦᠷᠦᠭᠦ》 ᠬᠦᠷᠲᠡᠯᠡᠬᠢ ᠵᠠᠭ᠍ᠪᠤᠷ᠎ᠤᠨ ᠬᠤᠪᠢᠷᠠᠯᠲᠠ᠎ᠶ᠋ᠢ ᠪᠡᠶᠡᠯᠡᠭᠦᠯᠪᠡ᠃ ᠲᠣᠰ ᠲᠠᠪᠴᠠᠩ᠎ᠢᠶᠠᠷ ᠳᠡᠮᠵᠢᠨ᠂ ᠮᠥᠰᠥ᠍ ᠬᠥᠯᠳᠡᠬᠦ᠌ ᠤᠷᠢᠳᠴᠢᠯᠠᠨ ᠰᠡᠷᠡᠮᠵᠢᠯᠡᠭᠦᠯᠬᠦ᠌ ᠣᠨᠣᠪᠴᠢ᠎ᠶ᠋ᠢᠨ ᠨᠣᠷᠮ᠎ᠠ᠎ᠶ᠋ᠢ 80.7%᠎ᠪᠠᠷ ᠳᠡᠭᠡᠭ᠌ᠰᠢᠯᠡᠭᠦᠯᠵᠦ᠍᠂ ᠱᠢᠢᠳᠪᠦᠷᠢᠯᠡᠭ᠌ᠰᠡᠨ ᠦᠷ᠎ᠡ ᠪᠦᠲᠦᠮᠵᠢ᠎ᠶ᠋ᠢ 50%᠎ᠪᠠᠷ ᠳᠡᠭᠡᠭ᠌ᠰᠢᠯᠡᠭᠦᠯᠪᠡ᠃

ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠱᠢᠨᠵᠢᠯᠡᠬᠦ᠌ ᠤᠬᠠᠭᠠᠨᠴᠢ ᠬᠥᠭ᠌ᠵᠢᠯᠲᠡ᠎ᠶ᠋ᠢᠨ ᠰᠤᠳᠤᠯᠭᠠᠨ᠎ᠤ ᠬᠦᠷᠢᠶᠡᠯᠡᠩ᠎ᠤᠨ ᠳᠡᠭᠡᠳᠦ ᠵᠡᠷᠭᠡ᠎ᠶ᠋ᠢᠨ ᠢᠨᠵᠧᠨᠧᠷ ᠯᠢᠦ ᠵᠧᠨ ᠵᠧᠩ ᠲᠦᠷᠭᠡᠨ᠎ᠦ ᠵᠠᠰᠠᠮᠠᠯ ᠵᠠᠮ᠂ ᠴᠠᠩ ᠳ᠋ᠠ ᠬᠥᠭᠦᠷᠭᠡ᠂ ᠨᠦᠬᠡᠨ ᠵᠠᠮ᠎ᠤᠨ ᠣᠷᠣᠵᠤ ᠭᠠᠷᠬᠤ ᠭᠠᠵᠠᠷ ᠵᠡᠷᠭᠡ ᠠᠮᠠᠷᠬᠠᠨ ᠬᠥᠯᠳᠡᠳᠡᠭ ᠵᠠᠮ᠎ᠤᠨ ᠬᠡᠰᠡᠭ᠎ᠲᠦ ( ᠵᠠᠮ ) ᠮᠥᠰᠥ ᠬᠥᠯᠳᠡᠬᠦ᠎ᠶᠢ ᠤᠷᠢᠳᠴᠢᠯᠠᠨ ᠰᠡᠷᠡᠮᠵᠢᠯᠡᠭᠦᠯᠬᠦ ᠵᠢᠴᠢ ᠠᠦ᠋ᠲ᠋ᠣᠴᠢᠯᠠᠭᠰᠠᠨ ᠰᠢᠢᠳᠪᠦᠷᠢᠯᠡᠬᠦ ᠰᠢᠰᠲᠧᠮ᠎ᠢ ᠪᠠᠢᠷᠢᠯᠠᠭᠤᠯᠵᠤ᠂ ᠳᠤᠮᠳᠠ ᠵᠡᠷᠭᠡ᠎ᠶᠢᠨ ᠴᠠᠰᠤ᠎ᠠᠴᠠ ᠳᠣᠷᠣᠭ᠍ᠰᠢᠬᠢ ᠴᠠᠭ ᠠᠭᠤᠷ᠎ᠢ ᠠᠦ᠋ᠲ᠋ᠣᠴᠢᠯᠠᠨ ᠱᠢᠢᠳᠪᠦᠷᠢᠯᠡᠬᠦ᠌᠎ᠶ᠋ᠢ ᠪᠡᠶᠡᠯᠡᠭᠦᠯᠵᠦ᠍᠂ ᠶᠡᠬᠡ ᠴᠠᠰᠤ᠎ᠲᠠᠢ ᠡᠳᠦᠷ᠎ᠡᠴᠡ ᠡᠮᠦᠨ᠎ᠡ ᠤᠷᠢᠳᠴᠢᠯᠠᠨ ᠰᠦᠷᠴᠢᠵᠦ᠂ ᠬᠤᠷᠠᠭᠰᠠᠨ ᠴᠠᠰᠤ᠎ᠶᠢ ᠥᠨᠳᠥᠷ ᠪᠦᠲᠦᠮᠵᠢᠲᠡᠶ᠎ᠪᠡᠷ ᠴᠡᠪᠡᠷᠯᠡᠨ ᠠᠷᠢᠯᠭᠠᠬᠤ ᠪᠠ ᠵᠠᠮ ᠨᠡᠪᠲᠡᠷᠡᠯᠭᠡ᠎ᠶᠢᠨ ᠠᠮᠤᠷ ᠲᠦᠪᠰᠢᠨ᠎ᠢ ᠪᠠᠲᠤᠯᠠᠨ᠎ᠠ᠃

ᠲᠥᠷᠥᠯ ᠵᠦᠢᠯ᠎ᠤᠨ ᠰᠤᠳᠤᠯᠭᠠᠨ᠎ᠤ ᠦᠷ᠎ᠡ ᠪᠦᠲᠦᠭᠡᠯ᠎ᠨᠢ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠠᠮᠤᠨ ᠪᠠ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠳᠡᠯᠭᠡᠷᠡᠭᠦᠯᠬᠦ᠌ ᠭᠠᠷᠴᠠᠭ᠎ᠲᠤ ᠠᠮᠵᠢᠯᠲᠠ᠎ᠲᠠᠢ ᠰᠣᠩᠭᠤᠭ᠍ᠳᠠᠵᠤ᠂ ᠤᠷᠢᠳ ᠬᠤᠵᠢᠳ G6 ᠪᠡᠭᠡᠵᠢᠩ᠎ᠠᠴᠠ ᠲᠥᠪᠡᠳ ᠬᠦᠷᠬᠦ ᠲᠦᠷᠭᠡᠨ᠎ᠦ ᠵᠠᠰᠠᠮᠠᠯ ᠵᠠᠮ ᠵᠢᠨᠢᠩ᠎ᠠᠴᠠ ᠬᠥᠬᠡᠬᠤᠲᠠ ᠬᠦᠷᠬᠦ᠌ ᠬᠡᠰᠡᠭ ᠵᠡᠷᠭᠡ ᠥᠪᠡᠷᠲᠡᠭᠡᠨ ᠵᠠᠰᠠᠬᠤ ᠣᠷᠣᠨ᠎ᠤ 15 ᠵᠠᠰᠠᠮᠠᠯ ᠵᠠᠮ᠎ᠤᠨ ᠲᠥᠷᠥᠯ ᠵᠦᠢ᠍ᠯ ᠪᠠ ᠪᠤᠰᠤᠳ 9 ᠮᠤᠵᠢ (ᠬᠤᠲᠠ) ᠳᠦ ᠳᠡᠯᠭᠡᠷᠡᠭᠦᠯᠦᠨ ᠬᠡᠷᠡᠭ᠌ᠯᠡᠵᠦ᠍᠂ ᠵᠠᠮ ᠬᠠᠷᠢᠯᠴᠠᠭᠠᠨ᠎ᠤ ᠠᠳᠡᠯ ᠭᠠᠷᠬᠤ ᠨᠣᠷᠮ᠎ᠠ᠎ᠶ᠋ᠢ ᠪᠦᠲᠦᠮᠵᠢᠲᠡᠶ ᠪᠠᠭᠤᠷᠠᠭᠤᠯᠪᠠ᠃

ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠱᠢᠨᠵᠢᠯᠡᠬᠦ᠌ ᠤᠬᠠᠭᠠᠨᠴᠢ ᠬᠥᠭ᠌ᠵᠢᠯᠲᠡ᠎ᠶ᠋ᠢᠨ ᠰᠤᠳᠤᠯᠭᠠᠨ᠎ᠤ ᠬᠦᠷᠢᠶᠡᠯᠡᠩ᠎ᠤᠨ ᠳᠡᠳ᠋ ᠳᠠᠷᠤᠭ᠎ᠠ ᠾᠧᠦ ᠬᠦᠶ ᠲᠠᠷᠠᠭᠠᠴᠢ᠎ᠶ᠋ᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭᠠᠨ᠎ᠤ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ᠎ᠬᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠴᠦᠨ᠎ᠢᠶᠠᠨ ᠦᠷᠭᠦᠯᠵᠢᠯᠡᠨ ᠴᠢᠩᠭᠠᠳᠭᠠᠵᠤ᠂ ᠱᠢᠰᠲ᠋ᠧᠮ᠎ᠤᠨ ᠮᠡᠷᠭᠡᠵᠢᠯ᠎ᠤᠨ ᠳᠠᠪᠬᠤᠴᠠᠯ ᠪᠠ ᠳᠡᠯᠭᠡᠷᠡᠭᠦᠯᠦᠨ ᠬᠡᠷᠡᠭ᠌ᠯᠡᠬᠦ᠌᠎ᠶ᠋ᠢ ᠭᠦᠨᠵᠡᠭᠡᠢᠷᠡᠭᠦᠯᠵᠦ᠍᠂ ᠨᠠᠩ ᠥᠷᠭᠡᠨ᠂ ᠨᠠᠩ ᠣᠨᠣᠪᠴᠢᠲᠠᠢ᠎ᠪᠠᠷ ᠮᠥᠰᠥ᠍ ᠬᠥᠯᠳᠡᠬᠦ᠎ᠶᠢ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠲᠣᠤᠷ᠎ᠢ ᠬᠦᠴᠦᠯᠡᠨ ᠪᠠᠢᠭᠤᠯᠤᠨ᠎ᠠ ᠭᠡᠪᠡ᠃